ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠥᠬᠡᠬᠣᠲᠠ ᠵᠢᠨ ᠬᠣᠶᠠᠷ ᠪᠤᠶᠤ ᠭᠤᠷᠪᠠᠨ ᠬᠡᠦᠬᠡᠳ ᠠᠪᠤᠭᠰᠠᠨ ᠭᠡᠷ ᠪᠦᠯᠢ᠎ᠳᠤ ᠨᠢᠬᠡ ᠯᠨ ᠦᠭᠭᠦ ᠬᠡᠦᠬᠡᠳ ᠦᠰᠬᠡᠬᠦ ᠨᠦᠬᠦᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄ 2023-11-27

   ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ᠎ᠬᠢᠨ 2023 ᠣᠨ᠎ᠤ 8 ᠰᠠᠷ᠎ᠠ ᠵᠢᠨ 24᠎ᠤ ᠡᠳᠦᠷ 《ᠬᠥᠬᠡᠬᠣᠲᠠ ᠵᠢᠨ ᠬᠥᠮᠥᠨ᠎ᠢ ᠲᠠᠳᠠᠨ ᠣᠷᠣᠭᠤᠯᠵᠤ᠂ ᠬᠦᠮᠦᠨ᠎ᠢ ᠦᠯᠡᠳᠡᠭᠡᠬᠦ 18 ᠠᠷᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (《ᠮᠡᠳᠡᠭᠳᠡᠯ》 ᠭᠡᠵᠦ  ᠲᠤᠪᠴᠢᠯᠠᠶ᠎ᠠ)᠎ᠳᠤ 《ᠬᠥᠬᠡᠬᠣᠲᠠ ᠵᠢᠨ ᠡᠷᠦᠬᠡ ᠠᠮᠠ᠎ᠲᠠᠢ ᠬᠣᠶᠠᠷ ᠭᠤᠷᠪᠠᠨ ᠬᠡᠦᠬᠡᠳ ᠠᠪᠤᠭᠰᠠᠨ ᠭᠡᠷ ᠪᠦᠯᠢ᠎ᠳᠤ ᠨᠢᠬᠡ ᠯᠨ ᠲᠡᠬᠡᠷ᠎ᠡ 5000 ᠲᠥᠭᠥᠷᠢᠭ᠎ᠤᠨ ᠬᠡᠦᠬᠡᠳ ᠦᠰᠬᠡᠬᠦ ᠨᠥᠬᠥᠪᠦᠷᠢ ᠣᠯᠭᠣᠨ᠎ᠠ》 ᠭᠡᠵᠤ ᠨᠡᠢ᠌ᠳᠡᠯᠡᠭᠰᠡᠨ ᠪᠠᠢ᠌ᠨ᠎ᠠ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠶ᠎ᠠ᠄
ᠨᠢᠭᠡ᠂᠂ ᠨᠦᠬᠦᠪᠤᠷᠢ ᠵᠢ ᠤᠯᠬᠤ᠎ᠳᠤ ᠪᠦᠷᠢᠯᠳᠤᠬᠦᠯᠬᠦ ᠨᠦᠬᠦᠴᠡᠯ
  1. ᠬᠣᠶᠠᠷ ᠪᠤᠶᠤ ᠭᠤᠷᠪᠠᠳᠤᠭ᠋ᠠᠷ ᠬᠡᠦᠬᠡᠳ ᠵᠶ᠋ᠡᠨ 《ᠮᠡᠳᠡᠭᠳᠡᠯ》᠎ᠢ ᠨᠡᠢ᠌ᠲᠡᠯᠡᠭᠳᠡᠭᠰᠡᠨ ᠡᠳᠦᠷ᠎ᠠᠴᠠ ᠰᠡᠭᠦᠯᠡᠷ (2023 ᠣᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ ᠡᠬᠢᠯᠡᠵᠦ᠂ 2023 ᠣᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ ᠪᠠᠭᠲᠠᠨ᠎ᠠ) ᠬᠦᠡᠭᠭᠡᠵᠢᠭᠰᠡᠨ᠃
  2. ᠣᠷᠣᠭ ᠰᠠᠯᠤᠭᠰᠠᠨ ᠪᠤᠶᠤ ᠪᠡᠯᠪᠡᠰᠤᠷᠡᠭᠰᠡᠳ ᠳᠠᠭᠢᠵᠤ ᠬᠤᠷᠢᠮᠯᠠᠭ᠋ᠠᠳ ᠣᠲᠣ ᠵᠢᠨ ᠬᠠᠨᠢ ᠨᠦᠬᠦᠷ᠎ᠲᠠᠢ᠎ᠪᠠᠨ 2 ᠪᠤᠶᠤ 3 ᠬᠡᠦᠬᠡᠳ ᠠᠪᠤᠭᠰᠠᠨ ᠪᠤᠯ ᠡᠨᠡ ᠡᠷ᠎ᠡ ᠡᠮ᠎ᠡ ᠬᠤᠶᠠᠷ᠎ᠠᠴᠠ ᠭᠠᠷᠤᠬᠰᠠᠨ ᠬᠡᠤᠬᠡᠳ᠎ᠢ ᠯᠨ ᠨᠦᠬᠦᠪᠤᠷᠢ ᠦᠭᠭᠦ ᠲᠤᠭ᠋ᠠᠨ᠎ᠳᠤ ᠤᠷᠤᠭᠤᠯᠤᠨ᠎ᠠ᠂ ᠳᠠᠭᠢᠵᠤ ᠬᠤᠷᠢᠮᠯᠠᠬᠰᠠᠨ ᠡᠷ᠎ᠡ ᠡᠮ᠎ᠡ ᠬᠤᠶᠠᠷ᠎ᠤᠨ ᠤᠭ᠎ᠤᠨ ᠬᠠᠨᠢ ᠨᠦᠬᠦᠷ᠎ᠲᠠᠢ᠎ᠪᠠᠨ ᠲᠥᠷᠥᠭᠰᠡᠨ ᠬᠡᠦᠬᠡᠳ᠎ᠢ ᠣᠲᠣ ᠵᠢᠨ ᠭᠡᠷ ᠪᠦᠯᠢ ᠵᠢᠨ ᠬᠡᠦᠬᠡᠳ᠎ᠲᠠᠢ ᠨᠡᠢ᠌ᠯᠡᠬᠦᠯᠵᠤ ᠪᠤᠳᠤᠬᠤ ᠦᠬᠡᠢ᠃
  3. ᠤᠤᠭ᠋ᠠᠨ ᠬᠡᠦᠬᠡᠳ᠎ᠨᠢ ᠵᠦᠢ᠍ᠷᠡᠢ ᠪᠤᠯ ᠬᠣᠶᠠᠷ ᠬᠡᠦᠬᠡᠳ᠎ᠲᠠᠢ ᠭᠡᠷ ᠪᠦᠯᠢ᠎ᠪᠠᠷ ᠪᠤᠳᠤᠵᠤ᠂ ᠤᠤᠭ᠋ᠠᠨ᠎ᠨᠢ 1 ᠪᠥᠭᠡᠳ ᠬᠤᠢ᠌ᠨ᠎ᠠ᠎ᠨᠢ ᠵᠦᠢ᠍ᠷᠡᠢ ᠬᠡᠤᠬᠡᠳ᠎ᠲᠠᠢ ᠪᠤᠯᠪᠠᠯ ᠬᠣᠶᠠᠷ ᠪᠤᠶᠤ ᠭᠤᠷᠪᠠᠨ ᠬᠡᠦᠬᠡᠳ᠎ᠲᠠᠢ ᠭᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ ᠭᠤᠶᠤᠴᠢᠯᠠᠵᠤ ᠪᠤᠯᠤᠨ᠎ᠠ᠃ ᠤᠤᠭ᠋ᠠᠨ ᠪᠤᠯᠤᠨ ᠬᠤᠶᠠᠳᠤᠭ᠋ᠠᠷ ᠬᠡᠤᠬᠡᠳ᠎ᠨᠢ ᠴᠦᠮ ᠵᠦᠢ᠍ᠷᠡᠢ ᠪᠤᠯ ᠭᠤᠷᠪᠠᠨ ᠬᠡᠤᠬᠡᠳ᠎ᠲᠠᠢ ᠬᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ ᠭᠤᠶᠤᠴᠢᠯᠠᠨ᠎ᠠ᠃
  4. ᠤᠤᠭ᠋ᠠᠨ ᠬᠡᠦᠬᠡᠳ᠎ᠨᠢ ᠭᠤᠷᠪᠠᠯᠳᠠᠢ (三胞胎) ᠪᠤᠯ ᠬᠣᠶᠠᠷ ᠪᠤᠶᠤ ᠭᠤᠷᠪᠠᠨ ᠬᠡᠦᠬᠡᠳ᠎ᠲᠠᠢ ᠭᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ ᠭᠤᠶᠤᠴᠢᠯᠠᠵᠤ ᠪᠤᠯᠤᠨ᠎ᠠ᠃ ᠤᠤᠭ᠋ᠠᠨ ᠬᠡᠦᠬᠡᠳ᠎ᠨᠢ 1 ᠪᠥᠭᠡᠳ ᠬᠣᠶᠠᠳᠤᠭ᠋ᠠᠷ ᠬᠡᠦᠬᠡᠳ᠎ᠨᠢ  ᠭᠤᠷᠪᠠᠯᠳᠠᠢ ᠪᠤᠯ ᠮᠥᠨ ᠬᠣᠶᠠᠷ ᠪᠤᠶᠤ ᠭᠤᠷᠪᠠᠨ ᠬᠡᠤᠬᠡᠳ᠎ᠲᠠᠢ ᠭᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ ᠭᠤᠶᠤᠴᠢᠯᠠᠨ᠎ᠠ᠃ 
  5. ᠤᠤᠭ᠋ᠠᠨ ᠬᠡᠦᠬᠡᠳ᠎ᠨᠢ ᠤᠰᠤᠯᠳᠠᠭ᠋ᠠᠳ ᠬᠣᠶᠠᠳᠤᠭ᠋ᠠᠷ ᠬᠡᠦᠬᠡᠳ᠎ᠲᠠᠢ ᠪᠣᠯᠪᠠᠯ ᠬᠣᠶᠠᠷ ᠬᠡᠦᠬᠡᠳ᠎ᠲᠠᠢ ᠭᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ  ᠭᠤᠶᠤᠴᠢᠯᠠᠨ᠂ ᠭᠤᠷᠪᠠᠳᠤᠭ᠋ᠠᠷ ᠬᠡᠦᠬᠡᠳ᠎ᠲᠠᠢ ᠪᠣᠯᠪᠠᠯ ᠭᠤᠷᠪᠠᠨ ᠬᠡᠦᠬᠡᠳ᠎ᠲᠠᠢ ᠭᠡᠷ ᠪᠦᠯᠢ ᠵᠢᠨ ᠪᠠᠷᠢᠮᠵᠢᠶ᠎ᠠ᠎ᠪᠠᠷ ᠨᠦᠬᠦᠪᠤᠷᠢ ᠭᠤᠶᠤᠴᠢᠯᠠᠨ᠎ᠠ᠃
  6. ᠡᠷᠬᠦᠮᠡᠯ ᠬᠡᠦᠬᠡᠳ᠎ᠢ ᠡᠨᠡ ᠬᠦ᠌ ᠨᠦᠬᠦᠪᠤᠷᠢ ᠭᠤᠶᠤᠴᠢᠯᠠᠬᠤ ᠬᠡᠤᠬᠡᠳ᠎ᠤᠨ ᠲᠤᠭ᠋ᠠᠨ᠎ᠳᠤ ᠤᠷᠤᠭᠤᠯᠬᠤ ᠦᠬᠡᠢ᠃
  7. ᠡᠷ᠎ᠡ ᠡᠮ᠎ᠡ ᠬᠣᠶᠠᠭᠤᠯᠠ᠎ᠪᠠᠨ ᠬᠦᠬᠡᠬᠤᠳᠠ ᠵᠢᠨ ᠡᠷᠦᠬᠡ ᠠᠮᠠ᠎ᠲᠠᠢ ᠪᠤᠶᠤ ᠶᠠᠳᠠᠵᠤ ᠨᠢᠭᠡ᠎ᠨᠢ ᠬᠦᠬᠡᠬᠤᠳᠠ ᠵᠢᠨ ᠡᠷᠦᠬᠡ ᠠᠮᠠ᠎ᠲᠠᠢ   ᠮᠥᠷᠲᠡᠭᠡᠨ ᠬᠡᠦᠬᠡᠳ᠎ᠤᠨ᠎ᠬᠢ᠎ᠨᠢ ᠡᠷᠦᠬᠡ ᠠᠮᠠ ᠴᠦ᠍ ᠬᠥᠬᠡᠬᠣᠲᠠ ᠵᠢᠨ᠎ᠬᠢ ᠪᠠᠢ᠌ᠬᠤ ᠬᠡᠷᠡᠭᠳᠡᠢ᠃
  8. ᠪᠡᠯᠪᠡᠰᠤᠷᠡᠭᠰᠡᠨ ᠪᠤᠶᠤ ᠤᠷᠤᠭ ᠰᠠᠯᠤᠬᠰᠠᠨ ᠪᠤᠯ ᠦᠷ᠎ᠡ ᠬᠡᠦᠬᠡᠳ ᠵᠶ᠋ᠡᠨ ᠠᠰᠠᠷᠠᠨ ᠲᠡᠵᠢᠭᠡᠬᠦ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠭ᠎ᠠ ᠪᠥᠭᠡᠳ ᠦᠷ᠎ᠡ ᠬᠡᠦᠬᠡᠳ ᠵᠶ᠋ᠡᠨ ᠪᠣᠳᠠᠲᠠᠢ᠎ᠪᠠᠷ ᠬᠠᠷᠠᠭ᠋ᠠᠯᠵᠠᠵᠤ ᠪᠠᠢ᠌ᠭ᠎ᠠ ᠨᠢᠬᠡᠨ᠎ᠳᠤ᠎ᠨᠢ ᠨᠦᠬᠦᠪᠤᠷᠢ ᠵᠢ ᠤᠯᠭᠤᠨ᠎ᠠ᠂ ᠤᠷᠤᠭ ᠰᠠᠯᠤᠬᠰᠠᠨ ᠴᠦ᠍ ᠦᠷ᠎ᠡ ᠬᠡᠤᠬᠡᠳ ᠵᠶ᠋ᠡᠨ ᠬᠤᠶᠠᠭᠤᠯᠨ᠎ᠪᠠᠨ ᠲᠤᠰ ᠲᠤᠰ᠎ᠲᠤ᠎ᠨᠢ ᠠᠰᠠᠷᠠᠨ ᠲᠡᠵᠢᠭᠡᠬᠦ ᠪᠥᠭᠡᠳ ᠬᠠᠷᠠᠭ᠋ᠠᠯᠵᠠᠵᠤ ᠪᠠᠢ᠌ᠪᠠᠯ ᠨᠢᠭᠡ ᠯᠡ ᠦᠭᠭᠦ ᠬᠡᠦᠬᠡᠳ ᠦᠰᠬᠡᠬᠦ ᠨᠥᠬᠥᠪᠦᠷᠢ ᠵᠢ 50%᠎ᠪᠠᠷ ᠬᠤᠪᠢᠶᠠᠵᠤ ᠦᠭᠬᠦᠨ᠎ᠡ᠃

 

   ᠬᠣᠶᠠᠷ᠂ ᠨᠦᠬᠦᠪᠤᠷᠢ ᠵᠢ  ᠬᠡᠷᠬᠢᠨ ᠭᠤᠶᠤᠴᠢᠯᠠᠬᠤ ᠪᠤᠢ

  ᠡᠷᠦᠬᠡ ᠠᠮᠠ ᠵᠢᠨ ᠳᠡᠪᠲᠡᠷ᠂ ᠪᠡᠶ᠎ᠡ ᠵᠢᠨ ᠦᠨᠡᠮᠯᠡᠯ᠂ ᠡᠷ᠎ᠡ ᠡᠮ᠎ᠡ ᠬᠣᠶᠠᠭᠤᠯᠠ ᠵᠢᠨ ᠤᠷᠤᠭ᠎ᠤᠨ ᠪᠠᠳᠤᠯᠠᠪᠤᠷᠢ᠂ ᠬᠣᠶᠠᠷ ᠪᠤᠶᠤ ᠭᠤᠷᠪᠠᠨ ᠬᠡᠦᠬᠡᠳ᠎ᠲᠠᠢ ᠪᠤᠯᠤᠬᠰᠠᠨ  ᠡᠮᠨᠡᠯᠬᠡ ᠵᠢᠨ᠎ᠬᠢᠨ᠎ᠤ ᠭᠡᠷᠡᠴᠢ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠠᠪᠴᠤ᠂ ᠡᠷ᠎ᠡ ᠡᠮ᠎ᠡ ᠬᠤᠶᠠᠷ᠎ᠤᠨ ᠠᠯᠢ ᠨᠢᠬᠡᠨ᠎ᠤ᠎ᠪᠠᠨ ᠡᠷᠦᠬᠡ ᠠᠮᠠ ᠪᠠᠢ᠌ᠭ᠎ᠠ ᠭᠠᠵᠠᠷ (ᠡᠷᠦᠬᠡ ᠠᠮᠠ ᠵᠢᠨ ᠪᠠᠢ᠌ᠭ᠎ᠠ ᠭᠠᠵᠠᠷ᠎ᠨᠢ ᠬᠥᠬᠡᠬᠣᠲᠠ)᠎ᠤᠨ ᠨᠡᠢ᠌ᠭᠡᠮ ᠲᠣᠭᠣᠷᠢᠭ (ᠲᠣᠰᠬᠣᠨ᠂ ᠰᠠᠭᠤᠭ᠋ᠠᠯᠢ ᠠᠷᠠᠳ᠎ᠤᠨ ᠵᠦᠪᠯᠡᠯ)᠎ᠲᠤ ᠤᠴᠢᠭ᠋ᠠᠳ ᠭᠤᠶᠤᠴᠢᠯᠠᠬᠤ ᠬᠦᠰᠦᠨᠦᠭᠲᠦ ᠵᠢ ᠲᠠᠬᠯᠠᠨ᠎ᠠ᠂ ᠡᠷ᠎ᠡ ᠡᠮ᠎ᠡ ᠬᠤᠶᠠᠭᠤᠯᠨ᠎ᠪᠠᠨ ᠬᠦᠬᠡᠬᠤᠳᠠ ᠵᠢᠨ ᠡᠷᠦᠬᠡ ᠠᠮᠠ᠎ᠲᠠᠢ ᠪᠤᠯᠪᠠᠴᠤ ᠨᠢᠬᠡ ᠭᠠᠵᠠᠷ᠎ᠲᠤ ᠪᠠᠢ᠌ᠬᠤ ᠦᠬᠡᠢ ᠪᠤᠯ ᠨᠢᠬᠡᠨ᠎ᠤ᠎ᠪᠠᠨ ᠡᠷᠤᠬᠡ ᠠᠮᠨ ᠪᠠᠢ᠌ᠭ᠎ᠠ ᠭᠠᠵᠠᠷ᠎ᠠᠴᠠ ᠨᠢᠬᠡ ᠯᠨ ᠦᠭᠭᠦ ᠬᠡᠤᠬᠡᠳ ᠦᠰᠬᠡᠬᠦ ᠨᠦᠬᠦᠪᠤᠷᠢ ᠵᠢ ᠭᠤᠶᠤᠴᠢᠯᠠᠬᠰᠠᠨ ᠦᠬᠡᠢ ᠬᠡᠷᠡᠴᠢ ᠭᠠᠷᠭ᠋ᠠᠯᠭ᠋ᠠᠬᠤ ᠬᠡᠷᠡᠭᠳᠡᠢ᠃ ᠭᠤᠶᠤᠴᠢᠯᠠᠯ᠎ᠢ ᠵᠦᠪᠰᠢᠶᠡᠷᠡᠭᠰᠡᠨ᠎ᠤ ᠳᠠᠷᠠᠭ᠎ᠠ ᠰᠠᠭᠤᠭ᠎ᠠ ᠬᠣᠰᠢᠭᠤ ᠰᠢᠶᠠᠨ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ᠎ᠬᠢᠨ ᠨᠦᠬᠦᠪᠤᠷᠢ ᠵᠢ ᠳᠠᠷᠠᠭ᠎ᠠ ᠵᠢᠯ᠎ᠳᠤ᠎ᠨᠢ ᠪᠠᠩᠬᠢ ᠵᠢᠨ ᠺᠠᠷᠲ᠎ᠲᠤ  ᠤᠷᠤᠭᠤᠯᠤᠨ᠎ᠠ᠃
 
   ᠭᠤᠷᠪᠠ᠂ ᠨᠦᠬᠦᠪᠤᠷᠢ ᠵᠢ ᠣᠯᠭᠣᠬᠤ ᠪᠠᠷᠢᠮᠵᠢᠶ᠎ᠠ

   ᠨᠥᠬᠥᠴᠡᠯ᠎ᠳᠤ ᠨᠡᠢ᠌ᠴᠡᠬᠦ ᠭᠡᠷ ᠪᠦᠯᠢ ᠵᠢᠨ᠎ᠬᠢᠨ᠎ᠤ ᠬᠠᠤᠯᠢ ᠶᠣᠰᠣᠭ᠋ᠠᠷ ᠲᠥᠷᠥᠭᠰᠡᠨ ᠬᠤᠶᠠᠷ ᠪᠤᠶᠤ ᠭᠤᠷᠪᠠᠨ ᠬᠡᠦᠬᠡᠳ᠎ᠲᠤ ᠨᠢᠬᠡ ᠯᠨ ᠲᠡᠬᠡᠷ᠎ᠡ (ᠮᠥᠨ ᠨᠢᠬᠡ ᠯᠨ ᠤᠳᠠᠭ᠎ᠠ) 5000 ᠲᠥᠭᠥᠷᠢᠭ᠎ᠤᠨ ᠨᠥᠬᠥᠪᠦᠷᠢ ᠥᠭᠭᠦᠨ᠎ᠡ᠃ ᠲᠤᠬᠠᠢ ᠵᠢᠨ ᠵᠢᠯ᠎ᠳᠤ᠎ᠪᠠᠨ  ᠭᠤᠶᠤᠴᠢᠯᠠᠵᠤ ᠠᠪᠤᠭ᠎ᠠ ᠦᠭᠡᠢ ᠪᠣᠯ ᠳᠠᠷᠠᠭ᠎ᠠ ᠵᠢᠯ᠎ᠨᠢ ᠭᠤᠶᠤᠴᠢᠯᠠᠨ ᠠᠪᠴᠤ ᠪᠣᠯᠣᠨ᠎ᠠ᠃
   ᠯᠠᠪᠯᠠᠬᠤ ᠤᠳᠠᠰᠤ᠄
    ᠰᠢᠨ᠎ᠡ ᠬᠣᠲᠠ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ       0471-6218572
     ᠬᠤᠳᠤᠡᠭᠴᠤᠳ᠎ᠤᠨ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ    0471-3820587
   ᠢᠤᠢ᠍ᠢ᠍ᠴᠢᠤᠸᠠᠨ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ       0471-6590820
  ᠰᠠᠢ᠌ᠬᠠᠨ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ           0471-3121324
    ᠲᠦᠮᠡᠳ ᠵᠡᠭᠦᠨ ᠬᠣᠰᠢᠭᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ      0471-8119549
    ᠲᠤᠬᠳᠠᠬᠤ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ              0471-8514904
        ᠬᠤᠷᠢᠨᠬᠡᠷ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ              0471-7380885

   ᠴᠢᠩ ᠱᠦᠢ ᠾᠸ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ     0471-7912043
   ᠦᠴᠦᠸᠠᠨ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ           0471-8820568

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠪᠤᠭᠤᠳᠤ ᠬᠤᠳᠠ ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠪᠠᠶᠠᠷ ᠬᠦᠷ ᠤᠯᠭᠤᠵᠤ ᠪᠠᠢ᠌ᠨ᠎ᠠ
ᠮᠠᠨ᠎ᠤ ᠤᠷᠤᠨ᠎ᠤ᠎ᠬᠢᠨ 《ᠪᠦᠬᠦᠨ᠎ᠳᠤ ᠲᠣᠬᠢᠷᠠᠬᠤ ᠺᠠᠷᠲ》᠎ᠤᠨ ᠲᠠᠪᠴᠠᠩ᠎ᠢ ᠬᠡᠷᠡᠭᠯᠡᠭᠰᠡᠨ᠎ᠠᠴᠠ ᠨᠠᠭ᠋ᠠᠰᠢ ᠠᠷᠠᠳ᠎ᠲᠤ ᠠᠰᠢᠭ ᠬᠦᠷᠲᠡᠭᠡᠬᠦ᠂ ᠲᠠᠷᠢᠶᠠᠴᠢᠳ᠎ᠲᠤ ᠠᠰᠢᠭ ᠬᠦᠷᠲᠡᠭᠡᠬᠦ ᠡᠳ᠋᠎ᠤᠨ ᠵᠠᠰᠠᠭ᠎ᠤᠨ ᠨᠥᠬᠥᠪᠦᠷᠢ ᠵᠢ 4986 ᠳ᠋ᠦᠩᠰᠢᠭᠤᠷ ᠲᠥᠭᠥᠷᠢᠭ ᠲᠠᠷᠬᠠᠭ᠋ᠠᠪᠠ
ᠮᠠᠨ᠎ᠤ ᠤᠷᠤᠨ᠎ᠤ ᠦᠨᠤ ᠵᠢᠯ᠎ᠤᠨ ᠠᠮᠤ ᠪᠤᠳᠠᠭ᠋ᠠᠨ᠎ᠤ ᠤᠨᠠᠯᠳᠠ 791.6 ᠳ᠋ᠦᠩᠰᠢᠭᠤᠷ ᠵᠢᠩ᠎ᠤᠨ ᠰᠢᠨ᠎ᠡ ᠲᠡᠮᠳᠡᠭᠯᠡᠯ ᠵᠶ᠋ᠡᠷ 20 ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠪᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠤᠰᠠᠯᠠᠮᠵᠢ ᠵᠢᠨ ᠪᠡᠯᠡ ᠮᠥᠩᠭᠥ ᠲᠠᠷᠬᠠᠭ᠋ᠠᠬᠤ ᠠᠵᠢᠯ᠎ᠢ ᠰᠠᠢ᠌ᠲᠤᠷ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠳᠤᠯᠠᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠢ᠍ᠮᠠᠨ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ ᠬᠦᠴᠢᠷᠳᠡᠯᠲᠡᠢ ᠣᠯᠠᠨ ᠲᠦᠮᠡᠨ᠎ᠤ ᠠᠮᠤᠷ ᠲᠦᠪᠰᠢᠨ ᠡᠪᠤᠯᠵᠢᠬᠦ᠂ ᠪᠠᠶᠠᠷ᠎ᠤᠨ ᠡᠳᠤᠷ᠎ᠢ ᠬᠠᠯᠠᠭᠤᠨ ᠲᠤᠯᠠᠭ᠋ᠠᠨ ᠦᠡᠭᠭᠡᠷᠡᠬᠦᠯᠬᠦ ᠵᠢ ᠪᠠᠳᠤᠯᠠᠵᠤ ᠪᠠᠢ᠌ᠨ᠎ᠠ
 
            