ᠬᠥᠬᠡᠬᠣᠲᠠ᠎ᠳᠤ ᠪᠠᠢ᠌ᠭ᠎ᠠ ᠥᠪᠥᠷ ᠮᠣᠩᠭᠣᠯ᠎ᠤᠨ ᠳᠡᠭᠡᠳᠦ ᠴᠢᠳᠠᠪᠬᠢᠲᠤ ᠪᠣᠳᠣᠯᠭ᠎ᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ 《ᠬᠥᠬᠡ ᠬᠤᠳᠠ ᠵᠢᠨ ᠭᠡᠷᠡᠯ》 ᠤᠨ ᠮᠠᠰᠢᠨ᠎ᠤ ᠦᠷᠦᠭᠡ᠎ᠳᠤ ᠣᠷᠣᠬᠤ᠎ᠳᠤ ᠤᠯᠠᠭ᠋ᠠᠨ ᠬᠥᠬᠡ ᠠᠯᠠᠭᠯᠠᠭᠰᠠᠨ ᠴᠠᠬᠢᠯᠭ᠋ᠠᠨ ᠭᠡᠷᠡᠯ ᠪᠠᠢ᠌ᠨ ᠲᠠᠬᠢᠨ ᠭᠢᠯᠠᠯᠵᠠᠵᠤ᠂ ᠡᠭᠦᠯᠡᠨ ᠮᠡᠳᠡᠭᠡ ᠵᠠᠩᠭᠢ ᠰᠧᠺᠦ᠋ᠨ᠋ᠳ᠋ ᠪᠦᠷᠢ 1 ᠳ᠋ᠦᠩᠰᠢᠭᠤᠷ ᠤᠳᠠᠭ᠎ᠠ ᠵᠢᠨ ᠬᠤᠷᠳᠤᠴᠠ᠎ᠪᠠᠷ ᠡᠨᠳᠡ᠎ᠠᠴᠠ ᠰᠢᠭᠤᠳ ᠬᠡᠷᠡᠭᠯᠡᠭᠴᠢ ᠵᠢᠨ ᠭᠠᠷ᠎ᠲᠤ ᠬᠦᠷᠦᠨ᠎ᠡ᠃
《ᠪᠣᠳᠣᠯᠭ᠎ᠠ ᠵᠢᠨ ᠴᠢᠳᠠᠪᠤᠷᠢ᠎ᠨᠢ 10 ᠲᠦᠮᠡᠨ ᠭᠡᠷ᠎ᠤᠨ ᠬᠡᠷᠡᠭᠯᠡᠭᠡᠨ᠎ᠤ ᠺᠣᠮᠫᠢᠦ᠋ᠲ᠋ᠧᠷ᠎ᠲᠠᠢ ᠲᠡᠩᠴᠡᠵᠦ᠂ ᠳᠡᠭᠡᠳᠦ ᠳᠡᠰ᠎ᠤᠨ ᠰᠢᠨᠵᠢᠯᠡᠬᠦ ᠤᠬᠠᠭ᠋ᠠᠨ᠎ᠤ ᠪᠣᠳᠣᠯᠭ᠎ᠠ ᠪᠣᠯᠣᠨ ᠶᠡᠬᠡ ᠬᠡᠪᠴᠢᠶᠡᠨ᠎ᠤ ᠬᠢᠮᠡᠯ ᠣᠶᠤᠨ᠎ᠤ ᠪᠣᠯᠪᠠᠰᠤᠷᠠᠯ᠎ᠤᠨ ᠬᠡᠷᠡᠭᠴᠡᠭᠡ ᠵᠢ ᠬᠠᠮᠲᠤᠳᠤᠨᠢ ᠬᠠᠩᠭ᠋ᠠᠵᠤ᠂ ᠬᠡᠷᠡᠭᠯᠡᠭᠡᠨ᠎ᠳᠤ ᠰᠠᠨᠰᠠᠷ᠎ᠤᠨ ᠠᠶᠠᠯᠠᠯ᠂ ᠡᠯᠧᠺᠲᠷᠣᠨ ᠮᠡᠳᠡᠭᠡ ᠵᠠᠩᠭᠢ᠂ ᠠᠮᠢᠳᠤ ᠪᠣᠳᠠᠰ᠎ᠤᠨ ᠡᠮ ᠡᠮᠨᠡᠯᠭᠡ᠂ ᠲᠣᠨᠣᠭ ᠲᠥᠬᠦᠭᠡᠷᠦᠮᠵᠢ ᠦᠢ᠍ᠯᠡᠳᠬᠦ᠂ ᠲᠡᠷᠢᠭᠦᠨ᠎ᠤ ᠮᠠᠲ᠋ᠧᠷᠢᠶᠠᠯ᠂ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠡᠷᠭᠡ ᠬᠦᠷᠢᠶ᠎ᠡ ᠴᠠᠷᠠᠭ᠎ᠠ ᠵᠢ ᠪᠦᠷᠬᠦᠬᠦᠯᠵᠤ ᠪᠣᠯᠣᠨ᠎ᠠ》᠃ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠰᠢᠦᠢ ᠰᠢᠩ ᠬᠠᠢ ᠲᠠᠨᠢᠯᠴᠠᠭᠤᠯᠬᠤ᠎ᠪᠠᠷ ᠣᠳᠣᠬᠠᠨ᠎ᠳᠤ 《 ᠬᠦᠬᠡ ᠬᠤᠳᠠ ᠵᠢᠨ ᠬᠡᠷᠡᠯ》᠎ᠨᠢ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ 100 ᠰᠢᠬᠠᠮ ᠬᠡᠷᠡᠭᠯᠡᠭᠴᠢ᠎ᠳᠤ 5200 ᠲᠦᠮᠡᠨ ᠴᠠᠭ᠎ᠤᠨ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ ᠪᠣᠯ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠠᠵᠤ ᠦᠢ᠍ᠯᠡᠰ ᠮᠥᠨ᠃ 《ᠵᠡᠭᠦᠨ᠎ᠤ ᠲᠤᠭ᠎ᠠ ᠵᠢ ᠪᠠᠷᠠᠭᠤᠨᠳᠠᠢ ᠪᠤᠳᠤᠬᠤ》 ᠢᠨᠵᠧᠨᠧᠷᠢᠩ᠎ᠤᠨ ᠠᠷᠪᠠᠨ ᠶᠡᠬᠡ ᠲᠣᠭ᠎ᠠ ᠪᠠᠷᠢᠮᠲᠠ ᠵᠢᠨ ᠲᠥᠪ᠎ᠤᠨ ᠪᠦᠯᠦᠭᠯᠡᠯ᠎ᠤᠨ ᠨᠢᠭᠡ ᠪᠣᠯᠤᠭᠰᠠᠨ ᠬᠣᠷᠢᠨᠭᠡᠷ ᠲᠣᠭ᠎ᠠ ᠪᠠᠷᠢᠮᠲᠠ ᠵᠢᠨ ᠲᠥᠪ ᠲᠤ ᠨᠡᠢ᠌ᠳᠡᠮ ᠬᠡᠷᠡᠭᠯᠡᠬᠦ ᠪᠣᠳᠣᠯᠭ᠎ᠠ ᠵᠢᠨ ᠬᠦᠴᠦᠨ᠎ᠤ ᠦᠢ᠍ᠯᠡᠴᠢᠯᠡᠭᠦᠷ᠎ᠤᠨ ᠮᠠᠰᠢᠨ ᠴᠣᠭᠴᠠᠯᠠᠪᠤᠷᠢ ᠵᠢᠨ ᠴᠢᠳᠠᠪᠤᠷᠢ 120 ᠲᠦᠮᠡ᠎ᠳᠤ ᠬᠦᠷᠴᠦ᠂ ᠬᠡᠳᠦ ᠪᠣᠳᠣᠯᠭ᠎ᠠ ᠵᠢᠨ ᠬᠦᠴᠦᠨ᠎ᠤ ᠬᠡᠪᠴᠢᠶ᠎ᠡ 140P᠎ᠳᠤ ᠬᠦᠷᠴᠦ᠂ ᠣᠶᠤᠨᠲᠤ ᠪᠣᠳᠣᠯᠭ᠎ᠠ ᠵᠢᠨ ᠬᠦᠴᠦᠨ᠎ᠤ ᠬᠡᠪᠴᠢᠶ᠎ᠡ 23P᠎ᠳᠤ ᠬᠦᠷᠴᠦ᠂ ᠪᠣᠳᠣᠯᠭ᠎ᠠ ᠵᠢᠨ ᠬᠦᠴᠦᠨ᠎ᠤ ᠬᠡᠪᠴᠢᠶ᠎ᠡ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠤᠷᠤᠭ᠋ᠠᠳ ᠴᠠᠬᠢᠯᠭ᠋ᠠᠨ ᠬᠡᠷᠡᠭᠯᠡᠬᠦ ᠬᠡᠮᠵᠢᠶ᠎ᠡ ᠨᠡᠯᠢᠶᠡᠳ ᠶᠡᠬᠡ ᠪᠣᠯᠪᠠ᠃ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢᠨ ᠳᠠᠭ᠋ᠠᠭᠤᠯᠭ᠎ᠠ᠎ᠪᠠᠷ ᠬᠣᠷᠢᠨᠭᠡᠷ ᠰᠢᠨ᠎ᠡ ᠲᠣᠭᠣᠷᠢᠭ᠎ᠤᠨ᠎ᠬᠢᠨ ᠪᠣᠳᠣᠯᠭ᠎ᠠ ᠵᠢᠨ ᠬᠦᠴᠦᠨ᠎ᠤ ᠪᠣᠬᠢᠷᠲᠤᠯ ᠦᠭᠡᠢ ᠬᠦᠭᠵᠢᠬᠦᠯᠤᠯᠳᠡ ᠵᠢ ᠶᠡᠬᠡ᠎ᠪᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠵᠢᠨ ᠬᠠᠩᠭ᠋ᠠᠯᠭ᠎ᠠ ᠵᠢ ᠠᠬᠢᠭᠤᠯᠵᠤ᠂ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠢ ᠴᠢᠨᠠᠷ ᠰᠠᠢ᠌ᠲᠠᠢ ᠬᠥᠭᠵᠢᠯᠲᠡ ᠲᠡᠢ᠌ᠰᠢ ᠬᠥᠭᠵᠢᠭᠦᠯᠵᠡᠢ᠃ ᠬᠣᠷᠢᠨᠭᠡᠷ᠎ᠤᠨ ᠲᠣᠭ᠎ᠠ ᠪᠠᠷᠢᠮᠲᠠ ᠵᠢᠨ ᠲᠥᠪ᠎ᠤᠨ ᠪᠦᠯᠦᠭᠯᠡᠯ᠎ᠤᠨ ᠬᠡᠷᠡᠭᠯᠡᠭᠰᠡᠨ ᠰᠠᠯᠬᠢᠨ ᠬᠦᠴᠦᠨ᠎ᠤ ᠴᠠᠬᠢᠯᠭ᠋ᠠᠨ᠂ ᠬᠡᠷᠡᠯ ᠴᠠᠬᠢᠯᠭ᠋ᠠᠨ ᠵᠡᠷᠭᠡ 《ᠪᠠᠢ᠌ᠭ᠋ᠠᠯᠢᠯᠢᠭ ᠴᠠᠬᠢᠯᠭ᠋ᠠᠨ》᠎ᠤ ᠡᠵᠡᠯᠡᠬᠦ ᠬᠠᠷᠢᠴᠠᠯ᠎ᠨᠢ ᠦᠨᠤ ᠵᠢᠯ᠎ᠤᠨ 6 ᠳ᠋ᠤᠭ᠋ᠠᠷ ᠰᠠᠷ᠎ᠠ ᠪᠣᠯᠲᠠᠯ᠎ᠠ 58% ᠣᠷᠴᠢᠮ ᠭᠦᠷᠦᠭᠰᠡᠨ ᠪᠠᠢ᠌ᠨ᠎ᠠ᠃
《ᠣᠳᠣᠬᠠᠨ᠎ᠳᠤ ᠬᠣᠷᠢᠨᠭᠡᠷ ᠳ᠋ᠠᠢ᠌ᠲ᠋ᠠ ᠵᠢᠨ ᠲᠥᠪ᠎ᠤᠨ ᠪᠦᠯᠦᠭᠯᠡᠯ᠎ᠤᠨ ᠪᠣᠬᠢᠷᠲᠤᠯ ᠦᠭᠡᠢ ᠡᠨᠧᠷᠭᠢ ᠵᠢᠨ ᠬᠠᠩᠭ᠋ᠠᠯᠭ᠎ᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠨᠢᠭᠡᠨᠲᠡ ᠵᠥᠪᠰᠢᠶᠡᠷᠡᠭᠳᠡᠵᠦ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠰᠠᠯᠬᠢᠨ ᠬᠦᠴᠦᠨ᠎ᠤ ᠴᠠᠬᠢᠯᠭ᠋ᠠᠨ᠎ᠤ 30 ᠲᠦᠮᠡᠨ ᠺᠢᠯᠣᠸᠠᠲ᠂ ᠬᠡᠷᠡᠯ ᠴᠡᠨᠡᠭ᠎ᠤᠨ 6 ᠲᠦᠮᠡᠨ ᠺᠢᠯᠣᠸᠠᠲ᠂ ᠲᠠᠷᠬᠠᠮᠠᠯ ᠮᠠᠶᠢᠭ᠎ᠤᠨ ᠰᠢᠨ᠎ᠡ ᠡᠨᠧᠷᠭᠢ ᠵᠢᠨ 3.5 ᠲᠦᠮᠡᠨ ᠺᠢᠯᠣᠸᠠᠲ ᠵᠡᠷᠭᠡ ᠢᠨᠵᠧᠨᠧᠷᠢᠩ ᠪᠠᠭᠲᠠᠨ᠎ᠠ᠂ ᠲᠥᠷᠥᠯ ᠵᠦᠢ᠍ᠯ ᠪᠠᠢ᠌ᠭᠤᠯᠤᠭᠳᠠᠭᠰᠠᠨ᠎ᠤ ᠳᠠᠷᠠᠭ᠎ᠠ ᠬᠣᠷᠢᠨᠭᠡᠷ ᠳ᠋ᠠᠢ᠌ᠲ᠋ᠠ ᠵᠢᠨ ᠲᠥᠪ᠎ᠤᠨ ᠪᠦᠯᠦᠭᠯᠡᠯ᠎ᠤᠨ ᠪᠣᠬᠢᠷᠲᠤᠯ ᠦᠭᠡᠢ ᠴᠠᠬᠢᠯᠭ᠋ᠠᠨ᠎ᠤ ᠰᠢᠭᠤᠳ ᠬᠠᠩᠭ᠋ᠠᠯᠭ᠎ᠠ ᠵᠢᠨ ᠣᠷᠣᠯᠠᠬᠤ ᠨᠣᠷᠮ᠎ᠠ 67% ᠵᠢ ᠳᠠᠪᠠᠵᠤ᠂ ᠵᠢᠯ᠎ᠳᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 180 ᠲᠦᠮᠡᠨ ᠲᠣᠨ᠎ᠠᠴᠠ ᠳᠡᠭᠡᠭᠰᠢ ᠪᠠᠭ᠋ᠠᠰᠬᠠᠬᠤ ᠪᠣᠯᠣᠨ᠎ᠠ》 ᠭᠡᠵᠦ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠠᠩ ᠰᠢᠤᠸᠠᠢ ᠵᠢᠶᠦ᠋ᠨ ᠬᠡᠯᠡᠪᠡ᠃
《ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 2030 ᠣᠨ᠎ᠠᠴᠠ ᠡᠮᠦᠨ᠎ᠡ ᠣᠷᠭᠢᠯ ᠬᠡᠮᠵᠢᠭᠳᠡᠯ᠎ᠳᠤ ᠬᠦᠷᠭᠡᠬᠦ᠎ᠪᠠᠷ ᠴᠢᠷᠮᠠᠢ᠌ᠵᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠰᠠᠭ᠋ᠠᠷᠮᠠᠭᠵᠢᠯᠲᠠ ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃》 ᠡᠨᠡ ᠪᠣᠯ ᠳᠤᠮᠳᠠᠳᠤ ᠤᠯᠤᠰ᠎ᠠᠴᠠ ᠳᠡᠯᠡᠬᠡᠢ ᠳ᠋ᠠᠬᠢᠨ ᠵᠠᠷᠯᠠᠬᠰᠠᠨ ᠲᠥᠪ ᠴᠢᠩᠭ᠎ᠠ ᠠᠮᠠᠯᠠᠯᠲᠠ ᠪᠣᠯᠣᠨ᠎ᠠ᠃
ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ ᠪᠣᠯᠤᠭᠰᠠᠨ᠎ᠤ ᠬᠤᠪᠢ᠎ᠳᠤ ᠥᠪᠥᠷ ᠮᠣᠩᠭᠣᠯ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠪᠠᠨ ᠵᠣᠭᠰᠣᠭ᠋ᠠᠵᠤ᠂ ᠬᠦᠭᠵᠢᠬᠦᠯᠤᠯᠳᠡ ᠵᠢᠨ ᠠᠷᠭ᠎ᠠ ᠬᠡᠯᠪᠡᠷᠢ᠎ᠪᠠᠨ ᠪᠣᠬᠢᠷᠲᠤᠯ ᠦᠭᠡᠢ ᠲᠡᠢ᠌ᠰᠢ ᠬᠤᠪᠢᠷᠠᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠨᠣᠭᠣᠭ᠋ᠠᠨ ᠥᠩᠭᠡ᠎ᠪᠠᠷ ᠰᠠᠭᠤᠷᠢ ᠪᠣᠯᠭ᠋ᠠᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ》 ᠰᠢᠨ᠎ᠡ ᠵᠠᠮ᠎ᠢ ᠰᠦᠪᠡᠭᠴᠢᠯᠡᠪᠡ᠃
《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢ ᠳᠤᠷᠠᠳᠤᠭᠰᠠᠨ᠎ᠠᠴᠠ ᠨᠠᠭ᠋ᠠᠰᠢ ᠥᠪᠥᠷ ᠮᠣᠩᠭᠣᠯ᠎ᠤᠨ᠎ᠬᠢᠨ 《1+N+X》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠬᠦᠴᠦᠯᠡᠨ ᠪᠠᠢ᠌ᠭᠤᠯᠵᠤ᠂ 《ᠰᠢᠨ᠎ᠡ ᠬᠦᠭᠵᠢᠬᠦᠯᠤᠯᠳᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠦᠷᠬᠡᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠮᠡᠷᠭᠡᠵᠢᠯ᠂ ᠡᠨᠧᠷᠭᠢ᠂ ᠠᠵᠤ ᠦᠢ᠍ᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ 17 ᠵᠦᠢ᠍ᠯ᠎ᠤᠨ ᠬᠦᠷᠢᠶ᠎ᠡ ᠬᠡᠪᠴᠢᠶ᠎ᠡ ᠪᠠ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠥᠯ᠎ᠢ ᠨᠡᠢ᠌ᠲᠡᠯᠡᠵᠦ᠂ ᠤᠰᠤᠲᠥ᠋ᠷᠥᠭᠴᠢ ᠡᠨᠧᠷᠭᠢ ᠵᠢ ᠬᠥᠭᠵᠢᠭᠦᠯᠬᠦ᠂ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ᠂ ᠡᠨᠧᠷᠭᠢ ᠵᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠬᠰᠢᠯᠠᠭᠤᠯᠵᠤ ᠬᠡᠯᠪᠡᠷᠢ ᠵᠢ ᠬᠤᠪᠢᠷᠠᠭᠤᠯᠬᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠡᠷᠭᠡ 9 ᠲᠠᠯ᠎ᠠ ᠵᠢᠨ ᠢᠵᠢ ᠪᠦᠷᠢᠳᠦᠭᠰᠡᠨ ᠲᠦᠷᠦ ᠵᠢᠨ ᠪᠣᠳᠣᠯᠭ᠎ᠠ ᠠᠷᠭ᠎ᠠ ᠵᠢ ᠲᠣᠭᠲᠠᠭ᠋ᠠᠪᠠ ᠁ 《ᠵᠠᠮ ᠱᠤᠭᠤᠮ᠎ᠤᠨ ᠵᠢᠷᠤᠭ》᠎ᠢ ᠲᠣᠭᠲᠠᠭ᠋ᠠᠵᠤ᠂ 《ᠴᠠᠭ᠎ᠤᠨ ᠬᠦᠰᠦᠨᠦᠭᠲᠦ》 ᠵᠢ ᠲᠣᠩᠭᠣᠷᠠᠭᠤᠯᠤᠨ ᠵᠢᠭᠰᠠᠭ᠋ᠠᠵᠤ᠂ ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ ᠵᠢ ᠪᠠᠭ᠋ᠠᠰᠬᠠᠵᠤ ᠬᠣᠷᠣᠭᠳᠠᠯ᠎ᠢ ᠪᠠᠭ᠋ᠠᠰᠬᠠᠬᠤ 《ᠡᠯᠭᠦᠭᠡ ᠵᠢᠷᠤᠭ》 ᠵᠢᠡᠷ ᠪᠠᠢ᠌ᠯᠳᠤᠵᠤ᠂ ᠪᠣᠬᠢᠷᠲᠤᠯ ᠦᠭᠡᠢ ᠬᠦᠭᠵᠢᠯᠳᠡ ᠵᠢ ᠡᠷᠡᠰ ᠰᠢᠭᠤᠷᠬᠠᠢ᠎ᠪᠠᠷ ᠬᠥᠭᠵᠢᠭᠦᠯᠪᠡ᠃
ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠪᠣᠬᠢᠷᠲᠤᠯ ᠪᠣᠳᠠᠰ᠎ᠢ ᠶᠡᠬᠡ ᠭᠠᠳᠠᠭᠰᠢᠯᠠᠭᠤᠯᠬᠤ ᠵᠦᠢ᠍ᠯᠡᠰ᠎ᠲᠤ ᠴᠢᠩᠭ᠎ᠠ ᠴᠣᠬᠢᠯᠲᠠ ᠦᠭᠪᠡ᠃ 《ᠬᠣᠶᠠᠷ ᠥᠨᠳᠥᠷ》᠎ᠤ ᠳᠣᠣᠷ᠎ᠠ ᠲᠦᠪᠰᠢᠨ᠎ᠤ ᠵᠦᠢ᠍ᠯᠡᠰ᠎ᠤᠨ ᠰᠣᠬᠣᠷ ᠪᠠᠯᠠᠢ᠎ᠪᠠᠷ ᠬᠥᠭᠵᠢᠬᠦ ᠵᠢ ᠡᠷᠡᠰ ᠬᠣᠷᠢᠭᠯᠠᠵᠤ᠂ 《 ᠳᠣᠣᠷ᠎ᠠ ᠲᠦᠪᠰᠢᠨ ᠪᠦᠬᠦᠢ 〈ᠬᠣᠶᠠᠷ ᠥᠨᠳᠥᠷ〉 ᠵᠦᠢ᠍ᠯᠡᠰ᠎ᠢ ᠰᠣᠬᠣᠷ ᠪᠠᠯᠠᠢ᠎ᠪᠠᠷ ᠬᠦᠭᠵᠢᠬᠦᠯᠬᠦ ᠵᠢ ᠡᠷᠡᠰ ᠬᠤᠷᠢᠬᠯᠠᠵᠤ ᠬᠠᠮᠢᠶᠠᠷᠤᠨ ᠡᠵᠡᠮᠳᠡᠬᠦ ᠭᠠᠷᠴᠠᠭ》᠎ᠢ ᠨᠡᠢ᠌ᠲᠡᠯᠡᠵᠦ᠂ ᠵᠦᠪᠰᠢᠶᠡᠷᠡᠬᠦ᠂ ᠬᠡᠬᠡᠬᠦ᠂ ᠡᠨᠧᠷᠭᠢ ᠠᠷᠪᠢᠯᠠᠬᠤ᠂ ᠣᠷᠴᠢᠨ ᠠᠬᠤᠢ ᠵᠢ ᠬᠠᠮᠠᠭ᠋ᠠᠯᠠᠬᠤ ᠵᠡᠷᠭᠡ 4 ᠲᠠᠯ᠎ᠠ᠎ᠠᠴᠠ 8 ᠶᠡᠬᠡ ᠠᠵᠢᠯ ᠲᠦᠷᠦᠯ᠎ᠤᠨ 30 ᠲᠦᠷᠦᠯ᠎ᠤᠨ ᠭᠣᠣᠯᠳᠠᠯᠭ᠎ᠠ᠎ᠲᠠᠢ ᠵᠦᠢ᠍ᠯᠡᠰ᠎ᠤᠨ ᠬᠠᠮᠢᠶᠠᠷᠤᠨ ᠡᠵᠡᠮᠳᠡᠬᠦ ᠠᠷᠭ᠎ᠠ ᠵᠢ ᠨᠠᠷᠢᠯᠢᠭᠵᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠠᠴᠠ ᠨᠠᠭ᠋ᠠᠰᠢ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠳᠣᠲᠣᠷ᠎ᠠ 《ᠬᠣᠶᠠᠷ ᠥᠨᠳᠥᠷ》 ᠲᠥᠷᠥᠯ ᠵᠦᠢ᠍ᠯ᠎ᠤᠨ ᠡᠵᠡᠯᠡᠬᠦ ᠬᠠᠷᠢᠴᠠᠯ ᠶᠡᠬᠡ᠎ᠪᠠᠷ ᠪᠠᠭᠤᠷᠠᠪᠠ᠃
ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ᠎ᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠲᠡᠢ᠌ᠰᠢ ᠦᠷᠭᠦᠯᠵᠢᠯᠡᠨ ᠬᠦᠴᠦᠯᠡᠪᠡ ᠃ ᠡᠨᠧᠷᠭᠢ ᠵᠢᠨ ᠰᠤᠷᠪᠤᠯᠵᠢ ᠵᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠯᠠᠪᠳᠠᠭᠤᠨ ᠪᠥᠭᠡᠳ ᠡᠮᠬᠢ᠎ᠲᠠᠢ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠢ ᠬᠦᠴᠦᠯᠡᠨ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠋ᠠᠨ᠎ᠤ ᠪᠠᠭ᠋ᠠᠵᠢ ᠵᠢ ᠳᠡᠯᠭᠡᠷᠡᠭᠦᠯᠬᠦ ᠡᠷᠴᠢᠮ ᠵᠶ᠋ᠡᠨ ᠴᠢᠡᠭᠭ᠋ᠠᠷᠠᠭᠤᠯᠪᠠ᠃ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠤᠨ ᠬᠦᠭᠵᠢᠯᠳᠡ ᠵᠢ ᠪᠥᠬᠥ ᠲᠠᠯ᠎ᠠ᠎ᠪᠠᠷ ᠠᠬᠢᠭᠤᠯᠵᠤ᠂ 8 ᠲᠣᠮᠣ ᠠᠵᠤ ᠦᠢ᠍ᠯᠡᠰ᠎ᠤᠨ ᠪᠦᠯᠦᠭᠯᠡᠯ ᠪᠠ 16 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠲᠥᠪᠯᠡᠷᠡᠭᠦᠯᠦᠨ ᠪᠣᠶ ᠪᠣᠯᠭ᠋ᠠᠵᠤ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠠᠵᠤ ᠦᠢ᠍ᠯᠡᠰ᠎ᠤᠨ ᠨᠣᠭᠣᠭ᠋ᠠᠷᠠᠭᠤᠯᠤᠯᠲᠠ ᠵᠢᠨ ᠬᠡᠮᠵᠢᠶ᠎ᠡ᠂ ᠰᠢᠨ᠎ᠡ ᠵᠢᠨ ᠬᠡᠮᠵᠢᠶ᠎ᠡ᠂ ᠴᠢᠨᠰᠠᠭ᠎ᠠ ᠵᠢ ᠲᠠᠰᠤᠷᠠᠯᠲᠠ ᠦᠭᠡᠢ ᠲᠡᠭᠡᠭᠰᠢᠯᠡᠬᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠤᠪᠵᠢᠬᠦᠯᠬᠡ᠎ᠠᠴᠠ ᠨᠠᠭ᠋ᠠᠰᠢ ᠪᠥᠬᠥ ᠣᠷᠣᠨ᠎ᠤ ᠨᠢᠭᠡᠴᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠡᠨᠧᠷᠭᠢ ᠵᠢᠨ ᠬᠣᠷᠣᠭᠳᠠᠭᠤᠯᠤᠯ 13.8%᠎ᠪᠠᠷ ᠪᠠᠭᠤᠷᠠᠵᠤ᠂ ᠠᠬᠢᠴᠠ ᠵᠢᠨ ᠬᠠᠷᠠᠯᠲᠠ᠎ᠪᠠᠨ ᠪᠡᠶᠡᠯᠡᠭᠦᠯᠪᠡ᠃ ᠭᠣᠣᠯᠳᠠᠯᠭ᠎ᠠ᠎ᠲᠠᠢ ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠱᠦᠢ᠍ᠨᠢ᠂ ᠮᠧᠲ᠋ᠢᠯ ᠠᠯᠺᠣᠣᠯ᠂ ᠣᠯᠠᠨ ᠲᠠᠯᠠᠰᠲᠤ ᠴᠠᠬᠢᠭᠤᠷ᠂ ᠵᠡᠰ᠂ ᠬᠠᠷ᠎ᠠ ᠲᠤᠭᠤᠯᠭ᠎ᠠ᠂ ᠮᠠᠭᠨᠢ ᠵᠡᠷᠭᠡ 11 ᠠᠵᠢᠯ ᠲᠥᠷᠥᠯ᠎ᠤᠨ ᠨᠢᠭᠡᠴᠢ ᠦᠢ᠍ᠯᠡᠳᠬᠦᠨ᠎ᠤ ᠡᠨᠧᠷᠭᠢ ᠵᠢᠨ ᠬᠣᠷᠣᠭᠳᠠᠭᠤᠯᠤᠯ᠎ᠢ ᠤᠯᠤᠰ᠎ᠤᠨ ᠡᠨᠧᠷᠭᠢ ᠵᠢᠨ ᠬᠣᠷᠣᠭᠳᠠᠭᠤᠯᠤᠯ᠎ᠤᠨ ᠬᠢᠵᠠᠭ᠋ᠠᠷ ᠲᠣᠭ᠎ᠠ ᠵᠢᠨ ᠲᠡᠷᠢᠭᠦᠨ᠎ᠤ ᠬᠡᠮᠵᠢᠭᠳᠡᠯ᠎ᠳᠤ ᠬᠦᠷᠤᠬᠦᠯᠪᠡ᠃
ᠪᠠᠷᠠᠭ᠋ᠠᠯᠬᠢᠯᠠᠯ᠎ᠤᠨ ᠴᠢᠨᠠᠷᠲᠠᠢ ᠪᠤᠳᠤᠯᠬᠢᠯᠠᠨ᠂ ᠪᠦᠬᠦ ᠲᠠᠯ᠎ᠠ ᠵᠢᠨ ᠴᠢᠨᠠᠷᠲᠠᠢ ᠲᠦᠯᠦᠪᠵᠢᠬᠦᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠪᠠᠢ᠌ᠷᠢᠰᠢᠯᠠᠭᠤᠯᠤᠨ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠪᠠ᠃ 《ᠬᠣᠣᠰ ᠨᠡᠭᠦᠷᠡᠰᠦᠲᠥ᠋ᠷᠥᠭᠴᠢ》 ᠵᠢᠨ ᠠᠬᠤᠢ ᠪᠠᠢ᠌ᠳᠠᠯ ᠳᠣᠣᠷ᠎ᠠ ᠥᠪᠥᠷ ᠮᠣᠩᠭᠣᠯ᠎ᠤᠨ᠎ᠬᠢᠨ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ᠎ᠤᠨ ᠲᠠᠯᠠᠪᠠᠢ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠬᠤ ᠵᠢ ᠪᠠᠷᠢᠮᠲᠠᠯᠠᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦᠯᠤᠯᠳᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠲᠠᠰᠤᠷᠠᠯᠳᠡ ᠦᠭᠡᠢ ᠪᠤᠭᠤᠮᠳᠠ ᠰᠢᠪᠳᠤᠯᠤᠨ ᠠᠰᠠᠭᠤᠳᠠᠯ᠎ᠢ ᠰᠢᠢ᠍ᠳᠪᠦᠷᠢᠯᠡᠵᠦ᠂ ᠠᠮᠵᠢᠯᠲᠠ ᠪᠦᠲᠦᠮᠵᠢ ᠤᠯᠤᠬᠰᠠᠨ ᠪᠠᠢ᠌ᠯ᠎ᠠ᠃
ᠪᠤᠭᠤᠲᠤ ᠬᠣᠲᠠ ᠵᠢᠨ᠎ᠬᠢᠨ ᠡᠩ ᠲᠡᠷᠢᠭᠦᠨ᠎ᠳᠤ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠬᠡᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ 《ᠪᠤᠭᠤᠲᠤ ᠬᠣᠲᠠ ᠵᠢᠨ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠵᠢ ᠭᠦᠨᠵᠡᠭᠡᠢ ᠠᠬᠢᠭᠤᠯᠬᠤ ᠪᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠣᠲᠠ ᠵᠢ ᠲᠦᠷᠭᠡᠨ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠵᠣᠬᠢᠶᠠᠵᠤ᠂ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠎ᠪᠠᠷ ᠭᠣᠣᠯᠳᠠᠯᠭ᠎ᠠ᠎ᠲᠠᠢ ᠪᠠᠢ᠌ᠯᠳᠤᠬᠤ ᠪᠣᠳᠣᠯᠭ᠎ᠠ ᠵᠢᠨ ᠴᠢᠭᠯᠡᠯ ᠪᠣᠯᠭ᠋ᠠᠨ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠬᠣᠰᠢᠭᠤᠴᠢ ᠬᠣᠲᠠ᠂ ᠵᠢᠱ᠌ᠢᠶᠡᠴᠢ ᠬᠣᠲᠠ ᠵᠢ ᠴᠢᠷᠮᠠᠢ᠌ᠨ ᠪᠠᠢ᠌ᠭᠤᠯᠪᠠ᠃
ᠣᠷᠳᠣᠰ ᠬᠤᠳᠠ ᠵᠢᠨ᠎ᠬᠢᠨ 《ᠬᠣᠣᠰ ᠨᠡᠭᠦᠷᠡᠰᠦᠲᠥ᠋ᠷᠥᠭᠴᠢ》 ᠵᠢᠨ ᠪᠠᠢ᠌ᠯᠳᠤᠬᠤ ᠪᠣᠳᠣᠯᠭ᠎ᠠ ᠵᠢᠨ ᠠᠵᠠ ᠲᠣᠬᠢᠶᠠᠯ᠎ᠢ ᠠᠮᠵᠢᠵᠤ᠂ ᠰᠢᠨ᠎ᠡ ᠡᠨᠧᠷᠭᠢ᠎ᠪᠠᠷ ᠡᠨᠧᠷᠭᠢ ᠵᠢᠨ ᠪᠦᠲᠦᠴᠡ ᠵᠢ ᠲᠣᠬᠢᠷᠠᠭᠤᠯᠬᠤ ᠭᠣᠣᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠡᠨᠧᠷᠭᠢ ᠵᠢᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠬᠤ᠎ᠪᠠᠷ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠬᠤ᠂ ᠠᠵᠤ ᠠᠬᠤᠢ ᠵᠢᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠬᠤ ᠠᠵᠢᠯ᠎ᠢ ᠳᠠᠢ᠍ᠢ᠍ᠴᠢᠯᠠᠵᠦ᠂ 《ᠤᠰᠤᠲᠥ᠋ᠷᠥᠭᠴᠢ ᠵᠢ ᠬᠠᠳᠠᠭ᠋ᠠᠯᠠᠬᠤ ᠦᠵᠡᠮᠵᠢ ᠵᠢᠨ ᠲᠡᠷᠭᠡ》 ᠵᠡᠷᠬᠡ ᠲᠠᠪᠤᠨ ᠶᠡᠬᠡ ᠠᠵᠤ ᠦᠢ᠍ᠯᠡᠰ᠎ᠤᠨ ᠪᠦᠯᠦᠭᠵᠢᠯ᠎ᠢ ᠴᠢᠷᠮᠠᠢ᠌ᠨ ᠴᠣᠭᠴᠠᠯᠠᠵᠤ᠂ ᠡᠬᠢ ᠪᠠᠶᠠᠯᠢᠭ᠎ᠤᠨ ᠬᠡᠯᠪᠡᠷᠢ᠎ᠲᠠᠢ ᠬᠤᠳᠠ ᠵᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ᠎ᠳᠤ ᠰᠢᠨ᠎ᠡ ᠵᠠᠮ᠎ᠢ ᠨᠡᠬᠡᠬᠡᠪᠡ᠃
ᠦᠬᠠᠢ ᠬᠤᠳᠠ ᠵᠢᠨ᠎ᠬᠢᠨ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠨᠢ ᠠᠵᠤ ᠠᠬᠤᠢ᠌ᠯᠠᠯ᠎ᠤᠨ ᠵᠠᠪᠠᠯ ᠰᠤᠷᠬᠤ ᠬᠢᠴᠢᠶᠡᠯ ᠪᠣᠯᠬᠤ᠎ᠪᠠᠷ ᠪᠠᠷᠠᠬᠤ ᠦᠭᠡᠢ ᠪᠠᠰᠠ ᠠᠷᠠᠳ ᠤᠯᠠᠨ᠎ᠤ 《ᠴᠦᠡᠭᠭᠦ》 ᠵᠢ ᠲᠦᠭᠳᠤᠢ᠌ᠯᠬᠡᠪᠡ᠃
ᠥᠪᠥᠷ ᠮᠣᠩᠭᠣᠯ᠎ᠢ ᠪᠠᠷᠠᠯᠠᠬᠤᠶ᠎ᠠ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ ᠦᠭᠡᠢ ᠬᠦᠭᠵᠢᠬᠦᠯᠤᠯᠳᠡ᠎ᠨᠢ ᠨᠢᠭᠡᠨᠲᠡ ᠨᠡᠢ᠌ᠭᠡᠮ ᠲᠠᠶᠠᠭ᠋ᠠᠷ᠎ᠤᠨ᠎ᠬᠢᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠢ᠌ᠨ᠎ᠠ᠃
2021 — 2022 ᠣᠨ᠎ᠳᠤ ᠮᠠᠨ᠎ᠤ ᠣᠷᠣᠨ᠎ᠤ ᠡᠨᠧᠷᠭᠢ ᠵᠢᠨ ᠬᠣᠷᠣᠭᠳᠠᠯ᠎ᠢ 11%᠎ᠠᠴᠠ ᠳᠡᠭᠡᠭᠰᠢ ᠪᠠᠭᠤᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠵᠢᠨ ᠠᠬᠢᠴᠠ ᠵᠢ 70%᠎ᠠᠴᠠ ᠳᠡᠭᠡᠭᠰᠢ ᠪᠡᠶᠡᠯᠡᠭᠦᠯᠵᠦ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠦᠨᠤ ᠵᠢᠯ᠎ᠤᠨ ᠡᠮᠦᠨ᠎ᠡ ᠬᠠᠭ᠋ᠠᠰ ᠵᠢᠯ ᠪᠥᠬᠥ ᠣᠷᠣᠨ᠎ᠤ ᠡᠨᠧᠷᠭᠢ ᠵᠢᠨ ᠬᠣᠷᠣᠭᠳᠠᠯ 3.5%᠎ᠠᠴᠠ ᠳᠡᠭᠡᠭᠰᠢ ᠪᠠᠭᠤᠷᠠᠵᠤ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠪᠠ GDP ᠲᠣᠰ ᠲᠣᠰ 34.5% ᠪᠠ 7.3%᠎ᠪᠠᠷ ᠨᠡᠮᠡᠭᠳᠡᠨ᠂ ᠲᠣᠰ ᠲᠣᠰ ᠪᠥᠬᠥ ᠤᠯᠤᠰ᠎ᠤᠨ ᠬᠣᠶᠠᠳᠤᠭ᠋ᠠᠷ ᠪᠠ ᠲᠠᠪᠤᠳᠤᠭ᠋ᠠᠷ᠎ᠲᠤ ᠣᠷᠣᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ᠂ ᠠᠵᠤ ᠠᠬᠤᠢ ᠵᠢᠨ ᠨᠡᠮᠡᠭᠳᠡᠯ᠎ᠤᠨ 《ᠬᠥᠳᠡᠯᠭᠡᠬᠦ ᠬᠦᠴᠦᠨ᠎ᠤ ᠡᠬᠢ ᠰᠤᠷᠪᠤᠯᠵᠢ》 ᠵᠢ ᠲᠣᠭᠲᠠᠪᠤᠷᠢᠵᠢᠭᠤᠯᠬᠤ ᠵᠢ ᠬᠦᠴᠦᠲᠡᠢ ᠪᠠᠲᠤᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠪᠠ ᠠᠵᠤ ᠠᠬᠤᠢ ᠵᠢᠨ ᠬᠦᠭᠵᠢᠬᠦᠯᠤᠯᠳᠡ ᠵᠢ ᠵᠣᠬᠢᠴᠠᠯᠳᠤᠭᠤᠯᠤᠨ ᠵᠡᠷᠬᠡ᠎ᠪᠠᠷ ᠬᠦᠭᠵᠢᠬᠦᠯᠵᠤ ᠴᠢᠳᠠᠬᠰᠠᠨ ᠪᠠᠢ᠌ᠨ᠎ᠠ᠃