ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠢᠩᠭ᠋ᠠᠨ ᠠᠢ᠌ᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠦᠷᠲᠡᠭᠡ ᠳᠤᠰᠠᠯᠠᠮᠵᠢ ᠵᠢᠨ ᠪᠠᠢ᠌ᠭᠤᠯᠤᠮᠵᠢ ᠵᠢᠨ 〈〈ᠴᠢᠯᠤᠭᠡᠲᠤ ᠠ᠋ᠳᠤᠷ〉〉᠎ᠤᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄ 2019-06-26

           

     6 ᠳ᠋ᠤᠭ᠋ᠠᠷ ᠰᠠᠷ᠎ᠠ ᠵᠢᠨ 19᠎ᠤ ᠠ᠋ᠳᠤᠷ ᠬᠢᠩᠭ᠋ᠠᠨ ᠠᠢ᠌ᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠦᠷᠲᠡᠭᠡ 〈〈ᠶᠡᠬᠡ ᠬᠠᠢ᠌ᠷ᠎ᠠ ᠵᠢ ᠠ᠋ᠷᠢᠨ ᠰᠤᠷᠠᠵᠤ᠂ ᠬᠠᠯᠭᠤᠨ ᠲᠣᠳᠣᠨᠤ ᠬᠠᠷᠢᠬᠤ〉〉᠎ᠪᠠᠷ ᠭᠣᠣᠯ ᠰᠡᠳᠤᠪ ᠪᠣᠯᠭ᠋ᠠᠭᠰᠠᠨ ᠪᠦᠬᠦ ᠤᠯᠤᠰ᠎ᠤᠨ ᠳᠣᠯᠣᠭ᠋ᠠᠳᠠᠬᠢ ᠳᠤᠰᠠᠯᠠᠮᠵᠢ ᠵᠢᠨ ᠪᠠᠢ᠌ᠭᠤᠯᠤᠮᠵᠢ ᠵᠢᠨ 〈〈ᠴᠢᠯᠣᠭᠡᠲᠤ ᠠ᠋ᠳᠤᠷ〉〉᠎ᠤᠨ ᠠᠵᠢᠯᠯᠠᠭ᠎ᠠ ᠦᠷᠨᠢᠭᠦᠯᠵᠠᠢ᠃ ᠬᠣᠲᠠ ᠵᠢᠨ ᠡᠯ᠎ᠡ ᠱᠠᠲᠤᠨ᠎ᠤ ᠠᠷᠠᠳ᠎ᠤᠨ ᠶᠡᠬᠡ ᠬᠤᠷᠠᠯ᠎ᠤᠨ ᠲᠦᠯᠣᠭᠡᠯᠡᠭᠴᠢ᠂ ᠤᠯᠤᠰ ᠲᠦᠷᠤ ᠵᠢᠨ ᠵᠦᠪᠯᠡᠯᠭᠡᠨ᠎ᠤ ᠭᠡᠰᠢᠭᠦᠨ᠂ ᠠᠷᠠᠳ᠎ᠤᠨ ᠶᠠᠪᠤᠳᠠᠯ᠂ ᠠ᠋ᠮᠡᠭᠲᠡᠢ᠌ᠴᠤᠳ᠎ᠤᠨ ᠬᠣᠯᠪᠣᠭ᠎ᠠ᠂ ᠡᠪᠯᠡᠯ᠎ᠤᠨ ᠬᠣᠷᠢᠶᠠᠨ᠎ᠤ ᠬᠠᠷᠢᠭᠤᠴᠠᠯᠭ᠋ᠠᠲᠠᠨ᠂ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠲᠠᠨ᠂ ᠬᠠᠢ᠌ᠷ᠎ᠠ ᠰᠡᠳᠬᠢᠯᠲᠤ ᠠᠵᠤ ᠠᠬᠤᠢ᠌ᠯᠠᠯ᠎ᠤᠨ ᠠᠵᠢᠯᠲᠠᠨ᠂ ᠰᠠᠢ᠌ᠨ ᠳᠤᠷᠠᠴᠤᠤᠯ ᠵᠢᠴᠢ ᠬᠠᠯᠠᠭᠤᠨ ᠰᠡᠳᠬᠢᠯ᠎ᠲᠠᠢ ᠬᠣᠲᠠ ᠵᠢᠨ ᠠᠷᠠᠳ ᠬᠠᠮᠲᠤ᠎ᠪᠠᠷ ᠠ᠋ᠨᠡ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃
      ᠠᠵᠢᠯᠯᠠᠭ᠋ᠠᠨ᠎ᠳᠤ ᠣᠯᠠᠨ ᠵᠶ᠋ᠠᠷ ᠵᠶ᠋ᠠᠨ ᠠᠢ᠌ᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠦᠷᠲᠡᠭᠡᠨ᠎ᠤ ᠦᠢ᠍ᠯᠡᠳᠤᠭ᠌ᠰᠡᠨ ᠳᠤᠰᠠᠯᠠᠮᠵᠢ ᠵᠢᠨ ᠠᠵᠢᠯ᠎ᠤᠨ ᠬᠠᠷᠢᠭᠤ ᠮᠡᠳᠡᠭᠦᠯᠤᠯᠲᠡ ᠵᠢᠨ ᠹᠢᠯᠢᠮ᠎ᠢ ᠰᠣᠨᠢᠷᠬᠠᠨ ᠦᠵᠡᠭᠰᠡᠨ ᠪᠦᠭᠡᠳ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ ᠪᠣᠣ ᠱ᠌ᠢ ᠲᠸᠤ ᠵᠢᠨ ᠶᠠᠷᠢᠶ᠎ᠠ ᠵᠢ ᠰᠣᠨᠣᠰᠴᠠᠢ᠃ 〈〈ᠴᠢᠯᠤᠭᠡᠲᠤ ᠠ᠋ᠳᠤᠷ〉〉᠎ᠤᠨ ᠳᠣᠬᠢᠶᠠᠯ ᠵᠶ᠋ᠠᠷ᠂ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ ᠪᠣᠣ ᠱ᠌ᠢ ᠲᠸᠤ ᠡᠯ᠎ᠡ ᠬᠤᠰᠢᠭᠤ ᠰᠢᠶᠡᠨ᠎ᠤ ᠳᠤᠰᠠᠯᠠᠮᠵᠢ ᠵᠢᠨ ᠬᠠᠮᠢᠶᠠᠷᠤᠯᠲᠠ ᠵᠢᠨ ᠦᠷᠲᠡᠭᠡᠨ᠎ᠤ ᠬᠠᠷᠢᠭᠤᠴᠠᠯᠭ᠋ᠠᠲᠠᠨ᠎ᠲᠠᠢ 〈〈ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲᠸᠮ᠎ᠤᠨ 2019 ᠣᠨ᠎ᠤ ᠳᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠪᠢᠴᠢᠭ〉〉᠎ᠤᠨ ᠭᠡᠷ᠎ᠡ ᠳᠣᠭᠲᠠᠪᠠ᠃ ᠠᠢ᠌ᠮᠠᠭ᠎ᠤᠨ ᠳᠤᠰᠠᠯᠠᠮᠵᠢ ᠵᠢᠨ ᠦᠷᠲᠡᠭᠡ ᠵᠢ 2018 ᠣᠨ᠎ᠤ ᠰᠡᠭᠦᠯᠴᠢ᠎ᠪᠠᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 〈〈ᠬᠦᠮᠤᠨ᠎ᠤ ᠨᠢᠭᠤᠷ ᠴᠢᠷᠠᠢ᠎ᠪᠠᠷ ᠢᠯᠭ᠋ᠠᠨ ᠲᠣᠳᠣᠯᠠᠬᠤ〉〉 ᠮᠡᠷᠭᠡᠵᠢᠯ᠎ᠤᠨ ᠳᠤᠷᠰᠢᠯᠲᠠ᠎ᠤᠨ ᠨᠢᠭᠡᠴᠢ ᠪᠣᠯᠭ᠋ᠠᠭᠰᠠᠨ᠎ᠠᠴᠠ ᠨᠠᠭ᠋ᠠᠰᠢ᠂ ᠳᠤᠰᠠᠯᠠᠮᠵᠢ ᠵᠢᠨ ᠦᠷᠲᠡᠭᠡᠨ᠎ᠤ ᠠᠵᠢᠯ᠎ᠤᠨ ᠣᠷᠴᠢᠨ ᠲᠣᠭᠣᠷᠢᠨ᠂ ᠲᠣᠨᠣᠭ ᠲᠦᠬᠦᠭᠡᠷᠤᠮᠵᠢ᠂ ᠦᠢ᠍ᠯᠡᠴᠢᠯᠡᠭᠡᠨ᠎ᠤ ᠬᠠᠷᠠᠭ᠋ᠠᠯᠵᠠᠨ ᠬᠠᠢ᠌ᠷᠠᠯᠠᠬᠤ ᠬᠡᠮᠵᠢᠶ᠎ᠡ᠂ ᠠᠷᠤ ᠲᠠᠯ᠎ᠠ ᠵᠢᠨ ᠪᠠᠲᠤᠯᠠᠭ᠎ᠠ ᠵᠡᠷᠭᠡ ᠲᠠᠯ᠎ᠠ᠎ᠪᠠᠷ ᠶᠡᠬᠡ ᠰᠠᠢ᠌ᠨ ᠦᠷ᠎ᠡ ᠪᠦᠲᠤᠮᠵᠢ᠎ᠲᠠᠢ ᠪᠣᠯᠪᠠ᠃
     〈〈ᠴᠢᠯᠤᠭᠡᠲᠤ ᠠ᠋ᠳᠤᠷ〉〉᠎ᠤᠨ ᠠᠵᠢᠯᠯᠠᠭ᠋ᠠᠨ ᠵᠶ᠋ᠠᠷ ᠳᠠᠮᠵᠢᠭ᠋ᠠᠳ᠂ ᠬᠣᠲᠠ ᠵᠢᠨ ᠠᠷᠠᠳ ᠪᠣᠯᠤᠨ ᠳᠤᠰᠠᠯᠠᠮᠵᠢ ᠵᠢᠨ ᠦᠷᠲᠡᠭᠡᠨ᠎ᠤ ᠠᠵᠢᠯ᠎ᠤᠨ ᠬᠣᠭᠣᠷᠤᠨᠳᠤᠬᠢ ᠵᠠᠢ ᠵᠢ ᠤᠯᠠᠮ ᠦᠢ᠍ᠷᠠᠲᠤᠭᠤᠯᠤᠨ᠂ ᠨᠡᠢ᠌ᠬᠡᠮ᠎ᠤᠨ ᠡᠯ᠎ᠡ ᠠ᠋ᠲᠡᠭᠡᠳ᠎ᠤᠨ᠎ᠬᠢᠨ᠎ᠤ ᠳᠤᠰᠠᠯᠠᠮᠵᠢ ᠵᠢᠨ ᠠᠵᠢᠯ᠎ᠢ ᠳᠡᠮᠵᠢᠬᠦ ᠢᠳᠡᠪᠬᠢᠵᠢᠯ᠎ᠢ ᠶᠡᠬᠡ᠎ᠪᠠᠷ ᠳᠠᠢ᠌ᠴᠢᠯᠠᠵᠤ᠂ ᠪᠦᠬᠦ ᠨᠡᠢ᠌ᠬᠡᠮ ᠵᠶ᠋ᠠᠷ ᠵᠶ᠋ᠠᠨ ᠳᠤᠰᠠᠯᠠᠮᠵᠢ ᠵᠢᠨ ᠠᠵᠢᠯ᠎ᠳᠤ ᠣᠷᠣᠯᠴᠠᠬᠤ ᠪᠠᠢ᠌ᠳᠠᠯ᠎ᠢ ᠪᠣᠢ ᠪᠣᠯᠭ᠋ᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠳᠤᠰᠠᠯᠠᠮᠵᠢ ᠵᠢᠨ ᠦᠷᠲᠡᠭᠡ 〈〈ᠲᠣᠳᠣᠨᠤ ᠬᠦᠮᠣᠰ᠎ᠢ᠎ᠨᠢ ᠠ᠋ᠷᠢᠨ ᠣᠯᠵᠤ ᠳᠤᠯᠠᠭ᠋ᠠᠨ ᠭᠡᠷ᠎ᠲᠤᠨᠢ ᠬᠠᠷᠢᠭᠤᠯᠬᠤ〉〉 ᠭᠣᠣᠯ ᠰᠡᠳᠤᠪᠲᠤ ᠴᠢᠯᠤᠭᠡᠲᠤ ᠠ᠋ᠳᠤᠷ᠎ᠤᠨ ᠠᠵᠢᠯᠯᠠᠭ᠎ᠠ ᠦᠷᠨᠢᠭᠦᠯᠪᠡ
ᠤᠯᠠᠭ᠋ᠠᠨᠬᠠᠳᠠ ᠬᠤᠲᠠ ᠵᠢᠨ ᠨᠡᠢ᠌ᠭᠡᠮ᠎ᠤᠨ ᠳᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠱᠠᠲᠦᠴᠢ ᠴᠢᠨᠠᠷᠲᠠᠢ ᠠᠬᠢᠯᠲᠠ᠎ᠲᠠᠢ ᠪᠣᠯᠪᠠ
ᠦᠪᠡᠷᠳᠡᠭᠡᠨ ᠵᠠᠰᠠᠬᠤ ᠣᠷᠣᠨ᠎ᠤ ᠵᠢᠷᠭᠤᠳᠤᠭ᠋ᠠᠷ ᠳᠣᠭᠣᠷᠢᠨ ᠵᠢᠯᠣᠭᠣᠳᠬᠤ ᠳᠤᠭᠤᠢ᠌ᠯᠠᠩ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠤᠳᠤᠯᠤᠨ ᠶᠠᠷᠢᠯᠴᠠᠬᠤ ᠰᠠᠭᠤᠳᠠᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠶᠠᠮᠤᠨ ᠭᠤᠸᠠᠩᠰᠢ ᠮᠤᠵᠢ ᠵᠢᠨ ᠨᠠᠨᠨᠢᠩ᠎ᠳᠤ 2019 ᠣᠨ᠎ᠤ ᠪᠦᠬᠦ ᠤᠯᠤᠰ᠎ᠤᠨ ᠬᠢᠨᠠᠨ ᠬᠠᠷᠭᠤᠭᠤᠯᠤᠯᠲᠠ ᠵᠢᠨ ᠠᠵᠢᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ ᠳ᠋ᠸᠩ ᠶᠤᠸᠡᠢ ᠯᠸᠤ ᠬᠦᠬᠡᠬᠣᠲᠠ ᠵᠢᠨ ᠭᠡᠷ᠎ᠲᠤ᠎ᠪᠠᠨ ᠠᠰᠠᠷᠠᠭᠤᠯᠬᠤ ᠠᠵᠢᠯ᠎ᠢ ᠪᠠᠢ᠌ᠴᠠᠭ᠋ᠠᠨ ᠰᠤᠳᠤᠯᠪᠠ
 
            