ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠤᠷᠤᠨ ᠦᠨᠦᠴᠢᠨ ᠵᠡᠮᠳᠡᠭ ᠬᠡᠤᠬᠡᠳ᠎ᠢ ᠡᠷᠭᠦᠨ ᠲᠡᠵᠢᠭᠡᠬᠦ ᠭᠡᠷ ᠪᠦᠯᠢ ᠵᠢᠨ᠎ᠬᠢᠨ᠎ᠢ ᠳᠡᠮᠵᠢᠬᠦ ᠲᠦᠷᠦ ᠵᠢᠨ ᠪᠤᠳᠤᠯᠭ᠎ᠠ ᠲᠤᠭᠲᠠᠭ᠋ᠠᠪᠠ
ᠨᠡᠶᠢᠲᠡᠯᠡᠭᠰᠡᠨ ᠴᠠᠭ᠄ 2024-01-17

     ᠦᠨᠦᠴᠢᠨ ᠵᠡᠮᠳᠡᠭ ᠬᠡᠤᠬᠡᠳ᠎ᠤᠨ ᠡᠷᠬᠡ ᠠᠰᠢᠭ᠎ᠢ ᠤᠯᠠᠮ ᠰᠠᠢ᠌ᠳᠤᠷ ᠬᠠᠮᠠᠭ᠋ᠠᠯᠠᠨ᠂ ᠤᠯᠤᠰ᠎ᠤᠨ ᠳᠤᠲᠤᠭ᠋ᠠᠳᠤ ᠵᠢᠨ ᠦᠨᠦᠴᠢᠨ ᠵᠡᠮᠳᠡᠭ ᠬᠡᠤᠬᠡᠳ᠎ᠢ ᠡᠷᠭᠦᠨ ᠲᠡᠵᠢᠭᠡᠬᠦ ᠭᠡᠷ ᠪᠦᠯᠢ ᠵᠢ ᠳᠡᠮᠵᠢᠬᠦ ᠵᠢᠨ ᠲᠦᠯᠤᠬᠡ ᠦᠪᠤᠷ ᠮᠤᠡᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠤᠷᠭ᠋ᠠᠨ ᠬᠦᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠵᠡᠷᠭᠡ 7 ᠰᠠᠯᠠᠭ᠎ᠠ ᠮᠦᠴᠢᠷ᠎ᠤᠨ᠎ᠬᠢᠨ᠎ᠲᠠᠢ ᠬᠠᠮᠲᠤᠷᠠᠨ 《ᠤᠯᠤᠰ᠎ᠤᠨ ᠳᠤᠲᠤᠭ᠋ᠠᠳᠤ ᠵᠢᠨ ᠦᠨᠦᠴᠢᠨ ᠵᠡᠮᠳᠡᠭ  ᠬᠡᠤᠬᠡᠳ᠎ᠢ ᠡᠷᠭᠦᠨ ᠲᠡᠵᠢᠭᠡᠬᠦ ᠭᠡᠷ ᠪᠦᠯᠢ ᠵᠢ ᠲᠡᠮᠵᠢᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠯᠠᠯᠠᠨ ᠲᠠᠷᠬᠠᠭ᠋ᠠᠵᠤ᠂ ᠮᠠᠨ᠎ᠤ ᠤᠷᠤᠨ᠎ᠤ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠰᠠᠷᠠᠨ ᠲᠡᠵᠢᠭᠡᠵᠦ ᠪᠠᠢ᠌ᠭ᠎ᠠ ᠦᠨᠦᠴᠢᠨ ᠵᠡᠮᠳᠡᠭ ᠬᠡᠤᠬᠡᠳ ᠪᠠ ᠲᠠᠷᠠᠬᠠᠢ  ᠰᠠᠭᠤᠵᠤ ᠪᠠᠢ᠌ᠭ᠎ᠠ ᠦᠨᠦᠴᠢᠨ ᠵᠡᠮᠳᠡᠭ ᠬᠡᠤᠬᠡᠳ (ᠡᠷᠬᠦᠨ ᠲᠡᠵᠢᠭᠡᠭᠳᠡᠭᠴᠢ ᠭᠡᠵᠤ ᠲᠦᠬᠦᠮᠴᠢᠯᠡᠶ᠎ᠡ)᠎ᠲᠤ ᠵᠤᠬᠢᠬᠤ ᠦᠨᠳᠦᠰᠦᠨ ᠠᠮᠢᠳᠤᠷᠠᠯ᠂ ᠡᠮ ᠡᠮᠨᠡᠯᠭᠡ ᠪᠤᠯᠤᠨ ᠰᠤᠷᠭ᠋ᠠᠨ ᠬᠦᠮᠦᠵᠢᠯ᠎ᠤᠨ ᠪᠠᠲᠤᠯᠠᠭ᠎ᠠ ᠤᠯᠭᠤᠵᠤ ᠪᠠᠢ᠌ᠨ᠎ᠠ᠃
  ᠨᠢᠭᠡ᠎ᠳᠤ᠂ ᠡᠷᠭᠦᠨ ᠲᠡᠵᠢᠭᠡᠭᠳᠡᠭᠴᠢ ᠵᠢᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠲᠤᠳᠤᠷᠬᠠᠢ ᠴᠢᠩᠭ᠋ᠠᠳᠬᠠᠪᠠ᠃ ᠮᠠᠨ᠎ᠤ ᠤᠷᠤᠨ᠎ᠤ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠰᠠᠷᠠᠨ ᠲᠡᠵᠢᠭᠡᠵᠦ ᠪᠠᠢ᠌ᠭ᠎ᠠ ᠦᠨᠦᠴᠢᠨ ᠵᠡᠮᠳᠡᠭ ᠡᠪᠡᠳᠴᠢᠨ᠎ᠲᠠᠢ ᠬᠡᠤᠬᠡᠳ ᠪᠤᠯᠤᠨ ᠲᠠᠷᠠᠬᠠᠢ ᠰᠠᠭᠤᠵᠤ ᠪᠠᠢ᠌ᠭ᠎ᠠ ᠦᠨᠦᠴᠢᠨ ᠵᠡᠮᠳᠡᠭ  ᠬᠡᠤᠬᠡᠳ᠎ᠢ ᠬᠠᠤᠯᠢ ᠶᠤᠰᠤ᠎ᠪᠠᠷ ᠡᠷᠭᠦᠨ ᠲᠡᠵᠢᠭᠡᠭᠰᠡᠨ᠎ᠤ ᠳᠠᠷᠠᠭ᠎ᠠ ᠪᠦᠬᠦᠯᠢ 18 ᠨᠠᠰᠤ ᠬᠦᠷᠬᠦ᠎ᠠᠴᠠ ᠡᠮᠦᠨ᠎ᠡ ᠡᠷᠭᠦᠨ ᠲᠡᠵᠢᠭᠡᠭᠴᠢ᠎ᠨᠢ ᠬᠠᠤᠯᠢ ᠶᠤᠰᠤ᠎ᠪᠠᠷ ᠦᠨᠳᠦᠰᠦᠨ ᠠᠮᠢᠳᠤᠷᠠᠯ᠎ᠤᠨ ᠨᠦᠬᠦᠪᠦᠷᠢ ᠭᠤᠶᠤᠴᠢᠯᠠᠵᠤ ᠪᠤᠯᠤᠨ᠎ᠠ᠃
     ᠬᠤᠶᠠᠷ᠎ᠲᠤ᠂ ᠡᠷᠭᠦᠨ ᠲᠡᠵᠢᠭᠡᠭᠳᠡᠭᠴᠢ ᠵᠢᠨ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ ᠵᠢ ᠲᠤᠳᠤᠷᠬᠠᠢ ᠴᠢᠩᠭ᠋ᠠᠳᠬᠠᠪᠠ᠃ ᠡᠷᠭᠦᠨ ᠲᠡᠵᠢᠭᠡᠭᠳᠡᠭᠴᠢ᠎ᠨᠢ ᠪᠦᠬᠦᠯᠢ 18 ᠨᠠᠰᠤ ᠬᠦᠷᠬᠦ᠎ᠠᠴᠠ ᠡᠮᠦᠨ᠎ᠡ ᠦᠨᠦᠴᠢᠨ ᠵᠡᠮᠳᠡᠭ ᠬᠡᠤᠬᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢᠨ ᠶᠤᠰᠣ᠎ᠪᠠᠷ ᠦᠨᠳᠦᠰᠦᠨ ᠡᠮᠴᠢᠯᠡᠭᠡᠨ ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠤᠯᠭᠤᠮᠵᠢ ᠵᠢ ᠦᠷᠭᠦᠯᠵᠢᠯᠡᠨ  ᠬᠦᠷᠲᠡᠵᠦ᠂ ᠡᠷᠡᠭᠦᠯᠵᠢᠭᠦᠯᠬᠦ ᠲᠤᠰᠠᠯᠠᠮᠵᠢ ᠵᠢᠨ ᠨᠦᠬᠦᠴᠡᠯ᠎ᠳᠤ ᠨᠡᠢ᠌ᠴᠡᠭᠰᠡᠨ᠎ᠨᠢ ᠦᠨᠦᠴᠢᠨ ᠵᠡᠮᠳᠡᠭ ᠬᠡᠤᠬᠡᠳ᠎ᠢ ᠡᠷᠡᠭᠦᠯᠵᠢᠭᠦᠯᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠡᠷᠡᠭᠦᠯᠵᠢᠭᠦᠯᠬᠦ ᠦᠢ᠍ᠯᠡᠴᠢᠯᠡᠭᠡ ᠬᠦᠷᠲᠡᠵᠦ ᠪᠤᠯᠤᠨ᠎ᠠ᠂ ᠦᠪᠡᠷᠲᠡᠭᠡᠨ ᠵᠠᠰᠠᠬᠤ ᠤᠷᠤᠨ᠎ᠤ ᠳᠤᠲᠤᠷᠠᠬᠢ ᠡᠷᠡᠭᠦᠯᠵᠢᠭᠦᠯᠬᠦ ᠨᠦᠬᠦᠴᠡᠯ ᠪᠦᠷᠢᠯᠳᠦᠭᠦᠯᠦᠭᠰᠡᠨ ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠬᠦᠷᠴᠦ ᠡᠷᠡᠭᠦᠯᠵᠢᠭᠦᠯᠬᠦ ᠦᠢ᠍ᠯᠡᠴᠢᠯᠡᠭᠡ ᠵᠢ ᠰᠦᠢ᠍ᠳᠬᠡᠯ ᠲᠤᠰᠢᠶᠠᠬᠤ ᠦᠬᠡᠢ᠎ᠪᠠᠷ ᠬᠦᠯᠢᠶᠡᠨ ᠠᠪᠴᠤ ᠪᠤᠯᠤᠨ᠎ᠠ᠃ ᠨᠦᠬᠦᠴᠡᠯ᠎ᠳᠤ ᠨᠡᠢ᠌ᠴᠡᠬᠦ ᠡᠷᠭᠦᠨ ᠲᠡᠵᠢᠭᠡᠭᠳᠡᠭᠴᠢ ᠵᠢ 《ᠦᠨᠦᠴᠢᠨ ᠬᠡᠤᠬᠡᠳ᠎ᠤᠨ ᠡᠮᠴᠢᠯᠡᠭᠡᠨ ᠵᠶ᠋ᠡᠷ ᠡᠷᠡᠭᠦᠯᠵᠢᠭᠦᠯᠬᠦ ᠢᠷᠡᠬᠡᠳᠤᠢ᠌ᠴᠢ  ᠲᠦᠯᠦᠪᠯᠡᠯᠭᠡ》 ᠵᠢᠨ ᠲᠦᠷᠦᠯ ᠵᠦᠢ᠍ᠯ᠎ᠳᠤ ᠦᠷᠭᠦᠯᠵᠢᠯᠡᠨ ᠤᠷᠤᠭᠤᠯᠤᠨ᠎ᠠ᠃
   ᠭᠤᠷᠪᠠ᠎ᠳᠤ᠂ ᠡᠷᠭᠦᠨ ᠲᠡᠵᠢᠭᠡᠭᠳᠡᠭᠴᠢ ᠵᠢᠨ ᠰᠤᠷᠭ᠋ᠠᠨ ᠬᠦᠮᠦᠵᠢᠯ᠎ᠤᠨ ᠪᠠᠲᠤᠯᠠᠭ᠎ᠠ ᠵᠢ ᠲᠤᠳᠤᠷᠬᠠᠢ ᠴᠢᠩᠭ᠋ᠠᠳᠬᠠᠪᠠ᠃ ᠨᠦᠬᠦᠴᠡᠯ᠎ᠳᠤ ᠨᠡᠢ᠌ᠴᠡᠬᠦ ᠡᠷᠭᠦᠨ ᠲᠡᠵᠢᠭᠡᠭᠳᠡᠭᠴᠢ᠎ᠨᠢ ᠰᠤᠷᠬᠤ ᠨᠠᠰᠤᠨ᠎ᠠᠴᠠ ᠡᠮᠦᠨᠡᠬᠢ᠎ᠠᠴᠠ ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ ᠲᠡᠬᠦᠰᠳᠡᠯᠡᠬᠢ ᠰᠤᠷᠭ᠋ᠠᠨ ᠬᠦᠮᠦᠵᠢᠯ᠎ᠤᠨ ᠲᠤᠰᠠᠯᠠᠮᠵᠢ ᠵᠢᠨ ᠲᠦᠷᠦ ᠵᠢᠨ ᠪᠤᠳᠤᠯᠭ᠎ᠠ ᠵᠢ ᠲᠤᠭᠲᠠᠭ᠋ᠠᠯ ᠶᠤᠰᠤ᠎ᠪᠠᠷ ᠬᠦᠷᠳᠡᠨ᠎ᠡ᠃ ᠡᠷᠭᠦᠨ ᠲᠡᠵᠢᠭᠡᠭᠳᠡᠭᠴᠢ᠎ᠨᠢ ᠪᠦᠬᠦᠯᠢ 18 ᠨᠠᠰᠤ ᠬᠦᠷᠦᠭᠰᠡᠨ ᠪᠤᠯᠪᠠᠴᠤ ᠮᠦᠨ ᠬᠦ᠌ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ  ᠪᠤᠶᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠪᠦᠬᠦᠯᠢ ᠡᠳᠦᠷ᠎ᠤᠨ ᠳᠦᠷᠢᠮᠲᠦ ᠲᠤᠰᠬᠠᠢ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠬᠢ ᠵᠢᠨ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ᠎ᠳᠤ ᠰᠤᠷᠤᠯᠴᠠᠵᠤ ᠪᠠᠢ᠌ᠪᠠᠯ ᠮᠥᠨ 《ᠱᠠᠡᠭᠨᠠᠯᠳᠤ ᠰᠤᠭᠤᠯᠤᠭ᠎ᠠ ᠵᠢᠨ ᠠᠰᠠᠷᠠᠮᠵᠢ ᠮᠦᠡᠭᠭᠦ᠎ᠪᠠᠷ ᠬᠦᠰᠡᠯ ᠵᠡᠬᠦᠳᠤ ᠵᠢ᠎ᠨᠢ ᠲᠡᠷᠭᠡᠯᠰᠢᠬᠦᠯᠵᠤ᠂ ᠦᠨᠦᠴᠢᠨ ᠬᠡᠤᠬᠡᠳ᠎ᠤᠨ ᠰᠤᠷᠤᠯᠭ᠎ᠠ᠎ᠳᠤ ᠲᠤᠰᠠᠯᠠᠬᠤ ᠢᠨᠵᠸᠨ᠋ᠸᠷᠢᠡᠭ》᠎ᠤᠨ ᠬᠦᠷᠢᠶ᠎ᠡ ᠬᠡᠪᠴᠢᠶᠡᠨ᠎ᠳᠤ ᠤᠷᠤᠭᠤᠯᠤᠨ᠎ᠠ᠃


 

 

  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ᠎ᠬᠢᠨ ᠮᠠᠯᠴᠢᠨ ᠲᠠᠷᠢᠶᠠᠴᠢᠨ᠎ᠤ ᠬᠠᠵᠠᠭᠤ ᠬᠠᠪᠢ᠎ᠳᠤ᠎ᠪᠠᠨ ᠠᠵᠢᠯ ᠤᠯᠬᠤ ᠲᠡᠢ᠌ᠰᠢ ᠬᠦᠳᠤᠯᠵᠤ 《ᠵᠠᠭᠤᠨ ᠰᠤᠮᠤ ᠰᠢᠶᠠᠡᠭ ᠪᠠᠯᠭ᠋ᠠᠰᠤ ᠮᠢᠡᠭᠭ᠋ᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ》 ᠵᠢᠨ ᠠᠵᠢᠯᠯᠠᠭ᠎ᠠ᠎ᠪᠠᠷ ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠪᠤᠵᠠᠭ᠋ᠠᠢ᠌ᠷᠠᠭᠤᠯᠵᠤ ᠪᠠᠢ᠌ᠨ᠎ᠠ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠡᠷ ᠰᠤᠡᠭᠭᠤᠬᠳᠠᠪᠠ
ᠮᠠᠨ᠎ᠤ ᠤᠷᠤᠨ ᠦᠨᠤ ᠵᠢᠯ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ 960 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠪᠣᠶ
ᠮᠠᠨ᠎ᠤ ᠣᠷᠣᠨ ᠶᠢᠰᠦᠳᠦᠭᠡᠷ ᠪᠦᠯᠦᠭ ᠤᠯᠤᠰ᠎ᠤᠨ ᠡᠮ ᠲᠠᠡᠭ᠎ᠢ ᠪᠦᠬᠡᠮ ᠵᠶ᠋ᠡᠷ ᠬᠤᠳᠠᠯᠳᠤᠨ ᠠᠪᠬᠤ ᠦᠷ᠎ᠡ ᠳ᠋ᠦᠩ᠎ᠢ ᠬᠡᠷᠡᠭᠵᠢᠬᠦᠯᠤᠬᠡᠳ ᠦᠨ᠎ᠡ ᠵᠢ᠎ᠨᠢ ᠳᠤᠮᠳᠠᠴᠢ᠎ᠪᠠᠷ 58%᠎ᠪᠠᠷ ᠪᠠᠭᠤᠷᠠᠭᠤᠯᠵᠤ᠂ ᠠᠷᠠᠳ᠎ᠤᠨ ᠳᠠᠷᠤᠭ᠋ᠠᠰᠤ ᠵᠢ ᠬᠥᠩᠭᠡᠷᠡᠭᠦᠯᠪᠡ
ᠮᠠᠨ᠎ᠤ ᠤᠷᠤᠨ ᠬᠣᠶᠠᠷ ᠰᠠᠯᠠᠭ᠎ᠠ ᠮᠥᠴᠢᠷ᠎ᠤᠨ᠎ᠬᠢᠨ ᠬᠠᠩᠰᠢ ᠵᠢᠨ ᠪᠤᠯᠪᠠᠰᠤᠨ ᠲᠠᠢ᠌ᠯᠭ᠎ᠠ ᠵᠢ ᠰᠠᠨᠠᠭ᠋ᠠᠴᠢᠯᠠᠪᠠ
 
            