ᠬᠥᠬᠡᠬᠣᠲᠠ ᠵᠢᠨ᠎ᠬᠢᠨ 4 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ ᠡᠭᠦᠳᠡᠨ ᠡᠮᠨᠡᠯᠭᠡ ᠵᠢᠨ ᠪᠠᠢ᠌ᠴᠠᠭ᠋ᠠᠨ ᠤᠨᠤᠰᠢᠯᠠᠬᠰᠠᠨ ᠵᠠᠷᠤᠳᠠᠯ (ᠳ᠋ᠤᠭ᠋ᠠᠷ ᠠᠪᠬᠤ ᠵᠠᠷᠤᠳᠠᠯ) ᠢ ᠲᠤᠬᠢᠷᠠᠭᠤᠯᠤᠬᠰᠠᠨ᠎ᠤ ᠬᠠᠮᠲᠤ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠵᠠᠢ᠃ ᠡᠩ᠎ᠤᠨ ᠳ᠋ᠤᠭ᠋ᠠᠷ ᠠᠪᠬᠤ ᠵᠠᠷᠤᠳᠠᠯ᠂ ᠳᠡᠳ᠋ ᠡᠷᠬᠢᠯᠡᠭᠴᠢ ᠡᠮᠴᠢ ᠵᠢᠨ ᠳ᠋ᠤᠭ᠋ᠠᠷ ᠠᠪᠬᠤ ᠵᠠᠷᠤᠳᠠᠯ᠂ ᠡᠷᠬᠢᠯᠡᠭᠴᠢ ᠡᠮᠴᠢ ᠵᠢᠨ ᠳ᠋ᠤᠭ᠋ᠠᠷ ᠠᠪᠬᠤ ᠵᠠᠷᠤᠳᠠᠯ᠎ᠢ ᠲᠣᠰ ᠪᠦᠷᠢ 15 ᠲᠥᠭᠥᠷᠢᠭ / ᠤᠳᠠᠭ᠎ᠠ᠂ 20 ᠲᠥᠭᠥᠷᠢᠭ / ᠤᠳᠠᠭ᠎ᠠ᠂ 30 ᠲᠥᠭᠥᠷᠢᠭ / ᠤᠳᠠᠭ᠎ᠠ ᠪᠤᠯᠭ᠋ᠠᠪᠠ᠃ ᠲᠦᠷᠭᠡᠨ ᠡᠮᠨᠡᠯᠭᠡ ᠵᠢᠨ ᠳ᠋ᠤᠭ᠋ᠠᠷ ᠠᠪᠬᠤ ᠵᠠᠷᠤᠳᠠᠯ᠎ᠢ ᠪᠠᠭᠲᠠᠭ᠋ᠠᠭᠰᠠᠨ ᠡᠭᠦᠳᠡᠨ ᠡᠮᠨᠡᠯᠭᠡ ᠵᠢᠨ ᠳ᠋ᠤᠭ᠋ᠠᠷ ᠠᠪᠬᠤ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠤᠭᠰᠠᠨ ᠪᠥᠭᠡᠳ ᠬᠤᠪᠢ ᠬᠦᠮᠦᠨ᠎ᠤ ᠡᠭᠦᠷᠭᠡᠯᠡᠬᠦ ᠵᠠᠷᠤᠳᠠᠯ᠎ᠤᠨ ᠬᠢᠵᠠᠭ᠋ᠠᠷ ᠳᠣᠬᠢᠷᠠᠭᠤᠯᠬᠤ ᠦᠭᠡᠢ᠂ 80% ᠵᠢᠨ ᠬᠠᠷᠢᠴᠠᠯ ᠵᠶ᠋ᠠᠷ ᠲᠥᠯᠥᠨ᠎ᠡ᠃ ᠲᠦᠷᠭᠡᠨ ᠡᠮᠨᠡᠯᠭᠡ ᠵᠢᠨ ᠳ᠋ᠤᠭ᠋ᠠᠷ ᠠᠪᠬᠤ ᠵᠠᠷᠤᠳᠠᠯ᠎ᠢ ᠪᠠᠭᠲᠠᠭ᠋ᠠᠭᠰᠠᠨ ᠡᠭᠦᠳᠡᠨ ᠡᠮᠨᠡᠯᠭᠡ ᠵᠢᠨ ᠳ᠋ᠤᠭ᠋ᠠᠷ ᠠᠪᠬᠤ ᠵᠠᠷᠤᠳᠠᠯ᠎ᠢ ᠣᠳᠣᠬᠠᠨ᠎ᠳᠤ ᠵᠥᠪᠬᠡᠨ ᠬᠥᠮᠥᠨ᠎ᠤ ᠬᠦᠴᠦᠨ᠎ᠤ ᠦᠢ᠍ᠯᠡᠴᠢᠯᠡᠭᠡᠨ᠎ᠤ ᠴᠤᠡᠭᠬᠤᠪᠴᠢ᠎ᠪᠠᠷ ᠳ᠋ᠤᠭ᠋ᠠᠷ ᠠᠪᠬᠤ ᠦᠶᠡᠰ᠎ᠲᠤ᠎ᠪᠠᠨ ᠵᠡᠷᠭᠡ᠎ᠳᠤ᠎ᠨᠢ ᠲᠠᠩᠰᠠ ᠳᠡᠶ᠋ᠢᠯᠵᠦ ᠪᠣᠯᠣᠨ᠎ᠠ᠂ ᠳ᠋ᠤᠭ᠋ᠠᠷᠯᠠᠭᠰᠠᠨᠤ ᠳᠠᠷᠠᠭ᠎ᠠ ᠨᠥᠬᠥᠵᠦ ᠲᠠᠩᠰᠠ ᠳᠡᠶ᠋ᠢᠯᠵᠦ ᠪᠣᠯᠬᠤ ᠦᠭᠡᠢ᠃ ᠡᠭᠦᠳᠡᠨ ᠡᠮᠨᠡᠯᠭᠡ ᠵᠢᠨ ᠳ᠋ᠤᠭ᠋ᠠᠷᠯᠠᠭᠰᠠᠨ ᠵᠠᠷᠤᠳᠠᠯ᠎ᠢ ᠲᠠᠩᠰᠠ ᠲᠠᠢ᠌ᠯᠬᠤ ᠦᠶ᠎ᠡ᠎ᠳᠤ ᠡᠪᠡᠳᠴᠢᠲᠡᠨ ᠪᠡᠶ᠎ᠡ ᠵᠢᠨ ᠦᠨᠡᠮᠯᠡᠯ ᠪᠤᠶᠤ ᠡᠮᠴᠢᠯᠡᠭᠡᠨ᠎ᠤ ᠳᠠᠭ᠋ᠠᠳᠬᠠᠯ᠎ᠤᠨ ᠺᠠᠷᠲ ᠡᠰᠡᠬᠦᠯ᠎ᠡ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠬᠠᠩᠭ᠋ᠠᠬᠤ ᠬᠡᠷᠡᠭᠲᠡᠢ᠃ ᠡᠪᠡᠳᠴᠢᠲᠡᠨ ᠡᠳᠡᠬᠡᠷ ᠭᠡᠷᠡᠴᠢ ᠪᠠᠷᠢᠮᠲᠠ ᠵᠢ ᠬᠠᠩᠭ᠋ᠠᠵᠤ ᠳᠡᠶ᠋ᠢᠯᠬᠦ ᠦᠭᠡᠢ ᠪᠣᠯ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠵᠤ ᠳᠡᠢ᠌ᠯᠬᠦ ᠦᠭᠡᠢ᠃
ᠡᠨᠡ ᠬᠦ᠌ ᠡᠭᠦᠳᠡᠨ ᠡᠮᠨᠡᠯᠭᠡ ᠵᠢᠨ ᠪᠠᠢ᠌ᠴᠠᠭ᠋ᠠᠨ ᠤᠨᠤᠰᠢᠯᠠᠬᠰᠠᠨ ᠵᠠᠷᠤᠳᠠᠯ (ᠳ᠋ᠤᠭ᠋ᠠᠷ ᠠᠪᠬᠤ ᠵᠠᠷᠤᠳᠠᠯ)᠎ᠢ ᠲᠠᠩᠰᠠ ᠲᠠᠢ᠌ᠯᠬᠤ᠎ᠨᠢ ᠵᠥᠪᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠳ ᠪᠠ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠠᠳ᠎ᠲᠤ ᠬᠠᠨᠳᠤᠭᠤᠯᠵᠤ᠂ ᠵᠠᠷᠤᠳᠠᠯ ᠵᠶ᠋ᠠᠨ ᠬᠤᠪᠢ᠎ᠪᠠᠷ ᠵᠶ᠋ᠠᠨ ᠲᠥᠯᠥᠭᠰᠡᠨ ᠡᠪᠡᠳᠴᠢᠲᠠᠨ ᠪᠠ ᠪᠤᠰᠤᠳ ᠮᠤᠵᠢ ᠬᠣᠲᠠ ᠵᠢᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠠᠨ᠎ᠳᠤ ᠲᠣᠰ ᠲᠠᠩᠰᠠ ᠲᠠᠢ᠌ᠯᠬᠤ ᠲᠥᠷᠥ ᠵᠢᠨ ᠪᠣᠳᠣᠯᠭ᠎ᠠ ᠵᠢ ᠬᠦᠷᠲᠡᠭᠡᠬᠦ ᠦᠭᠡᠢ᠃ ᠣᠳᠣᠬᠠᠨ᠎ᠳᠤ ᠬᠥᠬᠡᠬᠣᠲᠠ ᠵᠢᠨ ᠢᠨᠲ᠋ᠧᠷ ᠰᠦᠯᠵᠢᠶᠡᠨ᠎ᠤ ᠰᠢᠰᠲ᠋ᠧᠮ (ᠸᠢᠴᠠᠲ᠂ ᡁᠢ ᠹᠦ᠋ ᠪᠣᠤ᠂ App᠂ ᠥᠪᠡᠰᠦᠪᠡᠨ ᠦᠢ᠍ᠯᠡᠴᠢᠯᠡᠬᠦ ᠮᠠᠰᠢᠨ) ᠵᠶ᠋ᠠᠷ ᠳ᠋ᠤᠭ᠋ᠠᠷ ᠠᠪᠬᠤ᠎ᠳᠤ ᠮᠥᠨ ᠤᠤᠯ᠎ᠤᠨ ᠦᠨ᠎ᠡ ᠵᠢ ᠲᠦᠷ ᠬᠡᠷᠡᠭᠵᠢᠭᠦᠯᠦᠨ᠎ᠡ᠂ ᠰᠦᠯᠵᠢᠶᠡᠨ ᠳᠡᠭᠡᠷ᠎ᠡ ᠳ᠋ᠤᠭ᠋ᠠᠷᠯᠠᠭᠰᠠᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠪᠠᠢ᠌ᠴᠠᠭ᠋ᠠᠨ ᠤᠨᠤᠰᠢᠯᠠᠬᠰᠠᠨ ᠵᠠᠷᠤᠳᠠᠯ (ᠳ᠋ᠤᠭ᠋ᠠᠷ ᠠᠪᠬᠤ ᠵᠠᠷᠤᠳᠠᠯ)᠎ᠢ ᠲᠠᠩᠰᠠ ᠲᠠᠢ᠌ᠯᠵᠤ ᠥᠭᠬᠦ ᠦᠭᠡᠢ᠃