ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠡᠯᠡ ᠮᠥᠩᠭᠥ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠦᠷᠤᠬᠦᠬᠡᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠲᠠᠢ ᠬᠠᠮᠲᠤᠷᠠᠨ 2024 ᠣᠨ᠎ᠤ ᠲᠥᠪ᠎ᠤᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠲᠥᠪᠯᠡᠷᠡᠭᠦᠯᠦᠨ ᠨᠡᠢ᠌ᠭᠡᠮ᠎ᠤᠨ ᠠᠰᠠᠷᠠᠮᠵᠢ ᠵᠢᠨ ᠦᠢ᠍ᠯᠡᠰ᠎ᠢ ᠲᠡᠮᠵᠢᠬᠦ ᠲᠤᠰᠬᠠᠢ ᠪᠡᠯᠨ ᠮᠦᠡᠭᠭᠦ ᠵᠢ 5065 ᠲᠦᠮᠡᠨ ᠲᠥᠭᠥᠷᠢᠭ ᠤᠷᠢᠳᠴᠢᠯᠠᠨ ᠪᠠᠭᠤᠯᠭ᠋ᠠᠪᠠ᠃
《ᠲᠥᠪ᠎ᠤᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠲᠥᠪᠯᠡᠷᠡᠭᠦᠯᠦᠨ ᠨᠡᠢ᠌ᠭᠡᠮ᠎ᠤᠨ ᠠᠰᠠᠷᠠᠮᠵᠢ ᠵᠢᠨ ᠦᠢ᠍ᠯᠡᠰ᠎ᠢ ᠳᠡᠮᠵᠢᠬᠦ ᠪᠡᠯᠡ ᠮᠥᠩᠭᠥ ᠵᠢᠨ ᠬᠡᠷᠡᠭᠯᠡᠯᠲᠡ ᠵᠢᠨ ᠲᠤᠬᠠᠢ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ 《ᠨᠠᠰᠤᠲᠠᠢ᠌ᠴᠤᠳ᠎ᠢ ᠲᠡᠳᠬᠦᠬᠦ᠂ ᠵᠡᠮᠳᠡᠭᠴᠦᠳ᠎ᠢ ᠲᠤᠰᠠᠯᠠᠬᠤ᠂ ᠥᠨᠥᠴᠢᠨ ᠬᠡᠦᠬᠡᠳ᠎ᠢ ᠲᠤᠰᠠᠯᠠᠬᠤ᠂ ᠬᠦᠴᠢᠷᠳᠡᠯᠲᠡᠢ ᠬᠦᠮᠦᠰ᠎ᠢ ᠲᠤᠰᠠᠯᠠᠬᠤ》 ᠲᠠᠷᠬᠠᠭ᠋ᠠᠯᠲᠠ ᠵᠢᠨ ᠵᠣᠷᠢᠯᠲᠠ ᠵᠢ ᠵᠢᠷᠤᠮᠯᠠᠨ᠂ ᠲᠣᠰ ᠤᠳᠠᠭ᠎ᠠ ᠤᠷᠢᠳᠴᠢᠯᠠᠨ ᠪᠠᠭᠤᠯᠭ᠋ᠠᠭᠰᠠᠨ ᠪᠡᠯᠡ ᠮᠥᠩᠭᠥ᠎ᠨᠢ ᠨᠠᠰᠤᠲᠠᠢ᠌ᠴᠤᠳ᠎ᠤᠨ ᠠᠰᠠᠷᠠᠮᠵᠢ᠂ ᠵᠡᠮᠳᠡᠭᠴᠦᠳ᠎ᠤᠨ ᠠᠰᠠᠷᠠᠮᠵᠢ᠂ ᠬᠡᠦᠬᠡᠳ᠎ᠤᠨ ᠠᠰᠠᠷᠠᠮᠵᠢ᠂ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠡᠷᠭᠡ 4 ᠲᠠᠯ᠎ᠠ᠎ᠳᠤ ᠬᠣᠯᠪᠣᠭᠳᠠᠨ᠎ᠠ᠃ ᠡᠭᠦᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠬᠤ ᠲᠤᠰᠬᠠᠢ ᠪᠡᠯᠡ ᠮᠥᠩᠭᠥ ᠵᠢ 760 ᠲᠦᠮᠡᠨ ᠲᠥᠭᠥᠷᠢᠭ ᠲᠣᠬᠢᠷᠠᠭᠤᠯᠵᠤ᠂ ᠪᠥᠬᠥ ᠣᠷᠣᠨ᠎ᠤ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ 15 ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠎ᠳᠤ ᠬᠡᠷᠡᠭᠯᠡᠨ᠎ᠡ᠃
ᠡᠨᠡ ᠤᠳᠠᠭ᠎ᠠ ᠲᠥᠪ᠎ᠠᠴᠠ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠤᠷᠢᠳᠴᠢᠯᠠᠨ ᠪᠠᠭᠤᠯᠭ᠋ᠠᠵᠤ ᠪᠠᠢ᠌ᠭ᠎ᠠ᠎ᠨᠢ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠵᠦ᠂ ᠠᠷᠠᠳ ᠣᠯᠠᠨ᠎ᠳᠤ ᠨᠠᠩ ᠰᠠᠢ᠌ᠨ ᠠᠰᠢᠭ ᠬᠦᠷᠲᠡᠭᠡᠵᠦ᠂ ᠪᠥᠬᠥ ᠣᠷᠣᠨ᠎ᠤ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠬᠦᠯᠤᠯᠳᠡ᠎ᠳᠤ ᠬᠦᠴᠦᠨ ᠨᠡᠮᠡᠷᠢᠯᠡᠵᠦ᠂ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠨᠡᠢ᠌ᠭᠡᠮ᠎ᠤᠨ ᠦᠷ᠎ᠡ ᠠᠰᠢᠭ᠎ᠢ ᠤᠯᠠᠮ ᠰᠠᠢ᠌ᠨ ᠪᠠᠳᠠᠷᠠᠭᠤᠯᠬᠤ ᠪᠣᠯᠣᠨ᠎ᠠ᠃