ᠪᠤᠭᠤᠳᠤ ᠬᠤᠳᠠ ᠵᠢᠨ ᠬᠥᠨᠳᠡᠯᠡᠨ ᠲᠣᠭᠣᠷᠢᠭ᠎ᠤᠨ᠎ᠬᠢᠨ ᠤᠷᠴᠢᠮ᠎ᠤᠨ ᠵᠢᠯ ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠪᠠ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ 《126 ᠠᠵᠢᠯ᠎ᠤᠨ ᠵᠠᠭᠪᠤᠷ》᠎ᠢ ᠬᠡᠷᠡᠭᠵᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠦᠬᠦᠯᠢ ᠴᠣᠭᠴᠠ ᠵᠢᠨ ᠰᠢᠰᠲ᠋ᠧᠮ᠎ᠢ ᠥᠨᠳᠥᠷ ᠪᠠᠷᠢᠮᠵᠢᠶ᠎ᠠ᠎ᠪᠠᠷ ᠪᠠᠢ᠌ᠭᠤᠯᠵᠤ᠂ ᠨᠠᠰᠤᠨ᠎ᠳᠤ ᠥᠯᠥ ᠭᠦᠷᠦᠭᠰᠡᠳ᠂ ᠢᠯᠠᠩᠭᠤᠶ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠬᠦᠴᠦᠷᠬᠡᠭ ᠬᠠᠮ ᠬᠦᠴᠦᠨ᠎ᠢ ᠨᠢᠭᠲᠠᠷᠠᠭᠤᠯᠤᠨ᠂ ᠬᠡᠤᠬᠡᠳ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠬᠤ ᠵᠢ ᠪᠠᠳᠤᠯᠠᠬᠰᠠᠭ᠋ᠠᠷ ᠢᠷᠡᠪᠡ᠃
ᠨᠢᠭᠡ᠎ᠳᠤ᠂ 《ᠨᠢᠭᠡ》 ᠬᠠᠮᠲᠤᠷᠠᠭᠰᠠᠨ ᠲᠠᠪᠴᠠᠩ᠎ᠢ ᠪᠠᠢ᠌ᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠤᠨ ᠰᠠᠭᠤᠷᠢ ᠵᠢ ᠰᠠᠢ᠌ᠲᠤᠷ ᠲᠠᠯᠪᠢᠪᠠ᠃ ᠤᠳᠤᠷᠢᠳᠤᠯᠭ᠎ᠠ᠎ᠪᠠᠨ ᠴᠢᠡᠭᠭ᠋ᠠᠳᠬᠠᠬᠤ ᠲᠠᠯ᠎ᠠ᠎ᠪᠠᠷ ᠬᠦᠨᠳᠡᠯᠡᠨ ᠲᠣᠭᠣᠷᠢᠭ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠵᠤ ᠬᠠᠮᠠᠭ᠋ᠠᠯᠠᠬᠤ ᠠᠵᠢᠯ᠎ᠢ ᠢᠮᠠᠭᠲᠠ ᠠᠩᠬᠠᠷᠴᠤ᠂ ᠨᠠᠮ᠎ᠤᠨ ᠬᠣᠷᠢᠶ᠎ᠠ ᠵᠢᠨ᠎ᠬᠢᠨ ᠤᠳᠤᠷᠢᠳᠬᠤ᠂ ᠵᠠᠰᠠᠭ᠎ᠤᠨ ᠣᠷᠳᠣᠨ᠎ᠤ᠎ᠬᠢᠨ ᠵᠶ᠋ᠠᠷ ᠭᠣᠣᠯᠯᠠᠭᠤᠯᠬᠤ ᠵᠢ ᠪᠠᠷᠢᠮᠲᠠᠯᠠᠵᠤ᠂ ᠲᠣᠭᠣᠷᠢᠭ᠎ᠤᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ᠂ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠡᠳ᠋ ᠳᠠᠷᠤᠭ᠎ᠠ ᠪᠣᠯᠭ᠋ᠠᠭᠰᠠᠨ᠂ 39 ᠨᠢᠬᠡᠴᠢ ᠵᠢᠨ ᠭᠣᠣᠯ ᠤᠳᠤᠷᠢᠳᠤᠯᠭ᠎ᠠ᠎ᠪᠠᠷ ᠪᠦᠷᠢᠯᠳᠦᠭᠦᠨ ᠪᠣᠯᠭ᠋ᠠᠭᠰᠠᠨ ᠬᠥᠨᠳᠡᠯᠡᠨ ᠲᠣᠭᠣᠷᠢᠭ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ 《ᠨᠠᠮ᠎ᠤᠨ ᠬᠣᠷᠢᠶ᠎ᠠ ᠵᠢᠨ᠎ᠬᠢᠨ ᠤᠳᠤᠷᠢᠳᠤᠭᠰᠠᠨ᠂ ᠵᠠᠰᠠᠭ᠎ᠤᠨ ᠣᠷᠳᠣᠨ᠎ᠤ᠎ᠬᠢᠨ ᠬᠠᠷᠢᠭᠤᠴᠠᠭᠰᠠᠨ᠂ ᠠᠷᠠᠳ᠎ᠤᠨ ᠶᠠᠪᠤᠳᠠᠯ᠎ᠤᠨ᠎ᠬᠢᠨ ᠲᠦᠷᠦᠭᠦᠯᠡᠨ ᠬᠢᠭᠰᠡᠨ᠂ ᠰᠠᠯᠠᠭ᠎ᠠ ᠮᠥᠴᠢᠷ᠎ᠤᠨ᠎ᠬᠢᠨ ᠬᠣᠯᠪᠤᠭ᠋ᠠᠯᠠᠨ ᠬᠥᠳᠡᠯᠦᠯᠴᠡᠭᠰᠡᠨ᠂ ᠨᠡᠢ᠌ᠭᠡᠮ ᠲᠠᠶᠠᠭ᠋ᠠᠷ ᠵᠶ᠋ᠡᠨ ᠣᠷᠣᠯᠴᠠᠭᠰᠠᠨ》 ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠤᠨ ᠲᠣᠭᠲᠠᠴᠠ ᠵᠢ ᠪᠣᠶ ᠪᠣᠯᠭ᠋ᠠᠪᠠ᠃
ᠳᠦᠷᠢᠮ᠎ᠢ ᠲᠡᠬᠦᠯᠳᠡᠷᠵᠢᠬᠦᠯᠬᠦ ᠲᠠᠯ᠎ᠠ᠎ᠪᠠᠷ 《ᠬᠥᠨᠳᠡᠯᠡᠨ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠤᠷᠰᠢᠯᠲᠠ ᠵᠢᠨ ᠲᠣᠭᠣᠷᠢᠭ ᠵᠶ᠋ᠠᠷ ᠮᠡᠳᠡᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ》 《ᠬᠥᠨᠳᠡᠯᠡᠨ ᠲᠣᠭᠣᠷᠢᠭ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠬᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠳᠦᠷᠢᠮ》 《ᠬᠥᠨᠳᠡᠯᠡᠨ ᠲᠣᠭᠣᠷᠢᠭ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠯᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠠᠵᠢᠯ᠎ᠤᠨ ᠳᠦᠷᠢᠮ》 《ᠬᠥᠨᠳᠡᠯᠡᠨ ᠲᠣᠭᠣᠷᠢᠭ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠯᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠬᠡᠴᠢ ᠵᠢᠨ᠎ᠬᠢᠨ᠎ᠤ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ》 ᠵᠡᠷᠭᠡ ᠠᠯᠢ ᠣᠯᠠᠨ ᠳᠦᠷᠢᠮ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠪᠠ᠃ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠥᠬᠥ ᠲᠠᠯ᠎ᠠ ᠵᠢᠨ᠂ ᠣᠯᠠᠨ ᠲᠠᠰ ᠳᠠᠪᠬᠤᠷᠭ᠎ᠠ ᠵᠢᠨ᠂ ᠪᠣᠰᠣᠭ᠎ᠠ ᠴᠣᠭᠴᠠᠲᠤ ᠳᠦᠷᠢᠮ᠎ᠤᠨ ᠰᠢᠰᠲᠸᠮ᠎ᠢ ᠪᠠᠢ᠌ᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠨᠳᠥᠷ ᠪᠦᠲᠦᠮᠵᠢᠲᠡᠶ᠂ ᠡᠮᠬᠢ ᠵᠢᠷᠤᠮ᠎ᠲᠠᠢ ᠶᠠᠪᠤᠭᠳᠠᠬᠤ ᠵᠢ ᠪᠠᠳᠤᠯᠠᠪᠠ᠃
ᠡᠬᠢ ᠪᠠᠶᠠᠯᠢᠭ᠎ᠢ ᠡᠮᠬᠢᠯᠡᠬᠦ ᠲᠠᠯ᠎ᠠ᠎ᠪᠠᠷ ᠣᠯᠠᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠬᠠᠮᠲᠤᠷᠠᠭᠰᠠᠨ ᠲᠠᠪᠴᠠᠩ᠎ᠢ ᠪᠠᠢ᠌ᠭᠤᠯᠵᠤ᠂ ᠬᠠᠮᠠᠭ᠋ᠠᠯᠠᠯᠲᠠ ᠵᠢᠨ ᠲᠤᠷᠰᠢᠯᠲᠠ ᠵᠢᠨ ᠲᠣᠭᠣᠷᠢᠭ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠬᠡᠴᠢ ᠵᠢ ᠡᠭᠦᠳᠦᠨ ᠪᠠᠶ᠋ᠢᠭᠤᠯᠬᠤ᠎ᠪᠠᠷ ᠭᠣᠣᠯ ᠴᠣᠭᠴᠠ ᠪᠣᠯᠭ᠋ᠠᠵᠤ᠂ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠡᠩᠨᠡᠭᠡ ᠵᠡᠷᠭᠡ ᠨᠡᠢ᠌ᠭᠡᠮ᠎ᠤᠨ ᠬᠦᠴᠦᠨ᠎ᠢ ᠣᠷᠣᠯᠴᠠᠭᠤᠯᠵᠤ᠂ 1 ᠬᠠᠮᠲᠤᠷᠠᠭᠰᠠᠨ ᠲᠠᠪᠴᠠᠩ ᠵᠶ᠋ᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠪᠥᠬᠥ ᠬᠡᠯᠬᠢᠶ᠎ᠡ ᠵᠢᠨ ᠠᠵᠢᠯ᠎ᠢ ᠳᠠᠭ᠋ᠠᠭᠤᠯᠵᠤ᠂ ᠬᠠᠯᠠᠮᠵᠢᠯᠠᠨ ᠬᠠᠮᠠᠭ᠋ᠠᠯᠠᠬᠤ ᠬᠠᠮ ᠬᠦᠴᠦᠨ᠎ᠢ ᠨᠢᠬᠳᠠᠷᠠᠭᠤᠯᠤᠬᠰᠠᠨ ᠵᠶ᠋ᠡᠷ ᠦᠨᠤ ᠵᠢᠯ 182 ᠤᠳᠠᠭ᠎ᠠ ᠬᠠᠯᠠᠮᠵᠢᠯᠠᠨ ᠲᠣᠬᠣᠨᠢᠭᠤᠯᠵᠤ᠂ ᠬᠡᠦᠬᠡᠳ᠎ᠲᠤ 5360 ᠤᠳᠠᠭ᠎ᠠ ᠦᠢ᠍ᠯᠡᠴᠢᠯᠡᠭᠰᠡᠨ ᠪᠠᠢ᠌ᠨ᠎ᠠ᠃
ᠬᠣᠶᠠᠷ᠎ᠲᠤ᠂ 《ᠬᠣᠶᠠᠷ》 ᠢ ᠪᠦᠷᠬᠦᠭᠦᠯᠬᠦ ᠲᠤᠬᠳᠠᠴᠨ ᠵᠢ ᠪᠠᠢ᠌ᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠲᠤᠤᠷᠵᠢᠯ᠎ᠢ ᠨᠢᠭᠲᠠ ᠰᠦᠯᠵᠢᠪᠡ᠃ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ ᠵᠢ ᠪᠦᠬᠦᠨ᠎ᠢ ᠬᠠᠮᠤᠷᠤᠭᠤᠯᠵᠤ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠭᠣᠣᠯ ᠵᠢᠭᠰᠠᠭ᠋ᠠᠯ᠎ᠤᠨ ᠭᠠᠵᠠᠷ᠎ᠢ ᠪᠡᠬᠢᠵᠢᠬᠦᠯᠪᠡ᠃ 15 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠠ ᠪᠠᠯᠭ᠋ᠠᠰᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠥᠷᠲᠡᠭᠡ ᠨᠢᠬᠡᠴᠢ ᠪᠦᠬᠦᠨ ᠵᠶ᠋ᠡᠷ ᠵᠶ᠋ᠡᠨ ᠫᠠᠢ᠌ᠰᠠ ᠡᠯᠭᠦᠵᠦ᠂ ᠴᠥᠮ ᠲᠤᠰᠠᠭ᠋ᠠᠷ ᠠᠯᠪᠠᠨ ᠭᠡᠷ᠂ ᠬᠡᠦᠬᠡᠳ᠎ᠤᠨ ᠠᠵᠢᠯᠯᠠᠭ᠋ᠠᠨ᠎ᠤ ᠥᠷᠥᠭᠡ᠂ ᠰᠡᠳᠬᠢᠴᠡ ᠵᠢᠨ ᠵᠢᠯᠤᠭᠤᠳᠤᠮᠵᠢ ᠵᠢᠨ ᠥᠷᠥᠭᠡ ᠵᠡᠷᠭᠡ ᠴᠢᠳᠠᠮᠵᠢ᠎ᠲᠠᠢ ᠭᠡᠷ ᠬᠠᠩᠭ᠋ᠠᠵᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠥᠷᠲᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠦᠯᠵᠦ᠂ ᠪᠡᠯᠡᠳᠬᠡᠯ ᠲᠦᠬᠦᠬᠡᠷᠤᠮᠵᠢ ᠵᠢ ᠴᠥᠮ ᠪᠠᠷᠢᠮᠵᠢᠶ᠎ᠠ᠎ᠳᠤ ᠬᠦᠷᠭᠡᠭᠰᠡᠨ ᠪᠠᠢ᠌ᠨ᠎ᠠ᠃ ᠬᠡᠦᠬᠡᠳ᠎ᠤᠨ ᠬᠢᠨᠠᠨ ᠵᠢᠯᠣᠭᠣᠳᠤᠭᠴᠢ ᠪᠠ ᠬᠡᠦᠬᠡᠳ᠎ᠤᠨ ᠡᠷᠬᠢᠯᠡᠭᠴᠢ ᠵᠢ ᠰᠢᠯᠢᠳᠡᠭ᠎ᠢ᠎ᠨᠢ ᠰᠣᠩᠭᠣᠨ ᠲᠣᠬᠢᠷᠠᠭᠤᠯᠵᠤ᠂ ᠵᠠᠰᠠᠭ᠎ᠤᠨ ᠣᠷᠳᠣᠨ᠎ᠤ᠎ᠬᠢᠨ ᠰᠢᠭᠤᠳ ᠵᠣᠬᠢᠶᠠᠨ ᠪᠠᠶ᠋ᠢᠭᠤᠯᠬᠤ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ ᠵᠡᠷᠭᠡ ᠣᠯᠠᠨ ᠠᠷᠭ᠎ᠠ ᠪᠠᠷ ᠦᠨᠳᠦᠰᠦᠨ ᠱᠠᠲᠤᠨ᠎ᠤ ᠬᠡᠦᠬᠡᠳ᠎ᠤᠨ ᠠᠵᠢᠯᠲᠠᠳ᠎ᠲᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠪᠣᠯᠪᠠᠰᠤᠷᠠᠯ ᠥᠷᠨᠢᠭᠦᠯᠵᠦ᠂ ᠪᠥᠬᠥ ᠵᠢᠯ᠎ᠳᠤ 510 ᠤᠳᠠᠭ᠎ᠠ ᠪᠣᠯᠪᠠᠰᠤᠷᠠᠭᠤᠯᠵᠤ᠂ 100% ᠪᠠᠷ ᠬᠠᠮᠤᠷᠠᠭᠤᠯᠤᠨ᠂ ᠦᠨᠳᠦᠰᠦᠨ ᠱᠠᠲᠤᠨ᠎ᠤ ᠬᠡᠦᠬᠡᠳ᠎ᠤᠨ ᠠᠵᠢᠯᠲᠠᠳ᠎ᠤᠨ ᠴᠢᠳᠠᠪᠤᠷᠢ ᠵᠢ ᠪᠦᠲᠦᠮᠵᠢᠲᠡᠶ ᠲᠡᠭᠡᠭᠰᠢᠯᠡᠬᠦᠯᠪᠡ᠃ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠎ᠨᠦᠭᠦᠳ 《ᠨᠢᠭᠡ ᠥᠷᠲᠡᠭᠡ ᠨᠢᠭᠡ ᠣᠨᠴᠠᠯᠢᠭ᠎ᠲᠠᠢ》 ᠨᠠᠷᠠᠲᠤ ᠲᠡᠮᠳᠡᠭᠲᠦ ᠵᠢ ᠪᠣᠶ ᠪᠤᠯᠭ᠋ᠠᠬᠰᠠᠨ ᠵᠶ᠋ᠡᠷ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠬᠢᠯᠠᠰ ᠴᠡᠭ ᠣᠯᠠᠨ ᠢᠯᠡᠷᠡᠵᠦ᠂ 《ᠨᠥᠬᠥᠷᠯᠡᠯ》 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠨ᠎ᠳᠤ ᠥᠯᠥ ᠭᠦᠷᠦᠭᠰᠡᠳ᠎ᠤᠨ ᠠᠷᠢᠭᠤᠨ ᠴᠢᠭᠴᠢ ᠵᠢᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠪᠠᠢ᠌ᠭᠤᠯᠵᠤ᠂ 1+3+N ᠨᠠᠰᠤᠨ᠎ᠳᠤ ᠥᠯᠥ ᠭᠦᠷᠦᠭᠰᠡᠳ᠎ᠤᠨ ᠠᠷᠢᠭᠤᠨ ᠴᠢᠭᠴᠢ ᠵᠢᠨ ᠬᠥᠮᠦᠵᠢᠯ᠎ᠤᠨ ᠠᠵᠢᠯ᠎ᠤᠨ ᠲᠣᠭᠲᠠᠴᠠ ᠵᠢ ᠡᠬᠦᠳᠪᠡ᠃
《ᠤᠷᠤᠬᠰᠢᠯᠠᠯᠳᠠ ᠵᠠᠮ》 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ 《ᠳᠥᠷᠪᠡᠨ ᠡᠷᠳᠡᠮ ᠰᠢᠨᠵᠢᠯᠡᠭᠡᠨ᠎ᠤ ᠬᠢᠴᠢᠶᠡᠯ᠎ᠤᠨ ᠲᠠᠩᠬᠢᠮ》 ᠵᠶ᠋ᠠᠷ ᠥᠪᠡᠷᠮᠢᠴᠡ ᠣᠨᠴᠠᠯᠢᠭ᠎ᠲᠠᠢ ᠬᠢᠯᠠᠰ ᠴᠡᠭ ᠪᠣᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠤᠨ ᠬᠦᠰᠡᠯᠡᠩ᠎ᠤᠨ ᠬᠥᠮᠦᠵᠢᠯ᠂ ᠢᠲᠡᠭᠡᠯ ᠪᠢᠰᠢᠷᠡᠯ᠎ᠤᠨ ᠬᠥᠮᠦᠵᠢᠯ᠂ ᠤᠯᠠᠮᠵᠢᠯᠠᠯᠲᠤ ᠰᠣᠶᠣᠯ᠎ᠤᠨ ᠬᠥᠮᠦᠵᠢᠯ ᠪᠠ ᠠᠶᠤᠯ ᠦᠬᠡᠢ ᠵᠢᠨ ᠲᠤᠬᠠᠢ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠪᠠ᠃ ᠨᠠᠰᠤᠨ᠎ᠳᠤ ᠥᠯᠥ ᠭᠦᠷᠦᠭᠰᠡᠳ᠎ᠤᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠵᠢ ᠪᠦᠬᠦᠨ᠎ᠢ ᠬᠠᠮᠤᠷᠴᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠯᠠᠭ᠋ᠠᠬᠤ ᠠᠵᠢᠯ᠎ᠤᠨ ᠭᠣᠣᠯ ᠬᠥᠭ ᠠᠶᠠᠰ᠎ᠢ ᠰᠠᠢ᠌ᠲᠤᠷ ᠬᠦᠭᠵᠢᠮᠳᠡᠯᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠦᠢ᠍ᠯᠡᠴᠢᠯᠡᠭᠡ ᠵᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠴᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠲᠠᠩᠰᠠ ᠡᠪᠬᠡᠮᠡᠯ᠎ᠢ ᠪᠠᠢ᠌ᠭᠤᠯᠵᠤ᠂ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ ᠪᠠᠢ᠌ᠭᠤᠯᠵᠤ᠂ ᠭᠣᠣᠯᠳᠠᠯᠭ᠎ᠠ᠎ᠲᠠᠢ ᠠᠩᠬᠠᠷᠴᠤ᠂ ᠬᠥᠳᠡᠯᠦᠩᠭᠦᠢ᠎ᠪᠠᠷ ᠬᠠᠮᠢᠶᠠᠷᠬᠤ》 ᠠᠷᠭ᠎ᠠ ᠵᠢ ᠬᠡᠷᠡᠭᠵᠢᠭᠦᠯᠦᠨ᠂ ᠬᠠᠪᠰᠤᠷᠤᠨ ᠲᠡᠳᠬᠦᠵᠦ ᠬᠠᠷᠠᠭ᠋ᠠᠯᠵᠠᠨ ᠬᠠᠮᠠᠭ᠋ᠠᠯᠠᠬᠤ ᠨᠠᠷᠢᠨ ᠲᠤᠳᠤ ᠠᠷᠭ᠎ᠠ ᠵᠢ ᠲᠣᠭᠲᠠᠭ᠋ᠠᠵᠤ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠬᠠᠷᠠᠭ᠋ᠠᠯᠵᠠᠨ ᠬᠠᠮᠠᠭ᠋ᠠᠯᠠᠵᠤ ᠦᠨᠡᠯᠡᠬᠦ ᠪᠠ ᠴᠢᠳᠠᠪᠤᠷᠢ ᠵᠢ ᠳᠡᠭᠡᠭᠰᠢᠯᠡᠭᠦᠯᠬᠦ ᠠᠵᠢᠯ᠎ᠢ ᠰᠦᠪᠡᠭᠴᠢᠯᠡᠨ ᠥᠷᠨᠢᠭᠦᠯᠪᠡ᠃
ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ ᠪᠣᠯᠣᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠲᠠᠢ ᠢᠳᠡᠪᠬᠢᠲᠡᠢ ᠵᠣᠯᠭ᠋ᠠᠭᠤᠯᠬᠤ᠎ᠪᠠᠷ ᠳᠡᠮᠵᠢᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠲᠤᠰᠬᠠᠢ ᠮᠡᠷᠭᠡᠵᠢᠯ᠎ᠤᠨ ᠰᠡᠳᠬᠢᠴᠡ ᠵᠢᠨ ᠲᠠᠢ᠌ᠳᠬᠤᠷᠠᠭᠤᠯᠤᠯᠢ 60 ᠭᠠᠷᠤᠢ ᠥᠷᠨᠢᠭᠦᠯᠵᠦ᠂ ᠨᠠᠰᠤᠨ᠎ᠳᠤ ᠦᠯᠦ ᠬᠦᠷᠦᠭᠰᠡᠳ᠎ᠤᠨ ᠡᠷᠡᠭᠦᠯ ᠵᠶ᠋ᠡᠷ ᠦᠰᠦᠨ ᠪᠤᠢ᠌ᠵᠢᠭᠤᠯᠬᠤ ᠭᠣᠣᠯ ᠰᠢᠵᠢᠮ᠎ᠤᠨ ᠲᠣᠭᠣᠷᠢᠨ᠎ᠳᠤ ᠵᠠᠯᠠᠭᠤᠴᠤᠳ ᠪᠠᠭ᠋ᠠᠴᠤᠳ᠎ᠤᠨ ᠨᠣᠮ ᠤᠩᠰᠢᠬᠤ ᠠᠵᠢᠯᠯᠠᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠢ ᠰᠤᠳᠤᠯᠤᠨ ᠰᠤᠷᠤᠯᠴᠠᠬᠤ᠂ ᠰᠣᠨᠢᠷᠬᠠᠯᠲᠠᠢ ᠭᠠᠷ ᠤᠷᠠᠯᠠᠯ᠂ ᠬᠠᠤᠯᠢ ᠴᠠᠭ᠋ᠠᠵᠠ ᠵᠢ ᠰᠠᠢ᠌ᠨ ᠮᠡᠳᠡᠬᠦ ᠬᠥᠮᠥᠨ ᠵᠡᠷᠭᠡ ᠰᠢᠷᠢᠰ ᠠᠵᠢᠯᠯᠠᠭ᠎ᠠ ᠵᠢ 700 ᠭᠠᠷᠤᠢ ᠥᠷᠨᠢᠭᠦᠯᠵᠦ᠂ ᠨᠠᠰᠤᠨ᠎ᠳᠤ ᠦᠯᠦ ᠬᠦᠷᠦᠭᠰᠡᠳ᠎ᠲᠤ 6000 ᠭᠠᠷᠤᠢ ᠤᠳᠠᠭ᠎ᠠ ᠠᠰᠢᠭ ᠬᠦᠷᠲᠡᠭᠡᠵᠦ᠂ ᠭᠡᠷ᠎ᠤᠨ ᠠᠬᠠᠮᠠᠳ᠎ᠲᠤ 10000 ᠭᠠᠷᠤᠢ ᠤᠳᠠᠭ᠎ᠠ ᠠᠰᠢᠭ ᠬᠦᠷᠲᠡᠭᠡᠵᠡᠢ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ᠂ ᠨᠡᠶ᠋ᠢᠲᠡ ᠵᠢᠨ ᠠᠰᠠᠷᠠᠮᠵᠢ ᠵᠢᠨ ᠪᠡᠯᠡ ᠣᠷᠣᠭᠤᠯᠤᠯᠲᠠ ᠵᠢᠨ ᠤᠷᠤᠯᠳᠤᠭ᠋ᠠᠨ ᠵᠶ᠋ᠡᠷ 16 ᠵᠠᠯᠠᠭᠤᠴᠤᠳ ᠪᠠᠭ᠋ᠠᠴᠤᠳ᠎ᠤᠨ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠂ ᠰᠠᠢ᠌ᠨ ᠲᠤᠷ᠎ᠠ ᠵᠢᠨ ᠦᠢ᠍ᠯᠡᠴᠢᠯᠡᠬᠡᠨ᠎ᠤ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠲᠥᠷᠥᠯ ᠵᠦᠢ᠍ᠯ᠎ᠢ ᠬᠡᠷᠡᠭᠵᠢᠭᠦᠯᠬᠦ ᠵᠢ ᠵᠣᠷᠢᠭᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡ᠂ ᠬᠠᠤᠯᠢ᠎ᠪᠠᠷ ᠵᠠᠰᠠᠬᠤ ᠤᠬᠠᠭᠤᠯᠭ᠎ᠠ᠂ ᠥᠪᠡᠷ᠎ᠢ᠎ᠪᠠᠨ ᠬᠠᠮᠠᠭ᠋ᠠᠯᠠᠬᠤ ᠬᠥᠮᠦᠵᠢᠯ᠎ᠢ 60 ᠭᠠᠷᠤᠢ ᠥᠷᠨᠢᠭᠦᠯᠵᠦ᠂ 《ᠵᠢᠳᠬᠦᠯ ᠴᠢᠷᠮᠠᠢ᠌ᠯᠭ᠎ᠠ᠎ᠲᠠᠢ ᠪᠠᠭ᠋ᠠᠴᠤᠳ》 ᠵᠡᠷᠭᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠢ ᠣᠷᠳᠣ ᠬᠤᠭᠤᠴᠠᠭ᠎ᠠ᠎ᠪᠠᠷ ᠪᠠᠷᠢᠮᠲᠠᠯᠠᠭᠰᠠᠭ᠋ᠠᠷ ᠢᠷᠡᠭᠰᠡᠨ 6 ᠲᠥᠷᠥᠯ ᠵᠦᠢ᠍ᠯ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠪᠠ᠃
ᠭᠤᠷᠪᠠ᠎ᠳᠤ᠂ 《ᠵᠢᠷᠭᠤᠭ᠋ᠠᠨ ᠶᠡᠬᠡ ᠬᠠᠮᠠᠭ᠋ᠠᠯᠠᠯᠲᠠ》 ᠵᠢ ᠪᠣᠳᠠᠲᠠᠢ᠌ᠵᠢᠭᠤᠯᠤᠨ ᠨᠠᠷᠢᠯᠢᠭᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠮᠠᠭ᠋ᠠᠯᠠᠯᠲᠠ ᠵᠢᠨ ᠬᠠᠮᠤᠷᠬᠤ ᠬᠡᠪᠴᠢᠶ᠎ᠡ ᠵᠢ ᠦᠷᠬᠡᠳᠬᠡᠪᠡ᠃ ᠭᠡᠷ ᠪᠦᠯᠢ ᠵᠢᠨ ᠬᠠᠮᠠᠭ᠋ᠠᠯᠠᠯᠲᠠ ᠵᠢᠨ ᠲᠠᠯ᠎ᠠ ᠪᠠᠷ ᠭᠡᠷ ᠪᠦᠯᠢ᠂ ᠰᠤᠷᠭ᠋ᠠᠭᠤᠯᠢ᠂ ᠨᠡᠢ᠌ᠭᠡᠮ᠎ᠤᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠨᠡᠢ᠌ᠭᠡᠮ ᠲᠣᠭᠣᠷᠢᠭ ᠪᠣᠯᠣᠨ ᠰᠤᠷᠭ᠋ᠠᠭᠤᠯᠢ ᠵᠢᠨ᠎ᠬᠢᠨ᠎ᠤ ᠭᠡᠷ᠎ᠤᠨ ᠠᠬᠠᠮᠠᠳ᠎ᠤᠨ ᠰᠤᠷᠭ᠋ᠠᠭᠤᠯᠢ ᠵᠡᠷᠭᠡ ᠭᠡᠷ ᠪᠦᠯᠢ ᠵᠢᠨ ᠬᠥᠮᠦᠵᠢᠯ᠎ᠤᠨ ᠵᠢᠭ᠋ᠠᠨ ᠵᠢᠯᠤᠭᠣᠳᠬᠤ ᠦᠢ᠍ᠯᠡᠴᠢᠯᠡᠭᠡᠨ᠎ᠤ ᠥᠷᠲᠡᠭᠡ ᠵᠢ ᠪᠠᠢ᠌ᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠡᠷ ᠪᠦᠯᠢ ᠵᠢᠨ ᠬᠥᠮᠦᠵᠢᠯ᠂ ᠬᠠᠤᠯᠢ ᠴᠠᠭ᠋ᠠᠵᠠ᠂ ᠡᠷᠡᠭᠦᠯ ᠮᠡᠨᠳᠦ᠂ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠵᠢ 300 ᠰᠢᠬᠠᠮ ᠬᠤᠭᠤᠴᠠᠭ᠎ᠠ ᠥᠷᠨᠢᠭᠦᠯᠵᠦ᠂ ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ ᠵᠢᠨ ᠤᠬᠠᠭᠤᠯᠭ᠎ᠠ ᠵᠢᠨ ᠭᠠᠷᠠᠭ᠂ ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ 20 ᠭᠠᠷᠤᠢ ᠥᠷᠨᠢᠭᠦᠯᠵᠦ᠂ 《ᠬᠠᠢ᠌ᠷ᠎ᠠ ᠬᠠᠯᠠᠮᠵᠢ᠎ᠲᠠᠢ᠎ᠪᠠᠷ ᠬᠠᠨᠢ ᠪᠣᠯᠵᠤ᠂ ᠦᠰᠦᠨ ᠪᠣᠶ᠋ᠢᠵᠢᠯᠲᠠ ᠵᠢ ᠬᠠᠮᠠᠭ᠋ᠠᠯᠠᠬᠤ》 ᠡᠴᠢᠭᠡ ᠡᠬᠡ ᠦᠷ᠎ᠡ ᠬᠡᠦᠬᠡᠳ᠎ᠲᠠᠢ᠎ᠪᠠᠨ ᠨᠡᠪᠲᠡᠷᠡᠯᠴᠡᠬᠦ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠲᠠᠢ᠌ᠯᠤᠮᠵᠢ᠂ 《ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠵᠦ᠂ ᠪᠣᠯᠪᠠᠰᠤᠨ ᠭᠡᠷ᠎ᠤᠨ ᠰᠤᠷᠲᠠᠯ᠎ᠢ ᠤᠯᠠᠮᠵᠢᠯᠠᠬᠤ》 ᠭᠣᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠵᠡᠷᠭᠡ ᠡᠯ᠎ᠡ ᠲᠦᠷᠦᠯ᠎ᠤᠨ ᠰᠢᠷᠢᠰ ᠭᠡᠷ ᠪᠦᠯᠢ ᠵᠢᠨ ᠬᠥᠮᠦᠵᠢᠯ᠎ᠤᠨ ᠠᠵᠢᠯᠯᠠᠭ᠎ᠠ ᠵᠢ 40 ᠭᠠᠷᠤᠢ ᠤᠳᠠᠭ᠎ᠠ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ ᠵᠢᠨ ᠬᠥᠮᠦᠵᠢᠯ᠎ᠤᠨ ᠵᠢᠯᠣᠭᠣᠳᠤᠯᠭ᠎ᠠ ᠪᠠ ᠪᠣᠯᠪᠠᠰᠤᠷᠠᠯ ᠵᠶ᠋ᠠᠷ ᠬᠠᠪᠰᠤᠷᠤᠨ ᠲᠡᠳᠬᠦᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠪᠠ᠃
ᠰᠤᠷᠭ᠋ᠠᠭᠤᠯᠢ ᠵᠢᠨ ᠬᠠᠮᠠᠭ᠋ᠠᠯᠠᠯᠲᠠ ᠵᠢᠨ ᠲᠠᠯ᠎ᠠ᠎ᠪᠠᠷ 《ᠬᠦᠨᠳᠡᠯᠡᠨ ᠲᠣᠭᠣᠷᠢᠭ᠎ᠤᠨ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠣᠷᠣᠭᠴᠢ ᠵᠢ ᠲᠤᠰᠠᠯᠠᠬᠤ ᠠᠵᠢᠯ᠎ᠤᠨ ᠶᠠᠪᠤᠴᠠ》 ᠵᠢ ᠲᠣᠭᠲᠠᠭ᠋ᠠᠵᠤ᠂ ᠪᠥᠬᠥ ᠵᠢᠯ᠎ᠳᠤ 5160 ᠰᠣᠷᠣᠭᠴᠢ ᠵᠢ ᠲᠡᠳᠬᠦᠵᠦ᠂ 88.31 ᠲᠦᠮᠡᠨ ᠲᠥᠭᠥᠷᠢᠭ ᠲᠠᠷᠬᠠᠭ᠋ᠠᠵᠤ᠂ ᠨᠢᠭᠡ ᠰᠣᠷᠣᠭᠴᠢ ᠵᠢ ᠴᠤ᠌ ᠭᠡᠷ᠎ᠤᠨ ᠠᠮᠢᠳᠤᠷᠠᠯ᠎ᠨᠢ ᠬᠦᠴᠢᠷᠳᠡᠯᠲᠡᠢ᠎ᠠᠴᠠ ᠪᠤᠯᠤᠭ᠋ᠠᠳ ᠰᠤᠷᠤᠯᠭ᠎ᠠ᠎ᠪᠠᠨ ᠠᠯᠳᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠪᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠭ᠋ᠠᠨ ᠬᠥᠮᠦᠵᠢᠯ᠎ᠤᠨ ᠬᠠᠢ᠌ᠷ᠎ᠠ ᠬᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠪᠠᠢ᠌ᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠢᠴᠢᠶᠡᠯ᠎ᠤᠨ ᠳᠠᠷᠠᠭ᠋ᠠᠬᠢ ᠬᠠᠪᠰᠤᠷᠤᠨ ᠵᠢᠯᠤᠭᠣᠳᠬᠤ ᠦᠢ᠍ᠯᠡᠴᠢᠯᠡᠭᠡ ᠬᠠᠡᠭᠭ᠋ᠠᠪᠠ᠃ ᠰᠤᠷᠤᠭᠴᠢᠳ᠎ᠢ ᠳᠣᠷᠣᠮᠵᠢᠯᠠᠬᠤ᠂ ᠪᠡᠯᠭᠡ ᠵᠢᠨ ᠬᠠᠯᠳᠠᠯᠭ᠎ᠠ ᠬᠢᠬᠦ ᠦᠢᠯᠡ ᠠᠵᠢᠯᠯᠠᠭ᠎ᠠ ᠵᠢ ᠣᠭᠲᠣᠬᠠᠨ ᠴᠤ᠌ ᠠᠭᠤᠴᠢᠯᠠᠬᠤ ᠦᠭᠡᠢ᠎ᠪᠠᠷ ᠰᠢᠢ᠍ᠳᠪᠦᠷᠢᠯᠡᠬᠦ ᠲᠣᠭᠲᠠᠴᠠ ᠪᠠ ᠬᠣᠬᠢᠷᠠᠯ ᠠᠮᠰᠠᠭᠰᠠᠨ ᠰᠤᠷᠤᠭᠴᠢᠳ᠎ᠢ ᠴᠠᠭ ᠲᠤᠬᠠᠢᠳᠤᠨᠢ ᠬᠠᠯᠠᠮᠵᠢᠯᠠᠨ ᠬᠠᠮᠠᠭ᠋ᠠᠯᠠᠬᠤ᠂ ᠬᠠᠪᠰᠤᠷᠬᠤ ᠲᠣᠭᠲᠠᠴᠠ ᠵᠢ ᠪᠠᠢ᠌ᠭᠤᠯᠪᠠ᠃ ᠳᠤᠮᠳᠠᠳᠤ ᠪᠠᠭ᠎ᠠ ᠰᠤᠷᠭ᠋ᠠᠭᠤᠯᠢ ᠨᠢᠬᠡ ᠪᠦᠷᠢ᠎ᠳᠤ ᠨᠠᠭ᠋ᠠᠲᠤ ᠵᠠᠬ᠎ᠠ᠎ᠳᠤ᠎ᠪᠠᠨ 1 ᠲᠤᠰᠬᠠᠢ ᠲᠤᠰᠢᠶᠠᠯᠲᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠲᠣᠬᠢᠷᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠪᠠ ᠬᠠᠪᠰᠤᠷᠬᠤ ᠠᠵᠢᠯ᠎ᠢ ᠴᠢᠡᠭᠭ᠋ᠠᠳᠬᠠᠪᠠ᠃ ᠨᠡᠢ᠌ᠭᠡᠮ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ ᠸᠢᠳᠢᠤ᠋᠂ ᠵᠠᠷᠯᠠᠯ᠂ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠹᠢᠯᠢᠮ ᠵᠡᠷᠭᠡ ᠣᠯᠠᠨ ᠬᠡᠯᠪᠡᠷᠢ᠎ᠪᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠡᠭᠭ᠋ᠠᠳᠬᠠᠪᠠ᠃ ᠰᠤᠨᠢᠨ ᠮᠡᠳᠡᠬᠡᠨ᠎ᠤ ᠵᠠᠭᠤᠴᠢᠯᠠᠭᠤᠷ᠂ ᠵᠠᠭᠤᠴᠢᠯᠠᠭᠤᠷ᠎ᠤᠨ ᠰᠢᠨ᠎ᠡ ᠲᠠᠪᠴᠠᠩ ᠵᠶ᠋ᠠᠷ ᠳᠠᠮᠵᠢᠭᠤᠯᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ᠂ ᠨᠠᠰᠤᠨ᠎ᠳᠤ ᠦᠯᠦ ᠬᠦᠷᠦᠭᠰᠡᠳ᠎ᠤᠨ ᠦᠰᠦᠨ ᠪᠣᠶ᠋ᠢᠵᠢᠯᠲᠠ᠎ᠳᠤ ᠬᠦᠴᠦᠨ ᠨᠡᠮᠡᠷᠢᠯᠡᠬᠦ ᠬᠣᠯᠪᠣᠭᠳᠠᠯ ᠪᠦᠬᠦᠢ 92 ᠭᠣᠣᠯ ᠰᠡᠳᠦᠪᠲᠦ ᠵᠣᠬᠢᠶᠠᠯ᠎ᠢ ᠤᠬᠠᠭᠤᠯᠤᠨ ᠮᠡᠳᠡᠭᠡᠯᠡᠵᠦ᠂ ᠨᠡᠢ᠌ᠭᠡᠮ᠎ᠤᠨ᠎ᠬᠢᠨ᠎ᠤ ᠠᠡᠭᠬᠠᠷᠤᠯ᠎ᠳᠤ ᠬᠦᠷᠬᠡᠪᠡ᠃ ᠬᠦᠨᠳᠡᠯᠡᠨ ᠲᠤᠭᠤᠷᠢᠭ᠎ᠤᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠨᠣᠮ᠎ᠤᠨ ᠰᠠᠩ᠂ ᠵᠠᠯᠠᠭᠤᠴᠤᠳ ᠪᠠᠭ᠋ᠠᠴᠤᠳ᠎ᠤᠨ ᠣᠷᠳᠣᠨ᠂ ᠬᠡᠦᠬᠡᠳ᠎ᠤᠨ ᠠᠵᠢᠯᠯᠠᠭ᠋ᠠᠨ᠎ᠤ ᠲᠥᠪ᠂ ᠬᠡᠦᠬᠡᠳ᠎ᠤᠨ ᠭᠡᠷ᠂ ᠳᠤᠷᠠᠰᠬᠠᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠰᠣᠶᠣᠯ᠎ᠤᠨ ᠣᠷᠳᠣᠨ ᠵᠡᠷᠭᠡ ᠲᠠᠯᠠᠪᠤᠷ᠎ᠢ ᠠᠰᠢᠭᠯᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠠᠵᠢᠯᠯᠠᠭ᠎ᠠ ᠦᠷᠨᠢᠬᠦᠯᠪᠡ᠃ ᠡᠯ᠎ᠡ ᠡᠲᠡᠭᠡᠳ᠎ᠤᠨ ᠰᠠᠢ᠌ᠨ ᠲᠤᠷᠠᠴᠤᠤᠯ ᠪᠠ ᠬᠠᠯᠠᠮᠵᠢ ᠵᠢᠨ ᠵᠣᠬᠢᠶᠠᠨ ᠪᠠᠢ᠌ᠭᠤᠯᠤᠯᠲᠠ ᠵᠢ ᠥᠷᠭᠡᠨ ᠵᠶ᠋ᠡᠷ ᠳᠠᠶ᠋ᠢᠴᠢᠯᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯᠯᠠᠭ᠎ᠠ ᠵᠢ 260 ᠤᠳᠠᠭ᠎ᠠ ᠥᠷᠨᠢᠭᠦᠯᠵᠦ᠂ ᠬᠡᠦᠬᠡᠳ᠎ᠲᠤ 5300 ᠤᠳᠠᠭ᠎ᠠ ᠦᠢ᠍ᠯᠡᠴᠢᠯᠡᠨ᠂ ᠬᠡᠦᠬᠡᠳ᠎ᠤᠨ 《ᠦᠴᠤᠬᠡᠨ ᠬᠦᠰᠡᠯ》᠎ᠢ 1000 ᠭᠠᠷᠤᠢ ᠬᠠᠩᠭ᠋ᠠᠪᠠ᠃
ᠰᠦᠯᠵᠢᠶᠡᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠰᠦᠯᠵᠢᠶᠡᠨ᠎ᠤ ᠪᠠᠭ᠋ᠠᠷᠤᠨ ᠲᠤᠰᠬᠠᠢ ᠪᠠᠢ᠌ᠴᠠᠭ᠋ᠠᠯᠲᠠ ᠵᠢ ᠪᠥᠬᠥ ᠲᠠᠯ᠎ᠠ᠎ᠪᠠᠷ ᠥᠷᠨᠢᠭᠦᠯᠵᠦ᠂ ᠬᠠᠷᠢᠶ᠎ᠠ ᠣᠷᠣᠨ᠎ᠤ ᠰᠦᠯᠵᠢᠶᠡᠨ᠎ᠤ ᠥᠷᠲᠡᠭᠡ ᠵᠢᠨ ᠡᠳᠦᠷ ᠲᠤᠲᠤᠮ᠎ᠤᠨ ᠵᠠᠰᠠᠯᠲᠠ ᠵᠢᠨ ᠠᠵᠢᠯ᠎ᠢ ᠦᠨᠡᠨ ᠬᠦ᠌ ᠠᠬᠢᠭᠤᠯᠵᠤ᠂ ᠬᠠᠷᠢᠶ᠎ᠠ ᠣᠷᠣᠨ᠎ᠤ 2000 ᠭᠠᠷᠤᠢ ᠰᠦᠯᠵᠢᠶᠡᠨ᠎ᠤ ᠥᠷᠲᠡᠭᠡ᠎ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠨᠠᠰᠤᠨ᠎ᠳᠤ ᠥᠯᠥ ᠭᠦᠷᠦᠭᠰᠡᠳ᠎ᠲᠤ 《ᠱᠠᠯᠢᠭ ᠵᠠᠪᠬᠠᠢ ᠵᠦᠢ᠍ᠯᠡᠰ᠎ᠲᠤ ᠬᠣᠯᠪᠣᠭᠳᠠᠭᠰᠠᠨ》 ᠪᠣᠯᠬᠢ ᠪᠦᠳᠦᠭᠦᠯᠢᠭ᠂ ᠬᠦᠴᠦᠷᠬᠡᠭᠯᠡᠯ᠎ᠤᠨ ᠮᠡᠳᠡᠭᠡ ᠵᠠᠩᠭᠢ ᠪᠠ ᠪᠠᠭ᠋ᠠᠴᠤᠳ ᠬᠡᠦᠬᠡᠳ᠎ᠤᠨ ᠲᠥᠷᠥᠯ᠎ᠤᠨ ᠬᠠᠤᠯᠢ ᠪᠤᠰᠤ ᠬᠣᠣᠷ ᠬᠥᠨᠥᠭᠡᠯ᠎ᠲᠠᠢ ᠮᠡᠳᠡᠭᠡ ᠵᠠᠩᠭᠢ ᠵᠢ ᠤᠯᠠᠮᠵᠢᠯᠠᠨ ᠲᠠᠷᠬᠠᠭ᠋ᠠᠬᠤ ᠵᠢᠨ ᠲᠣᠭᠣᠷᠢᠨ᠎ᠳᠤ 24 ᠴᠠᠭ᠂ ᠦᠬᠡᠷ᠎ᠡ᠎ᠪᠠᠷ ᠬᠡᠯᠡᠪᠡᠯ ᠪᠦᠬᠦᠯᠢ ᠡᠳᠦᠷ᠎ᠤᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠪᠠᠢ᠌ᠴᠠᠭ᠋ᠠᠪᠠ᠃ ᠰᠦᠯᠵᠢᠶᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ᠎ᠢ ᠠᠰᠢᠭᠯᠠᠨ᠂ ᠰᠦᠯᠵᠢᠶᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠮᠠᠲ᠋ᠧᠷᠢᠶᠠᠯ᠎ᠢ 5000 ᠭᠠᠷᠤᠢ ᠲᠠᠷᠬᠠᠭ᠋ᠠᠵᠤ᠂ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶ᠎ᠡ᠎ᠳᠤ ᠬᠡᠲᠦ ᠰᠢᠨᠤᠬᠤ᠂ ᠰᠦᠯᠵᠢᠶ᠎ᠡ ᠵᠢ ᠬᠡᠲᠦ ᠲᠦᠰᠢᠭᠯᠡᠬᠦ᠎ᠠᠴᠠ ᠰᠡᠷᠭᠡᠢ᠌ᠯᠡᠵᠦ᠂ ᠵᠠᠯᠠᠭᠤᠴᠤᠳ ᠪᠠᠭ᠋ᠠᠴᠤᠳ᠎ᠤᠨ ᠰᠦᠯᠵᠢᠶᠡᠨ᠎ᠤ ᠣᠷᠣᠨ ᠵᠠᠢ᠎ᠳᠤ᠎ᠬᠢ ᠬᠠᠤᠯᠢ ᠶᠤᠰᠤᠨ᠎ᠤ ᠬᠠᠮᠠᠭ᠋ᠠᠯᠠᠯᠳᠠ ᠵᠢᠨ ᠪᠡᠬᠢᠵᠢᠬᠦᠯᠪᠡ᠃ ᠵᠠᠰᠠᠭ᠎ᠤᠨ ᠣᠷᠳᠣᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠬᠥᠳᠡᠯᠦᠩᠭᠦᠢ᠎ᠪᠠᠷ ᠨᠡᠮᠡᠭᠳᠡᠭᠦᠯᠬᠦ ᠲᠣᠭᠲᠠᠴᠠ ᠵᠢ ᠪᠠᠢ᠌ᠭᠤᠯᠵᠤ᠂ 2023 ᠣᠨ᠎ᠳᠤ ᠬᠦᠨᠳᠡᠯᠡᠨ ᠲᠤᠭᠤᠷᠢᠭ᠎ᠤᠨ ᠲᠠᠷᠠᠬᠠᠢ ᠰᠠᠭᠤᠵᠤ ᠪᠠᠢ᠌ᠭ᠎ᠠ 10 ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 46 ᠬᠡᠦᠬᠡᠳ᠎ᠲᠤ ᠠᠮᠢᠳᠤᠷᠠᠯ᠎ᠤᠨ ᠨᠥᠬᠥᠪᠦᠷᠢ 122 ᠲᠦᠮᠡᠨ ᠲᠥᠭᠥᠷᠢᠭ ᠣᠯᠭᠣᠵᠤ᠂ ᠬᠦᠴᠢᠷᠳᠡᠯ᠎ᠳᠤ ᠲᠤᠯᠭ᠋ᠠᠷᠠᠭᠰᠠᠨ 56 ᠬᠡᠦᠬᠡᠳ᠎ᠲᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠪᠡᠯᠡ ᠮᠥᠩᠭᠥ ᠵᠢ 2.3 ᠲᠦᠮᠡᠨ ᠲᠥᠭᠥᠷᠢᠭ ᠣᠷᠣᠯᠠᠨ ᠲᠤᠰᠢᠶᠠᠵᠤ ᠥᠭᠪᠡ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢᠨ ᠳᠠᠭ᠋ᠠᠵᠤ ᠨᠡᠭᠦᠭᠰᠡᠨ ᠦᠷ᠎ᠡ ᠬᠡᠦᠬᠡᠳ᠂ ᠨᠡᠭᠦᠳᠡᠯ ᠬᠡᠦᠬᠡᠳ ᠵᠡᠷᠭᠡ ᠵᠢᠨ ᠤᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠨᠳᠦᠰᠦᠨ ᠦᠢ᠍ᠯᠡᠴᠢᠯᠡᠭᠡ ᠡᠳ᠋ᠯᠡᠬᠦ ᠵᠢ ᠪᠠᠲᠤᠯᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠤᠷᠭ᠋ᠠᠨ ᠬᠥᠮᠦᠵᠢᠯ᠎ᠤᠨ ᠲᠤᠰᠠᠯᠠᠮᠵᠢ ᠵᠢᠨ ᠲᠦᠷᠦ ᠵᠢᠨ ᠪᠣᠳᠣᠯᠭ᠎ᠠ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠬᠣᠶᠠᠷ᠎ᠠᠴᠠ ᠬᠡᠯᠲᠦᠷᠢᠭᠦᠯᠵᠦ ᠬᠣᠶᠠᠷ᠎ᠢ ᠨᠥᠬᠥᠪᠦᠷᠢᠯᠡᠬᠦ》 ᠲᠦᠷᠦ ᠵᠢᠨ ᠪᠣᠳᠣᠯᠭ᠎ᠠ ᠵᠢ ᠤᠯᠠᠮ ᠰᠠᠢ᠌ᠨ ᠨᠠᠢ᠌ᠳᠠᠪᠤᠷᠢᠵᠢᠭᠤᠯᠤᠯᠠ᠃ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠪᠠ ᠡᠪᠯᠡᠯ᠎ᠤᠨ ᠭᠤᠷᠪᠠᠨ ᠪᠠᠭ᠎ᠠ ᠰᠤᠷᠭ᠋ᠠᠭᠤᠯᠢ ᠵᠢᠨ ᠣᠶᠤᠨ᠎ᠤ ᠪᠣᠯᠪᠠᠰᠤᠷᠠᠯ᠎ᠤᠨ ᠠᠩᠭᠢ᠎ᠪᠠᠷ ᠭᠣᠣᠯ ᠴᠣᠭᠴᠠ ᠪᠣᠯᠭ᠋ᠠᠭᠰᠠᠨ᠂ ᠠᠩᠭᠢ ᠳᠠᠭ᠋ᠠᠵᠤ ᠰᠤᠷᠤᠯᠴᠠᠬᠤ᠎ᠪᠠᠷ ᠪᠠᠲᠤᠯᠠᠭ᠎ᠠ ᠪᠣᠯᠭ᠋ᠠᠭᠰᠠᠨ᠂ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ᠎ᠪᠠᠷ ᠨᠥᠬᠥᠪᠦᠷᠢ ᠪᠣᠯᠭ᠋ᠠᠭᠰᠠᠨ ᠣᠨᠴᠠᠭ᠋ᠠᠶ ᠰᠤᠷᠭ᠋ᠠᠨ ᠬᠥᠮᠦᠵᠢᠯ᠎ᠤᠨ ᠰᠢᠰᠲᠸᠮ᠎ᠢ ᠲᠡᠭᠦᠯᠳᠡᠷᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠵᠡᠮᠳᠡᠭ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠨᠣᠷᠮ᠎ᠠ ᠵᠢ ᠦᠨᠡᠨ ᠬᠦ᠌ ᠪᠠᠲᠤᠯᠠᠪᠠ᠃
ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠲᠠᠯ᠎ᠠ᠎ᠪᠠᠷ ᠬᠦᠨᠳᠡᠯᠡᠨ ᠲᠤᠭᠤᠷᠢᠭ᠎ᠤᠨ ᠪᠠᠢ᠌ᠴᠠᠭ᠋ᠠᠬᠤ ᠬᠣᠷᠢᠶ᠎ᠠ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠲᠤᠷᠰᠢᠨ ᠪᠠᠢ᠌ᠴᠠᠭ᠋ᠠᠯᠲᠠ᠎ᠳᠤ ᠬᠢᠨᠠᠯᠲᠠ ᠲᠠᠯᠪᠢᠬᠤ ᠪᠠ ᠬᠠᠮᠵᠢᠯᠴᠠᠨ ᠬᠠᠮᠵᠢᠯᠴᠠᠬᠤ ᠠᠯᠪᠠᠨ ᠭᠡᠷ — 《ᠨᠠᠰᠤᠨ᠎ᠳᠤ ᠥᠯᠥ ᠭᠦᠷᠦᠭᠰᠡᠳ᠎ᠲᠤ ᠬᠣᠯᠪᠣᠭᠳᠠᠭᠰᠠᠨ ᠬᠡᠷᠡᠭ᠎ᠤᠨ ᠠᠵᠢᠯ᠎ᠤᠨ ᠥᠷᠲᠡᠭᠡ》 ᠵᠢ ᠪᠠᠢ᠌ᠭᠤᠯᠵᠤ᠂ ᠨᠢᠭᠡ ᠯᠡ ᠦᠷᠳᠡᠬᠡᠴᠢᠯᠡᠭᠰᠡᠨ ᠭᠡᠷᠡᠴᠢ ᠠᠪᠴᠤ ᠲᠤᠰᠠᠯᠠᠬᠤ ᠲᠣᠭᠲᠠᠴᠠ ᠵᠢ ᠪᠠᠢ᠌ᠭᠤᠯᠪᠠ᠃ ᠪᠤᠭᠤᠲᠤ ᠵᠢᠨ ᠷᠠᠳᠢᠣ᠋ ᠲᠧᠯᠸᠢᠰ ᠬᠣᠷᠢᠶ᠎ᠠ ᠵᠢᠨ 《ᠶᠠᠭ ᠤᠳᠤ᠎ᠪᠠᠷ ᠵᠶ᠋ᠡᠨ ᠰᠤᠷᠭ᠋ᠠᠨ ᠬᠦᠮᠤᠵᠢᠬᠦᠯᠤᠶᠡ》 ᠬᠡᠬᠦ ᠰᠤᠪᠠᠭ᠎ᠲᠤ ᠣᠷᠳᠣ ᠬᠤᠭᠤᠴᠠᠭ᠎ᠠ᠎ᠪᠠᠷ ᠲᠤᠰᠬᠠᠢ ᠪᠤᠯᠤᠩ ᠨᠡᠭᠡᠭᠡᠵᠦ᠂ ᠨᠡᠯᠢᠶᠡᠳ ᠬᠠᠯᠠᠮᠰᠢᠯ ᠪᠤᠯᠤᠬᠰᠠᠨ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠠᠴᠠ ᠪᠣᠯᠤᠭᠰᠠᠨ ᠪᠤᠳᠠᠳᠠᠢ ᠶᠠᠯᠠᠲᠤ ᠬᠡᠷᠡᠭ ᠵᠶ᠋ᠡᠷ ᠪᠠᠷᠢᠴᠨ ᠪᠣᠯᠭ᠋ᠠᠵᠤ᠂ ᠪᠥᠬᠥ ᠨᠡᠢ᠌ᠭᠡᠮ ᠵᠶ᠋ᠡᠷ ᠵᠶ᠋ᠡᠨ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠠᠰᠠᠭᠤᠳᠠᠯ᠎ᠢ ᠬᠠᠮᠲᠤ᠎ᠪᠠᠷ ᠠᠩᠬᠠᠷᠬᠤ ᠬᠡᠷᠡᠭᠲᠡᠢ ᠭᠡᠵᠦ ᠤᠷᠢᠶᠠᠯᠠᠵᠠᠢ᠃ ᠬᠠᠤᠯᠢ᠎ᠪᠠᠷ ᠵᠠᠰᠠᠬᠤ ᠴᠡᠴᠡᠷᠯᠢᠭ᠎ᠲᠤ ᠲᠦᠰᠢᠭᠯᠡᠨ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠲᠤᠰᠬᠠᠢ ᠣᠷᠣᠨ᠎ᠢ ᠪᠠᠢ᠌ᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢ ᠬᠠᠤᠯᠢ ᠵᠢᠨ ᠲᠤᠰᠢᠶᠠᠯᠲᠠᠨ᠎ᠤ ᠠᠵᠢᠯ᠎ᠤᠨ ᠦᠷᠳᠡᠭᠡ ᠵᠢ ᠠᠰᠢᠭᠯᠠᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠵᠢᠯ᠎ᠳᠤ 《ᠬᠠᠤᠯᠢ ᠵᠢ ᠨᠡᠢ᠌ᠭᠡᠮ ᠲᠣᠭᠣᠷᠢᠭ᠎ᠲᠤ ᠬᠦᠷᠭᠡᠬᠦ》 《ᠬᠠᠤᠯᠢ ᠵᠢ ᠰᠤᠷᠭ᠋ᠠᠭᠤᠯᠢ ᠵᠢᠨ ᠬᠦᠷᠢᠶᠡᠨ᠎ᠳᠤ ᠬᠦᠷᠭᠡᠬᠦ》 ᠵᠡᠷᠭᠡ ᠡᠯ᠎ᠡ ᠲᠦᠷᠦᠯ᠎ᠤᠨ ᠠᠵᠢᠯᠯᠠᠭ᠎ᠠ ᠵᠢ 100 ᠭᠠᠷᠤᠢ ᠦᠷᠨᠢᠬᠦᠯᠤᠯ᠎ᠡ᠃
ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ ᠦᠢ᠍ᠯᠡᠰ᠂ ᠢᠯᠠᠩᠭᠤᠶ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠢᠷᠠᠭᠤ ᠠᠯᠳᠠᠷᠲᠠᠢ ᠪᠥᠭᠡᠳ ᠬᠠᠲᠠᠭᠤ ᠪᠡᠷᠬᠡ ᠡᠭᠦᠷᠭᠡ ᠬᠦᠨᠳᠦ ᠪᠦᠬᠡᠳ ᠵᠠᠮ ᠬᠣᠯᠠ ᠪᠠᠢ᠌ᠬᠰᠠᠭ᠋ᠠᠷ᠃ ᠨᠠᠰᠤᠨ᠎ᠳᠤ ᠥᠯᠥ ᠭᠦᠷᠦᠭᠰᠡᠳ ᠪᠤᠯᠭ᠋ᠠᠨ᠎ᠤ ᠪᠠᠭ᠎ᠠ ᠨᠠᠰᠤ᠎ᠨᠢ ᠴᠥᠮ ᠬᠡᠷᠡᠯ ᠬᠡᠬᠡ᠂ ᠪᠠᠶᠠᠷ ᠪᠠᠶᠠᠰᠤᠯ ᠵᠶ᠋ᠠᠷ ᠳᠦᠭᠦᠷᠡᠩ ᠪᠠᠢ᠌ᠬᠤ ᠶᠣᠰᠣᠲᠠᠢ ᠶᠤᠮ᠃ ᠬᠥᠨᠳᠡᠯᠡᠨ ᠲᠣᠭᠣᠷᠢᠭ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠪᠠ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠰᠠᠯᠠᠭ᠎ᠠ ᠮᠥᠴᠢᠷ᠎ᠤᠨ᠎ᠬᠢᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ 《ᠵᠢᠷᠭᠤᠭ᠋ᠠᠨ ᠶᠡᠬᠡ ᠬᠠᠮᠠᠭ᠋ᠠᠯᠠᠯᠲᠠ》 ᠵᠢᠨ ᠢᠳᠡᠪᠬᠢᠲᠡᠢ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠲᠤᠤᠷᠵᠢᠯ᠎ᠢ ᠪᠦᠷᠢᠨᠰᠢᠭᠦᠯᠦᠨ᠂ ᠬᠡᠦᠬᠡᠳ᠂ ᠭᠡᠷ᠎ᠤᠨ ᠠᠬᠠᠮᠠᠳ᠎ᠢ ᠰᠡᠳᠬᠢᠯ ᠠᠮᠤᠷ ᠪᠠᠢ᠌ᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠴᠢᠳᠠᠪᠤᠷᠢ ᠪᠠ ᠲᠦᠪᠰᠢᠨ ᠵᠶ᠋ᠡᠨ ᠲᠠᠰᠤᠷᠠᠯᠲᠠ ᠦᠭᠡᠢ ᠲᠡᠭᠡᠭᠰᠢᠯᠡᠬᠦᠯᠤᠨ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ᠃