11 ᠰᠠᠷ᠎ᠠ ᠵᠢᠨ 16᠎ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ᠎ᠨᠢ᠂ ᠡᠳ᠋᠎ᠤᠨ ᠵᠠᠰᠠᠭ᠎ᠤᠨ ᠶᠠᠮᠤᠨ 2025 ᠣᠨ᠎ᠤ ᠬᠡᠰᠡᠭ ᠲᠥᠪ᠎ᠤᠨ ᠡᠳ᠋᠎ᠤᠨ ᠵᠠᠰᠠᠭ᠎ᠤᠨ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢ ᠤᠷᠢᠳᠴᠢᠯᠠᠨ ᠪᠠᠭᠤᠯᠭ᠋ᠠᠪᠠ᠂ ᠡᠭᠦᠨ᠎ᠳᠤ ᠮᠠᠨ᠎ᠤ ᠣᠷᠣᠨ᠎ᠳᠤ 12.5 ᠳ᠋ᠦᠩᠰᠢᠭᠤᠷ ᠲᠥᠭᠥᠷᠢᠭ ᠪᠠᠭᠤᠯᠭ᠋ᠠᠪᠠ᠃
ᠰᠢᠯᠵᠢᠭᠦᠯᠦᠨ ᠥᠭᠬᠦ ᠲᠥᠰᠥᠪ᠎ᠢ ᠭᠦᠢ᠍ᠴᠡᠳᠬᠡᠬᠦ ᠠᠬᠢᠴᠠ ᠵᠢ ᠤᠯᠠᠮ ᠨᠢᠭᠡ ᠠᠯᠬᠤᠮ ᠲᠦᠷᠭᠡᠳᠬᠡᠵᠦ᠂ ᠣᠷᠣᠨ ᠨᠤᠲᠤᠭ᠎ᠤᠨ ᠲᠥᠰᠥᠪ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠪᠦᠷᠢᠨ ᠪᠦᠲᠦᠨ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ ᠲᠦᠷᠦᠭᠦᠬᠡᠨ 《2025 ᠣᠨ᠎ᠤ ᠬᠡᠰᠡᠭ ᠲᠥᠪ᠎ᠤᠨ ᠡᠳ᠋᠎ᠤᠨ ᠵᠠᠰᠠᠭ᠎ᠤᠨ ᠬᠤᠳᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢᠨ ᠲᠥᠰᠥᠪ᠎ᠢ ᠤᠷᠢᠳᠴᠢᠯᠠᠨ ᠪᠠᠭᠤᠯᠭ᠋ᠠᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠪᠠᠭᠤᠯᠭ᠋ᠠᠪᠠ᠃
《ᠮᠡᠳᠡᠭᠳᠡᠯ》᠎ᠳᠤ ᠱᠠᠭ᠋ᠠᠷᠳᠠᠭᠰᠠᠨ᠎ᠨᠢ᠂ 2025 ᠣᠨ᠎ᠳᠤ᠂ ᠲᠥᠪ᠎ᠤᠨ ᠡᠳ᠋᠎ᠤᠨ ᠵᠠᠰᠠᠭ᠎ᠤᠨ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢ ᠰᠢᠯᠵᠢᠭᠦᠯᠦᠨ ᠥᠭᠬᠦ ᠲᠥᠰᠥᠪ᠎ᠤᠨ ᠬᠡᠷᠡᠭᠵᠢᠭᠦᠯᠦᠯᠲᠡ᠎ᠳᠤ ᠪᠠᠢ᠌ᠩᠭᠤ ᠵᠢᠨ ᠬᠢᠨᠠᠯᠲᠠ ᠲᠠᠯᠪᠢᠬᠤ ᠬᠡᠪᠴᠢᠶᠡᠨ᠎ᠳᠤ ᠣᠷᠣᠭᠤᠯᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ᠎ᠳᠤ ᠲᠥᠰᠥᠪ᠎ᠤᠨ ᠭᠦᠢ᠍ᠴᠡᠳᠬᠡᠯ ᠲᠣᠭ᠎ᠠ ᠵᠢ ᠴᠠᠭ ᠲᠤᠬᠠᠢᠳᠤᠨᠢ ᠭᠥᠯᠢᠶᠡᠨ ᠠᠪᠴᠤ ᠲᠡᠮᠳᠡᠭᠯᠡᠬᠦ ᠵᠢᠨ ᠬᠠᠮᠲᠤ 《ᠮᠥᠷᠳᠡᠬᠦ》 ᠲᠡᠮᠳᠡᠭ᠎ᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ᠂ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ᠎ᠤᠨ ᠰᠢᠯᠵᠢᠭᠦᠯᠦᠨ ᠥᠭᠬᠦ ᠵᠢ ᠬᠢᠨᠠᠨ ᠡᠵᠡᠮᠳᠡᠬᠦ ᠬᠡᠰᠡᠭ᠎ᠲᠤ ᠲᠦᠰᠢᠭᠯᠡᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠢᠯᠵᠢᠭᠦᠯᠦᠨ ᠥᠭᠬᠦ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢᠨ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ; ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠠᠰᠲᠠᠭᠠᠨ ᠲᠥᠯᠥᠪᠯᠡᠭᠡ ᠬᠢᠬᠦ ᠬᠤᠳᠠ) ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠠᠮᠵᠢᠯᠲᠠ ᠪᠦᠲᠦᠮᠵᠢ ᠵᠢᠨ ᠬᠠᠷᠠᠯᠲᠠᠲᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠵᠢᠯᠲᠠ ᠪᠦᠲᠦᠮᠵᠢ ᠵᠢᠨ ᠠᠵᠢᠯᠯᠠᠭ᠋ᠠᠨ᠎ᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠵᠢᠨ ᠦᠨᠡᠯᠡᠯᠲᠡ ᠵᠢ ᠰᠠᠢ᠌ᠲᠤᠷ ᠬᠢᠵᠦ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠠᠶᠤᠯᠭᠦᠢ ᠪᠥᠭᠡᠳ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠨ᠎ᠠ᠃ ᠮᠠᠨ᠎ᠤ ᠣᠷᠣᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠣᠢ᠌ᠷ᠎ᠠ ᠵᠢᠨ ᠬᠤᠭᠤᠴᠠᠭ᠋ᠠᠨ᠎ᠳᠤ ᠪᠡᠯᠡ ᠮᠥᠩᠭᠥ᠎ᠪᠠᠨ ᠡᠯ᠎ᠡ ᠠᠢ᠌ᠮᠠᠭ ᠬᠣᠲᠠ᠎ᠳᠤ ᠤᠷᠢᠳᠴᠢᠯᠠᠨ ᠪᠠᠭᠤᠯᠭ᠋ᠠᠵᠤ᠂ ᠪᠠᠲᠤᠯᠠᠭ᠎ᠠ ᠵᠢᠨ ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃