ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠥᠪᠥᠷ ᠮᠣᠩᠭᠣᠯ᠎ᠤᠨ ᠳᠥᠷᠪᠡᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠠᠷᠭ᠎ᠠ ᠪᠠ ᠦᠷ᠎ᠡ ᠪᠦᠲᠦᠮᠵᠢ ᠵᠢ ᠨᠡᠢ᠌ᠲᠡᠯᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠄ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ
ᠨᠡᠶᠢᠲᠡᠯᠡᠭᠰᠡᠨ ᠴᠠᠭ᠄ 2024-11-20

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ᠎ᠤ 11 ᠰᠠᠷ᠎ᠠ ᠵᠢᠨ 19᠎ᠤ ᠡᠳᠦᠷ  《ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠤᠯᠠᠮ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ  ᠴᠢᠨᠠᠷᠯᠢᠭ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ 《ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ》 ᠭᠡᠬᠦ ᠲᠤᠰᠬᠠᠢ ᠲᠠᠯᠠᠪᠤᠷ᠎ᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠠᠷ ᠥᠭᠡᠷᠡᠴᠢᠯᠡᠯᠲᠡ ᠵᠢ  ᠪᠦᠬᠦ ᠲᠠᠯ᠎ᠠ ᠎ᠪᠠᠷ ᠤᠯᠠᠮ ᠬᠦᠨᠵᠡᠬᠡᠢ᠌ᠷᠡᠬᠦᠯᠬᠦ ᠠᠷᠭ᠎ᠠ ᠪᠠ ᠦᠷ᠎ᠡ ᠪᠦᠲᠦᠮᠵᠢ᠂ ᠲᠠᠷᠠᠭ᠋ᠠᠴᠢ ᠎ᠪᠠᠷ ᠳᠦᠷᠢᠮ᠎ᠤᠨ ᠰᠢᠰᠲ᠋ᠧᠮ᠎ᠢ ᠬᠡᠷᠬᠢᠨ  ᠲᠡᠭᠦᠯᠳᠡᠷᠵᠢᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠰᠠᠢ᠌ᠲᠤᠷ ᠬᠢᠬᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠭᠦᠷᠭᠡ ᠵᠢ ᠨᠠᠢ᠌ᠳᠠᠪᠤᠷᠢᠵᠢᠭᠤᠯᠬᠤ᠂ ᠢᠯᠴᠢ ᠬᠠᠩᠭ᠋ᠠᠬᠤ ᠬᠦᠷᠢᠶ᠎ᠡ ᠴᠠᠷᠠᠭ᠎ᠠ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠦᠷᠢᠶ᠎ᠡ ᠴᠠᠷᠠᠭ᠎ᠠ ᠵᠡᠷᠭᠡ ᠲᠠᠯ᠎ᠠ ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠭᠦᠨᠵᠡᠭᠡᠢ᠌ᠷᠡᠭᠦᠯᠬᠦ ᠲᠤᠬᠠᠢ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠤᠯ᠎ᠠ᠃
   ᠮᠠᠨ᠎ᠤ ᠤᠷᠤᠨ ᠦᠨᠤ ᠵᠢᠯ  ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠦᠷᠭᠡᠨ ᠬᠥᠭᠵᠢᠭᠦᠯᠵᠦ᠂ ᠳᠦᠷᠢᠮ᠎ᠤᠨ ᠵᠢᠷᠤᠭ ᠲᠥᠯᠥᠪᠯᠡᠭᠡ ᠵᠢ ᠲᠡᠭᠦᠯᠳᠡᠷᠵᠢᠭᠦᠯᠬᠦ᠂ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠬᠠᠮᠢᠶᠠᠷᠤᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠢᠳᠡᠪᠬᠢᠲᠡᠢ ᠰᠦᠪᠡᠭᠴᠢᠯᠡᠭᠰᠡᠨ ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠵᠡᠷᠭᠡ 13 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡ ᠵᠢ ᠲᠦᠷᠭᠡᠨ ᠬᠥᠭᠵᠢᠭᠦᠯᠬᠦ》 ᠵᠢᠨ ᠲᠣᠭᠣᠷᠢᠨ᠎ᠳᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 《ᠰᠢᠶᠠᠨ ᠬᠥᠳᠡᠭᠡ ᠲᠣᠰᠬᠣᠨ᠎ᠤ ᠭᠡᠷ ᠪᠦᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠤᠤᠷᠵᠢᠯ᠎ᠢ ᠪᠦᠷᠢᠨᠰᠢᠭᠦᠯᠵᠦ᠂ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠬᠦᠳᠤᠬᠡᠳ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ》 ᠳᠥᠷᠪᠡᠨ ᠲᠠᠯ᠎ᠠ ᠵᠢᠨ 17 ᠵᠤᠷᠪᠤᠰ ᠪᠣᠳᠠᠲᠠᠢ ᠠᠷᠭ᠎ᠠ ᠵᠢ ᠨᠠᠷᠢᠯᠢᠭᠵᠢᠭᠤᠯᠪᠠ; ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠲᠤ ᠰᠢᠨ᠎ᠡ ᠵᠢ ᠡᠬᠦᠳᠦᠭᠰᠡᠨ ᠵᠶ᠋ᠡᠷ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠣᠷᠣᠨ᠎ᠳᠤ ᠰᠤᠮᠤ ᠰᠢᠶᠠᠩ ᠪᠠᠯᠭ᠋ᠠᠰᠤ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠨᠡᠶ᠋ᠢᠲᠡ 570 ᠪᠠᠢ᠌ᠭᠤᠯᠵᠤ᠂ ᠲᠣᠰᠬᠣᠨ᠎ᠤ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ (ᠵᠢᠷᠭ᠋ᠠᠯᠳᠤ ᠬᠦᠷᠢᠶᠡᠯᠡᠩ ᠪᠠᠭᠲᠠᠨ᠎ᠠ) ᠵᠢ 6217 ᠪᠠᠢ᠌ᠭᠤᠯᠵᠤ ᠳᠠᠭᠤᠰᠬᠠᠪᠠ᠃ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠢᠨ᠎ᠡ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠠᠮᠢᠶ᠎ᠠ ᠪᠦᠬᠦᠢ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠲᠥᠪ᠎ᠤᠨ ᠠᠰᠠᠷᠠᠮᠵᠢ ᠵᠢᠨ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ 4308.75 ᠲᠦᠮᠡᠨ ᠲᠥᠭᠥᠷᠢᠭ ᠲᠣᠬᠢᠷᠠᠭᠤᠯᠤᠨ ᠬᠣᠰᠢᠭᠤ ᠰᠢᠶᠠᠨ᠎ᠤ ᠱᠠᠲᠤᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠰᠡᠯᠪᠢᠨ ᠵᠠᠰᠠᠵᠤ ᠲᠠᠰ ᠳᠡᠪᠰᠢᠭᠦᠯᠬᠦ ᠭᠠᠯ ᠤᠨᠲᠠᠷᠠᠭ᠋ᠠᠬᠤ ᠵᠡᠷᠭᠡ ᠰᠠᠭᠤᠷᠢ ᠲᠦᠬᠦᠬᠡᠷᠤᠮᠵᠢ᠎ᠳᠤ ᠬᠡᠷᠡᠭᠯᠡᠪᠡ᠃ ᠪᠠᠰᠠ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠥᠭᠡᠷᠡᠴᠢᠯᠡᠨ ᠰᠠᠢ᠌ᠵᠢᠷᠠᠭᠤᠯᠬᠤ᠂ ᠴᠢᠳᠠᠮᠵᠢ ᠵᠢ ᠥᠷᠭᠡᠳᠬᠡᠬᠦ᠎ᠪᠠᠷ ᠳᠠᠮᠵᠢᠭᠤᠯᠤᠨ   ᠬᠤᠰᠢᠭᠤ ᠰᠢᠶᠠᠨ ᠂ ᠰᠤᠮᠤ ᠰᠢᠶᠠᠩ᠂ ᠭᠠᠴᠠᠭ᠎ᠠ ᠲᠣᠰᠬᠣᠨ᠎ᠢ ᠵᠣᠯᠭ᠋ᠠᠭᠤᠯᠤᠭᠰᠠᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠤᠤᠷᠵᠢᠯ᠎ᠤᠨ ᠪᠠᠢ᠌ᠭᠤᠯᠤᠯᠲᠠ ᠵᠢ ᠴᠢᠡᠭᠭ᠋ᠠᠳᠬᠠᠪᠠ᠃
      ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ᠎ᠪᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠥᠭᠡᠷᠡᠴᠢᠯᠡᠯᠲᠡ ᠵᠢᠨ ᠡᠭᠦᠷᠭᠡ ᠵᠢ ᠲᠦᠷᠦᠭᠦᠯᠡᠨ ᠬᠢᠬᠦ ᠲᠣᠭᠣᠷᠢᠨ᠎ᠳᠤ 36 ᠠᠷᠭ᠎ᠠ  ᠵᠢ ᠳᠤᠷᠠᠳᠤᠨ ᠭᠠᠷᠭ᠋ᠠᠪᠠ᠂ ᠣᠳᠣᠬᠠᠨ᠎ᠳᠤ ᠨᠡᠢ᠌ᠭᠡᠮ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ 《ᠬᠠᠮᠲᠤ᠎ᠳᠤ᠎ᠨᠢ ᠬᠢᠨᠠᠵᠤ ᠨᠢᠭᠡᠳᠦᠯᠲᠡᠢ ᠭᠦᠢ᠍ᠴᠡᠳᠬᠡᠬᠦ》᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠢ᠌ᠮᠠᠭ ᠬᠣᠲᠠ ᠵᠢᠨ ᠱᠠᠲᠤᠨ᠎ᠤ ᠨᠢᠭᠡᠳᠦᠯᠲᠡᠢ ᠬᠠᠮᠢᠶᠠᠷᠤᠯᠲᠠ ᠵᠢ ᠠᠬᠢᠭᠤᠯᠬᠤ ᠵᠡᠷᠭᠡ ᠥᠭᠡᠷᠡᠴᠢᠯᠡᠯᠲᠡ ᠵᠢᠨ ᠠᠷᠭ᠎ᠠ ᠵᠢ ᠨᠡᠢ᠌ᠲᠡᠯᠡᠭᠰᠡᠨ ᠪᠥᠭᠡᠳ ᠢᠳᠡᠪᠬᠢ ᠦᠷ᠎ᠡ ᠪᠦᠲᠦᠮᠵᠢ  ᠤᠯᠤᠯ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ᠎ᠬᠢᠨ ᠴᠢᠨᠠᠷᠵᠢᠭᠤᠨ᠂ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠬᠤ ᠵᠢᠨ ᠲᠣᠭᠣᠷᠢᠨ᠎ᠳᠤ ᠠᠵᠢᠯ ᠣᠯᠭᠣᠯᠲᠠ ᠵᠢᠨ ᠬᠦᠷᠢᠶ᠎ᠡ ᠴᠠᠷᠠᠭ᠎ᠠ᠎ᠳᠤ᠎ᠬᠢ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠨᠠᠯ᠎ᠢ ᠨᠡᠢ᠌ᠲᠡᠯᠡᠬᠦ ᠠᠵᠢᠯ᠎ᠢ ᠠᠬᠢᠭᠤᠯᠵᠤ᠂ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠳᠡᠮᠵᠢᠬᠦ ᠰᠢᠰᠲᠸᠮ᠎ᠢ ᠲᠡᠭᠦᠯᠳᠡᠷᠵᠢᠭᠦᠯᠦᠨ᠂ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠢᠳᠡᠪᠬᠢᠲᠡᠢ ᠨᠠᠮᠳᠠᠭᠤᠯᠵᠤ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠥᠷᠥ ᠵᠢᠨ ᠪᠣᠳᠣᠯᠭ᠎ᠠ᠎ᠪᠠᠨ ᠦᠷᠭᠦᠯᠵᠢᠯᠡᠨ ᠲᠡᠬᠦᠯᠳᠡᠷᠵᠢᠬᠦᠯᠤᠬᠡᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠦᠬᠦ ᠤᠯᠤᠰ᠎ᠲᠤ ᠡᠩ ᠲᠡᠷᠢᠭᠦᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ  ᠲᠡᠰ ᠲᠠᠪᠬᠤᠷᠭ᠎ᠠ ᠣᠯᠠᠨ ᠲᠤᠯᠭ᠋ᠠᠭᠤᠷᠢᠲᠤ ᠨᠠᠰᠤᠵᠢᠯ᠎ᠤᠨ ᠳᠠᠭ᠋ᠠᠳᠬᠠᠯ᠎ᠤᠨ ᠰᠢᠰᠲ᠋ᠧᠮ᠎ᠢ ᠪᠠᠶ᠋ᠢᠭᠤᠯᠬᠤ ᠰᠠᠨᠠᠯ》᠎ᠢ ᠨᠡᠢ᠌ᠲᠡᠯᠡᠵᠦ᠂ ᠨᠡᠢ᠌ᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂  ᠠᠮᠢᠳᠤᠯᠢᠭ ᠵᠶ᠋ᠠᠷ ᠠᠵᠢᠯ ᠣᠯᠣᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ᠎ᠪᠠᠷ ᠠᠵᠢᠯ ᠣᠯᠣᠭᠰᠠᠳ᠎ᠤᠨ ᠨᠡᠢ᠌ᠭᠡᠮ᠎ᠤᠨ ᠪᠠᠲᠤᠯᠠᠭ᠎ᠠ᠎ᠳᠤ ᠣᠷᠣᠯᠴᠠᠬᠤ ᠵᠢ ᠣᠯᠠᠨ  ᠠᠷᠭ᠎ᠠ᠎ᠪᠠᠷ ᠠᠬᠢᠭᠤᠯᠵᠤ᠂ ᠨᠥᠬᠥᠴᠡᠯ᠎ᠲᠠᠢ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠳᠤ ᠨᠥᠬᠥᠪᠦᠷᠢ ᠥᠭᠬᠦ ᠠᠵᠢᠯ ᠥᠷᠨᠢᠭᠦᠯᠬᠦ ᠵᠢ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ ᠨᠡᠢ᠌ᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠦᠷᠭᠦᠯᠵᠢᠯᠡᠨ ᠴᠢᠡᠭᠭ᠋ᠠᠳᠬᠠᠯ᠎ᠠ᠃
    《ᠳᠤᠯᠠᠭ᠋ᠠᠯᠠᠬᠤ ᠢᠨᠵᠧᠨᠧᠷᠢᠩ》᠎ᠢ ᠬᠡᠷᠡᠭᠵᠢᠭᠦᠯᠦᠭᠰᠡᠨ᠎ᠠᠴᠠ ᠨᠠᠭ᠋ᠠᠰᠢ ᠮᠠᠨ᠎ᠤ ᠣᠷᠣᠨ ᠢᠳᠡᠪᠬᠢᠲᠡᠢ ᠦᠷ᠎ᠡ ᠪᠦᠲᠦᠮᠵᠢ ᠣᠯᠪᠠ᠃ 10 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ ᠪᠥᠬᠥ ᠵᠢᠯ᠎ᠳᠤ ᠬᠡᠷᠡᠭᠵᠢᠭᠦᠯᠬᠦ᠎ᠪᠠᠷ ᠲᠥᠯᠥᠪᠯᠡᠵᠦ  ᠪᠠᠢ᠌ᠬᠰᠠᠨ 528 ᠲᠥᠷᠥᠯ ᠵᠦᠢ᠍ᠯ᠎ᠢ ᠨᠢᠭᠡᠨᠲᠡ ᠪᠦᠬᠦᠨ᠎ᠢ ᠳᠠᠭᠤᠰᠬᠠᠵᠤ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ) ᠎ᠳᠤ ᠴᠠᠭ ᠲᠤᠬᠠᠢ᠎ᠳᠤ᠎ᠨᠢ ᠲᠤᠯᠠᠭ᠋ᠠᠯᠭ᠎ᠠ ᠬᠠᠩᠭ᠋ᠠᠵᠤ᠂ ᠣᠳᠣᠬᠠᠨ᠎ᠳᠤ ᠪᠥᠬᠥ ᠣᠷᠣᠨ᠎ᠤ ᠲᠤᠯᠠᠭ᠋ᠠᠯᠭ᠎ᠠ ᠵᠢᠨ ᠠᠵᠢᠯᠯᠠᠭ᠋ᠠᠨ  ᠶᠡᠷᠦᠩᠬᠡᠢ᠎ᠳᠤ᠎ᠪᠠᠨ ᠲᠣᠭᠲᠠᠭᠤᠨ᠂  ᠲᠤᠯᠠᠭ᠋ᠠᠯᠭ᠎ᠠ ᠵᠢᠨ ᠶᠠᠰᠤ ᠴᠢᠨᠠᠷ᠎ᠢ ᠢᠯᠡᠳᠲᠡ ᠲᠡᠭᠡᠭᠰᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠤᠳᠠᠭ᠋ᠠᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠢᠯᠴᠢ ᠬᠠᠩᠭ᠋ᠠᠬᠤ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠂ 《ᠳᠤᠯᠠᠭ᠋ᠠᠯᠠᠬᠤ ᠢᠨᠵᠧᠨᠧᠷᠢᠩ》᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠳᠤᠯᠠᠭ᠋ᠠᠯᠠᠬᠤ ᠢᠨᠵᠧᠨᠧᠷᠢᠩ᠎ᠤᠨ ᠰᠡᠭᠦᠯᠴᠢ ᠵᠢᠨ ᠬᠠᠭ᠋ᠠᠰ ᠠᠵᠢᠯ᠎ᠢ ᠰᠠᠢ᠌ᠲᠤᠷ ᠬᠢᠬᠦ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ᠎ᠬᠢᠨ ᠲᠤᠯᠠᠭ᠋ᠠᠯᠭ᠎ᠠ ᠬᠠᠩᠭ᠋ᠠᠬᠤ ᠬᠤᠭᠤᠴᠠᠭ᠋ᠠᠨ᠎ᠳᠤ᠎ᠬᠢ ᠨᠠᠷᠢᠯᠢᠭ ᠣᠨᠣᠴᠠᠲᠠᠢ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠪᠥᠬᠥ ᠣᠷᠣᠨ ᠪᠦᠰᠡ ᠵᠢᠨ ᠣᠶᠤᠨᠴᠢ᠎ᠪᠠᠷ ᠲᠤᠯᠠᠭ᠋ᠠᠯᠭ᠎ᠠ ᠬᠠᠩᠭ᠋ᠠᠬᠤ ᠵᠢᠱ᠌ᠢᠶ᠎ᠡ ᠦᠵᠡᠭᠦᠯᠬᠦ ᠴᠡᠭ᠎ᠤᠨ ᠠᠵᠢᠯ᠎ᠢ ᠰᠦᠪᠡᠭᠴᠢᠯᠡᠨ ᠥᠷᠨᠢᠭᠦᠯᠵᠦ᠂ ᠲᠤᠷᠰᠢᠯᠭ᠎ᠠ ᠪᠠ ᠦᠷ᠎ᠡ ᠪᠦᠲᠦᠭᠡᠯ᠎ᠢ ᠪᠤᠰᠢᠭᠤᠬᠠᠨ ᠲᠤᠷᠰᠢᠨ ᠭᠠᠷᠭ᠋ᠠᠵᠤ᠂ ᠠᠯᠬᠤᠮ ᠠᠯᠬᠤᠮ ᠵᠶ᠋ᠠᠷ ᠪᠥᠬᠥ ᠣᠷᠣᠨ᠎ᠳᠤ ᠲᠡᠯᠬᠡᠷᠡᠬᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨᠴᠢ᠎ᠪᠠᠷ ᠲᠤᠯᠠᠭ᠋ᠠᠯᠭ᠎ᠠ ᠬᠠᠩᠭ᠋ᠠᠬᠤ ᠪᠠᠷᠢᠮᠵᠢᠶ᠎ᠠ ᠵᠢ ᠵᠡᠷᠭᠡ᠎ᠳᠤ᠎ᠨᠢ ᠲᠣᠭᠲᠠᠭ᠋ᠠᠵᠤ᠂ 《ᠢᠷᠡᠯᠲᠡ᠂ ᠲᠤᠤᠷᠵᠢᠯ᠂ ᠥᠷᠲᠡᠭᠡ᠂ ᠡᠷᠦᠬᠡ》 ᠵᠢᠨ ᠪᠥᠬᠥ ᠬᠡᠯᠬᠢᠶᠡᠰᠦ ᠵᠢᠨ ᠣᠶᠤᠨᠴᠢ᠎ᠪᠠᠷ ᠬᠠᠮᠢᠶᠠᠷᠬᠤ ᠵᠢ ᠪᠡᠶᠡᠯᠡᠬᠦᠯᠪᠡ᠃ ᠬᠡᠮᠵᠢᠯᠲᠡ᠎ᠪᠠᠷ ᠲᠤᠯᠠᠭ᠋ᠠᠯᠭ᠎ᠠ ᠬᠠᠩᠭ᠋ᠠᠬᠤ ᠵᠢᠨ ᠰᠦᠢ᠍ᠳᠬᠡᠯ ᠬᠤᠷᠢᠶᠠᠬᠤ᠂ ᠬᠠᠮᠢᠶᠠᠷᠬᠤ ᠪᠠ ᠤᠬᠠᠭᠤᠯᠬᠤ ᠰᠢᠰᠲᠸᠮ᠎ᠢ ᠪᠠᠢ᠌ᠭᠤᠯᠵᠤ᠂ 《ᠨᠠᠷᠢᠯᠢᠭ ᠣᠨᠣᠴᠠᠲᠠᠢ᠎ᠪᠠᠷ ᠲᠤᠯᠠᠭ᠋ᠠᠯᠭ᠎ᠠ ᠬᠠᠩᠭ᠋ᠠᠬᠤ᠂ ᠬᠡᠷᠡᠭᠴᠡᠭᠡ ᠶᠣᠰᠣᠭ᠋ᠠᠷ ᠲᠤᠯᠠᠭ᠋ᠠᠯᠭ᠎ᠠ ᠬᠠᠩᠭ᠋ᠠᠬᠤ》 ᠬᠠᠷᠠᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠡᠨᠧᠷᠭᠢ ᠠᠷᠪᠢᠯᠠᠬᠤ᠂ ᠲᠠᠭ᠋ᠠᠯᠠᠮᠵᠢᠲᠠᠢ ᠲᠤᠯᠠᠭ᠋ᠠᠯᠭ᠎ᠠ ᠬᠠᠩᠭ᠋ᠠᠬᠤ ᠰᠢᠨ᠎ᠡ ᠪᠠᠢ᠌ᠷᠢᠰᠢᠯ᠎ᠢ ᠪᠣᠶ ᠪᠣᠯᠭ᠋ᠠᠵᠤ᠂ ᠪᠥᠬᠥ ᠣᠷᠣᠨ᠎ᠤ ᠲᠤᠯᠠᠭ᠋ᠠᠯᠭ᠎ᠠ ᠬᠠᠡᠭᠭ᠋ᠠᠯᠭ᠎ᠠ ᠵᠢ ᠰᠢᠨ᠎ᠡ ᠳᠡᠭᠲᠡᠷ᠎ᠲᠤ ᠭᠠᠷᠭ᠋ᠠᠪᠠ᠃
     ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠰᠢᠨ᠎ᠡ ᠪᠠᠢ᠌ᠷᠢᠯᠠᠭᠤᠯᠤᠯᠲᠠ ᠬᠢᠵᠦ᠂ ᠰᠢᠨ᠎ᠡ ᠱᠠᠭ᠋ᠠᠷᠳᠠᠯᠭ᠎ᠠ ᠲᠤᠷᠠᠳᠤᠬᠰᠠᠨ ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ᠎ᠬᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 9 ᠲᠠᠯ᠎ᠠ ᠵᠢᠨ ᠭᠣᠣᠯ ᠡᠭᠦᠷᠭᠡ᠂ 35  ᠨᠠᠢ᠌ᠳᠠᠪᠤᠷᠢᠵᠢᠭᠤᠯᠬᠤ ᠠᠷᠭ᠎ᠠ ᠵᠢ ᠪᠦᠬᠦᠨ᠎ᠢ ᠡᠬᠢᠯᠡᠭᠦᠯᠵᠦ᠂ ᠰᠢᠶᠠᠨ᠎ᠤ ᠬᠡᠪᠴᠢᠶᠡᠨ᠎ᠤ ᠡᠮ ᠡᠮᠨᠡᠯᠭᠡ ᠵᠢᠨ ᠬᠠᠮᠲᠤ ᠵᠢᠨ ᠴᠣᠭᠴᠠ ᠵᠢᠨ ᠠᠨᠠᠭ᠋ᠠᠬᠤ ᠤᠬᠠᠭ᠋ᠠᠨ᠎ᠤ ᠳᠦᠷᠰᠦ ᠰᠢᠩᠭᠡᠭᠡᠯᠲᠡ ᠵᠢᠨ 《ᠲᠠᠷᠬᠠᠯᠲᠠ ᠵᠢ ᠪᠠᠢ᠌ᠴᠠᠭ᠋ᠠᠬᠤ᠂ ᠲᠥᠪᠯᠡᠷᠡᠭᠦᠯᠦᠨ ᠣᠨᠣᠰᠢᠯᠠᠬᠤ》᠂ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠰᠢᠨ᠎ᠡ᠎ᠪᠠᠷ ᠨᠡᠮᠡᠭᠳᠡᠭᠦᠯᠬᠦ ᠵᠡᠷᠭᠡ ᠡᠭᠦᠷᠭᠡ ᠵᠢᠨ ᠣᠨ᠎ᠤ ᠬᠠᠷᠠᠯᠲᠠ ᠵᠢ ᠤᠷᠢᠳᠴᠢᠯᠠᠨ ᠪᠡᠶᠡᠯᠡᠭᠦᠯᠪᠡ᠃ ᠪᠥᠬᠥ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ ᠵᠢᠨ ᠳᠡᠭᠡᠳᠦ ᠬᠡᠮᠵᠢᠶᠡᠨ᠎ᠠᠴᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠢ ᠡᠵᠡᠮᠳᠡᠬᠦ ᠪᠠ ᠠᠬᠢᠭᠤᠯᠵᠤ᠂ ᠡᠷᠡᠭᠦᠯ ᠮᠡᠨᠳᠦ ᠵᠢᠨ ᠠᠵᠢᠯ᠎ᠢ ᠤᠷᠢᠳ ᠵᠶ᠋ᠡᠷ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠳᠦᠷᠢᠮ》᠎ᠳᠤ ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠵᠢ ᠰᠠᠨᠠᠭ᠋ᠠᠴᠢᠯᠠᠭᠰᠠᠨ ᠵᠶ᠋ᠠᠷ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ 29.18%᠎ᠳᠤ ᠬᠦᠷᠴᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ 1.4 ᠵᠠᠭᠤᠨ᠎ᠤ ᠨᠢᠭᠡᠴᠢ ᠥᠨᠳᠥᠷ ᠪᠣᠯᠪᠠ᠃
     ᠪᠥᠬᠥ ᠣᠷᠣᠨ᠎ᠤ ᠬᠠᠮᠤᠭ᠎ᠤᠨ ᠥᠷᠭᠡᠨ ᠲᠡᠯᠬᠡᠷ ᠣᠯᠠᠨ ᠲᠦᠮᠡᠨ᠎ᠤ ᠰᠡᠷᠡᠵᠤ ᠮᠡᠳᠡᠬᠦ ᠵᠦᠢ᠍ᠯ᠎ᠢ ᠪᠠᠲᠤᠯᠠᠬᠤ᠎ᠠᠴᠠ ᠡᠭᠦᠰᠦᠨ ᠥᠭᠡᠷᠡᠴᠢᠯᠡᠯᠲᠡ ᠵᠢ ᠠᠬᠢᠭᠤᠯᠵᠤ᠂ ᠠᠷᠠᠳ ᠣᠯᠠᠨ᠎ᠳᠤ ᠨᠠᠩ ᠴᠢᠨᠠᠷᠯᠢᠭ᠃ ᠥᠨᠳᠥᠷ ᠪᠦᠲᠦᠮᠵᠢᠲᠡᠶ᠂ ᠰᠢᠰᠲ᠋ᠧᠮ᠎ᠲᠠᠢ  ᠲᠠᠭ᠋ᠠᠭ᠋ᠠᠮᠠᠭ᠋ᠠᠢ᠂ ᠡᠷᠬᠡ ᠲᠡᠭᠰᠢ ᠬᠦᠷᠴᠦ ᠳᠡᠶ᠋ᠢᠯᠬᠦ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡ ᠬᠠᠩᠭ᠋ᠠᠵᠤ᠂  ᠣᠷᠣᠨ᠎ᠤ ᠭᠠᠳᠠᠨᠠᠬᠢ ᠴᠢᠨᠠᠷᠵᠢᠭᠤᠨ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠵᠤ ᠪᠠᠭᠲᠠᠭ᠋ᠠᠮᠵᠢ ᠵᠢ ᠥᠷᠭᠡᠳᠬᠡᠬᠦ ᠠᠵᠢᠯ᠎ᠢ ᠠᠳᠬᠤᠬᠤ ᠵᠢᠨ ᠬᠠᠮᠳᠤ ᠣᠷᠣᠨ᠎ᠤ ᠳᠣᠲᠣᠷᠠᠬᠢ ᠴᠢᠨᠠᠷᠵᠢᠭᠤᠨ ᠡᠮᠴᠢᠯᠡᠭᠡᠨ᠎ᠤ ᠡᠬᠢ ᠪᠠᠶᠠᠯᠢᠭ᠎ᠢ ᠳᠣᠷᠣᠭᠰᠢ ᠪᠠᠭᠤᠯᠭ᠋ᠠᠬᠤ ᠵᠢ  ᠴᠢᠡᠭᠭ᠋ᠠᠳᠬᠠᠯ᠎ᠠ᠃ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ 《ᠭᠤᠷᠪᠠᠨ ᠡᠮᠴᠢᠯᠡᠭᠡ》 ᠵᠢ ᠵᠣᠬᠢᠴᠠᠯᠳᠤᠭᠤᠯᠤᠨ ᠬᠥᠭᠵᠢᠭᠦᠯᠬᠦ ᠪᠠ ᠵᠠᠰᠠᠬᠤ᠂ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠬᠥᠭᠵᠢᠯᠲᠡ ᠵᠢᠨ ᠲᠣᠭᠲᠠᠴᠠ ᠵᠢ ᠲᠡᠭᠦᠯᠳᠡᠷᠵᠢᠭᠦᠯᠬᠦ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ  ᠰᠢᠰᠲᠸᠮ᠎ᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠦᠯᠲᠡᠢ ᠲᠥᠯᠥᠪᠯᠡᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠷᠡᠭᠦᠯ ᠮᠡᠨᠳᠦ ᠪᠤᠶᠠᠨ ᠵᠢᠷᠭ᠋ᠠᠯ᠎ᠢ ᠨᠡᠮᠡᠭᠳᠡᠬᠦᠯᠵᠤ ᠪᠠᠢ᠌ᠨ᠎ᠠ᠃



 

 

ᠢᠷᠡᠯᠲᠡ᠄ ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠨᠥᠴᠢᠨ ᠬᠡᠦᠬᠡᠳ᠎ᠢ ᠦᠰᠬᠡᠬᠦ ᠪᠠᠲᠤᠯᠠᠭ᠎ᠠ ᠵᠢᠨ ᠪᠠᠷᠢᠮᠵᠢᠶ᠎ᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠷᠣᠯᠠᠭᠤᠯᠤᠭᠰᠠᠨ᠎ᠨᠢ 8.1 ᠳ᠋ᠦᠩᠰᠢᠭᠤᠷ ᠲᠥᠭᠥᠷᠢᠭ᠎ᠲᠤ ᠬᠦᠷᠪᠡ
ᠪᠦᠬᠦᠨ ᠤᠷᠤᠨ᠎ᠳᠤ ᠠᠡᠭᠬ᠎ᠠ — ᠤᠷᠳᠤᠰ ᠬᠤᠳᠠ ᠵᠢᠨ ᠵᠡᠬᠦᠡᠭ᠋ᠠᠷ ᠬᠤᠰᠢᠭᠤ 《ᠰᠦᠢ᠍ᠳᠬᠡᠯ ᠬᠤᠷᠢᠶᠠᠬᠤ ᠦᠭᠡᠢ ᠣᠷᠣᠰᠢᠭᠤᠯᠭ᠎ᠠ 》 ᠵᠢᠨ ᠦᠬᠡᠷᠡᠴᠢᠯᠡᠯᠳᠡ ᠵᠢ ᠦᠷᠨᠢᠬᠦᠯᠪᠡ
ᠨᠢᠳᠤᠨᠤᠨ᠎ᠤ ᠲᠦᠷᠦᠭᠦᠸ᠋ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠲᠤ ᠳᠥᠷᠪᠡᠳᠦᠭᠡᠷ᠎ᠲᠤ ᠤᠷᠤᠯ᠎ᠠ
ᠮᠠᠨ᠎ᠤ ᠤᠷᠤᠨ ᠬᠤᠳᠠᠯᠳᠤᠭ᠋ᠠᠨ᠎ᠤ ᠬᠦᠷᠢᠶ᠎ᠡ ᠴᠠᠷᠠᠭ᠎ᠠ᠎ᠳᠤ᠎ᠬᠢ ᠬᠡᠷᠡᠭᠯᠡᠭᠡ ᠵᠢ ᠲᠠᠪᠤᠨ ᠲᠠᠯ᠎ᠠ᠎ᠠᠴᠠ ᠬᠦᠭᠵᠢᠬᠡᠵᠤ ᠪᠠᠢ᠌ᠨ᠎ᠠ
 
            