ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠷᠣᠯᠠᠭᠤᠯᠤᠭᠰᠠᠨ᠎ᠨᠢ 8.1 ᠳ᠋ᠦᠩᠰᠢᠭᠤᠷ ᠲᠥᠭᠥᠷᠢᠭ᠎ᠲᠤ ᠬᠦᠷᠪᠡ
ᠨᠡᠶᠢᠲᠡᠯᠡᠭᠰᠡᠨ ᠴᠠᠭ᠄ 2024-11-04

    ᠪᠠᠩᠬᠢ ᠵᠢᠨ ᠬᠣᠯᠪᠣᠭ᠋ᠠᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠰᠢᠰᠲ᠋ᠧᠮ᠎ᠤᠨ ᠲᠣᠭ᠎ᠠ ᠪᠠᠷᠢᠮᠲᠠ᠎ᠳᠠᠬᠢ ᠦᠵᠡᠪᠡᠯ 10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠡᠶ᠋ᠢᠲᠡ 15.1 ᠲᠦᠮᠡᠨ ᠭᠡᠷ᠎ᠤᠨ ᠴᠠᠬᠢᠯᠭ᠋ᠠᠨ ᠬᠡᠷᠡᠭᠰᠡᠯ ᠪᠣᠷᠣᠯᠠᠭᠤᠯᠵᠤ᠂ ᠪᠣᠷᠣᠯᠠᠭᠤᠯᠤᠭᠰᠠᠨ ᠵᠣᠭᠣᠰ᠎ᠤᠨ ᠲᠣᠭ᠎ᠠ᠎ᠨᠢ 8.1 ᠳ᠋ᠦᠩᠰᠢᠭᠤᠷ ᠲᠥᠭᠥᠷᠢᠭ᠎ᠲᠤ ᠬᠦᠷᠴᠦ 1.52 ᠳ᠋ᠦᠩᠰᠢᠭᠤᠷ ᠲᠥᠭᠥᠷᠢᠭ᠎ᠤᠨ ᠨᠥᠬᠥᠪᠦᠷᠢ ᠮᠥᠩᠭᠥ ᠵᠢ ᠬᠠᠷᠭᠤᠭᠤᠯᠤᠨ ᠬᠠᠰᠤᠭᠰᠠᠨ ᠪᠠᠢ᠌ᠨ᠎ᠠ᠃
    ᠪᠦᠷᠢᠳᠬᠡᠯ ᠵᠶ᠋ᠡᠷ 9 ᠳ᠋ᠤᠬᠡᠷ ᠰᠠᠷ᠎ᠠ ᠵᠢᠨ 17᠎ᠤ ᠡᠳᠦᠷ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠦᠭᠰᠡᠨ᠎ᠠᠴᠠ ᠨᠠᠭ᠋ᠠᠰᠢ ᠪᠥᠬᠥ ᠣᠷᠣᠨ᠎ᠳᠤ ᠱᠠᠭ᠋ᠠᠷᠳᠠᠯᠭ᠎ᠠ᠎ᠳᠤ ᠨᠡᠢ᠌ᠴᠡᠭᠰᠡᠨ ᠭᠡᠷ᠎ᠤᠨ ᠴᠠᠬᠢᠯᠭ᠋ᠠᠨ ᠬᠡᠷᠡᠭᠰᠡᠯ᠎ᠢ ᠨᠡᠶ᠋ᠢᠲᠡ 167813 ᠪᠣᠷᠣᠯᠠᠭᠤᠯᠵᠤ᠂ ᠨᠢᠭᠡᠳᠦᠭᠡᠷ ᠳᠡᠰ᠎ᠤᠨ ᠡᠨᠧᠷᠭᠢ ᠵᠢᠨ ᠠᠰᠢᠭᠯᠠᠮᠵᠢ᠎ᠲᠠᠢ ᠭᠡᠷ᠎ᠤᠨ ᠴᠠᠬᠢᠯᠭ᠋ᠠᠨ ᠬᠡᠷᠡᠭᠰᠡᠯ᠎ᠢ ᠨᠡᠶ᠋ᠢᠲᠡ 148071 ᠪᠣᠷᠣᠯᠠᠭᠤᠯᠵᠤ᠂ 88.2%᠎ᠢ ᠡᠵᠡᠯᠡᠪᠡ᠃ ᠬᠣᠶᠠᠳᠤᠭ᠋ᠠᠷ ᠳᠡᠰ᠎ᠤᠨ ᠡᠨᠧᠷᠭᠢ ᠵᠢᠨ ᠠᠰᠢᠭᠯᠠᠮᠵᠢ᠎ᠲᠠᠢ ᠭᠡᠷ᠎ᠤᠨ ᠴᠠᠬᠢᠯᠭ᠋ᠠᠨ ᠬᠡᠷᠡᠭᠰᠡᠯ᠎ᠢ ᠨᠡᠶ᠋ᠢᠲᠡ 19375 ᠪᠣᠷᠣᠯᠠᠭᠤᠯᠵᠤ᠂ 11.5% ᠵᠢ ᠡᠵᠡᠯᠡᠵᠡᠢ᠃ ᠡᠭᠦᠨ᠎ᠳᠤ ᠬᠥᠬᠡᠬᠣᠲᠠ᠂ ᠪᠤᠭᠤᠲᠤ᠂ ᠰᠢᠯᠢ ᠵᠢᠨ ᠭᠣᠣᠯ ᠠᠢ᠌ᠮᠠᠭ᠎ᠤᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠤᠨ ᠦᠷ᠎ᠡ ᠪᠦᠲᠦᠮᠵᠢ᠎ᠨᠢ ᠪᠥᠬᠥ ᠣᠷᠣᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠵᠠᠢ᠃
   ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠪᠣᠯ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠮᠠᠨ᠎ᠤ ᠤᠯᠤᠰ᠎ᠤᠨ ᠴᠢᠨᠠᠷᠯᠢᠭ ᠬᠥᠭᠵᠢᠯᠲᠡ ᠵᠢᠨ ᠶᠡᠬᠡ ᠲᠠᠯ᠎ᠠ ᠵᠢ ᠪᠣᠳᠣᠯᠬᠢᠯᠠᠵᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠣᠯᠣᠨ᠎ᠠ᠃ ᠤᠯᠤᠰ᠎ᠠᠴᠠ 《ᠬᠣᠶᠠᠷ᠎ᠢ ᠰᠢᠨᠡᠳᠬᠡᠬᠦ》 ᠵᠢᠨ ᠠᠵᠢᠯ᠎ᠢ ᠪᠠᠢ᠌ᠷᠢᠯᠠᠭᠤᠯᠤᠭᠰᠠᠨ᠎ᠠᠴᠠ ᠨᠠᠭ᠋ᠠᠰᠢ ᠮᠠᠨ᠎ᠤ ᠣᠷᠣᠨ᠎ᠤ ᠡᠯ᠎ᠡ ᠠᠢ᠌ᠮᠠᠭ ᠬᠣᠲᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠦᠳᠲᠡᠷ ᠬᠥᠳᠡᠯᠦᠯᠴᠡᠵᠦ᠂ 《ᠬᠣᠶᠠᠷ᠎ᠢ ᠰᠢᠨᠡᠳᠬᠡᠬᠦ》 ᠵᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠤᠭ᠋ᠠᠳ ᠪᠣᠳᠠᠲᠤ ᠦᠷ᠎ᠡ ᠪᠦᠲᠦᠮᠵᠢ ᠣᠯᠪᠠ᠃
   ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠨᠡ ᠵᠢᠯ ᠳᠠᠷᠤᠮᠠᠯᠯᠠᠨ ᠲᠠᠷᠬᠠᠭ᠋ᠠᠭᠰᠠᠨ 《ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠡᠳ᠋᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠋ᠠᠨ᠎ᠤ ᠲᠥᠰᠥᠯ》 ᠪᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠎ᠤ ᠦᠨᠤ ᠵᠢᠯ ᠳᠠᠷᠤᠮᠠᠯᠯᠠᠨ ᠲᠠᠷᠬᠠᠭ᠋ᠠᠭᠰᠠᠨ 《ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠡᠳ᠋᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠲᠤᠬᠠᠢ ᠠᠷᠭ᠎ᠠ》 ᠵᠢ ᠦᠨᠳᠦᠰᠦᠯᠡᠪᠡᠯ᠂ ᠥᠪᠥᠷ ᠮᠣᠩᠭᠣᠯ ᠲᠣᠰ ᠲᠣᠰ 《ᠬᠣᠶᠠᠷ᠎ᠢ ᠰᠢᠨᠡᠳᠬᠡᠬᠦ》 ᠵᠢ ᠠᠬᠢᠭᠤᠯᠬᠤ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠲᠥᠰᠥᠯ ᠪᠠ 《ᠬᠣᠶᠠᠷ ᠎ᠢ ᠰᠢᠨᠡᠳᠬᠡᠬᠦ》 ᠵᠢ ᠬᠦᠴᠦᠯᠡᠨ ᠳᠡᠮᠵᠢᠬᠦ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠡᠢ᠌ᠲᠡᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠠᠴᠠ ᠳᠠᠪᠠᠭᠰᠠᠨ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠬᠡᠰᠡᠭᠯᠡᠭᠰᠡᠨ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠬᠠᠮᠢᠶᠠᠷᠤᠯᠲᠠ ᠵᠢᠨ ᠲᠥᠰᠥᠯ᠎ᠢ ᠢᠵᠢ ᠪᠦᠷᠢᠳᠦᠭᠦᠯᠦᠨ ᠲᠣᠭᠲᠠᠭ᠋ᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ 《ᠳᠥᠷᠪᠡᠨ ᠶᠡᠬᠡ ᠠᠵᠢᠯᠯᠠᠭ᠎ᠠ》 ᠵᠢᠨ ᠲᠣᠭᠣᠷᠢᠨ᠎ᠳᠤ ᠬᠦᠷᠢᠶ᠎ᠡ ᠬᠤᠪᠢᠶᠠᠨ ᠬᠡᠷᠡᠭᠵᠢᠭᠦᠯᠬᠦ ᠲᠥᠰᠥᠯ ᠲᠣᠭᠲᠠᠭ᠋ᠠᠵᠤ᠂ 8 ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠬᠡᠷᠡᠭᠵᠢᠭᠦᠯᠬᠦ ᠨᠠᠷᠢᠨ ᠳᠦᠷᠢᠮ᠎ᠢ ᠨᠡᠢ᠌ᠲᠡᠯᠡᠪᠡ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 24 ᠬᠠᠮᠢᠶ᠎ᠠ ᠪᠦᠬᠦᠢ ᠨᠠᠢ᠌ᠳᠠᠪᠤᠷᠢᠵᠢᠭᠤᠯᠬᠤ ᠪᠢᠴᠢᠭ ᠮᠠᠲ᠋ᠧᠷᠢᠶᠠᠯ ᠨᠡᠢ᠌ᠲᠡᠯᠡᠵᠦ ᠲᠥᠷᠥ ᠵᠢᠨ ᠪᠣᠳᠣᠯᠭ᠎ᠠ ᠵᠢᠨ ᠰᠢᠰᠲᠸᠮ᠎ᠢ  ᠪᠠᠢ᠌ᠭᠤᠯᠵᠤ ᠳᠠᠭᠤᠰᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠄ 《〈ᠬᠣᠶᠠᠷ᠎ᠢ ᠰᠢᠨᠡᠳᠬᠡᠬᠦ〉 ᠠᠵᠢᠯ᠎ᠢ ᠥᠷᠨᠢᠭᠦᠯᠦᠭᠰᠡᠨ᠎ᠨᠢ ᠪᠥᠬᠥ ᠣᠷᠣᠨ᠎ᠤ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠬᠦᠴᠦᠲᠡᠢ ᠳᠡᠮᠵᠢᠪᠡ᠃ ᠨᠢᠬᠡ ᠲᠠᠯ᠎ᠠ᠎ᠪᠠᠷ ᠲᠥᠬᠦᠭᠡᠷᠦᠮᠵᠢ ᠵᠢ ᠰᠢᠨᠡᠳᠬᠡᠬᠦ᠎ᠪᠠᠷ ᠳᠠᠮᠵᠢᠭᠤᠯᠤᠨ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢ ᠲᠡᠰ ᠳᠡᠪᠰᠢᠭᠦᠯᠦᠨ ᠥᠭᠡᠷᠡᠴᠢᠯᠡᠬᠦ ᠵᠢ ᠠᠬᠢᠭᠤᠯᠵᠤ᠂ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠬᠠᠮᠲᠤ ᠳᠡᠭᠡᠳᠦ ᠳᠣᠣᠷᠠᠳᠤ ᠤᠷᠤᠰᠬᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠬᠠᠮᠵᠢᠯᠴᠠᠨ ᠬᠥᠭᠵᠢᠬᠦ ᠵᠢ ᠳᠠᠢ᠍ᠢ᠍ᠴᠢᠯᠠᠵᠤ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠨ᠎ᠡ᠃ ᠨᠥᠭᠥᠭᠡ ᠲᠠᠯ᠎ᠠ᠎ᠪᠠᠷ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠪᠠᠷ ᠳᠠᠮᠵᠢᠭᠤᠯᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠤᠷᠮ᠎ᠠ ᠵᠢ ᠬᠥᠭᠵᠢᠭᠡᠵᠦ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠴᠢᠨᠰᠠᠭ᠎ᠠ ᠵᠢ ᠰᠠᠢ᠌ᠵᠢᠷᠠᠭᠤᠯᠬᠤ ᠵᠢᠨ ᠬᠠᠮᠲᠤ ᠳᠣᠲᠣᠭ᠋ᠠᠳᠤ ᠬᠡᠷᠡᠭᠴᠡᠭᠡ ᠵᠢᠨ ᠨᠡᠮᠡᠭᠳᠡᠯ᠎ᠢ ᠳᠠᠶ᠋ᠢᠴᠢᠯᠠᠵᠤ᠂ ᠬᠡᠷᠡᠭᠯᠡᠭᠡ ᠵᠢ ᠠᠵᠤ ᠠᠬᠤᠢ ᠵᠢᠨ ᠲᠣᠭᠲᠠᠭᠤᠨ ᠨᠡᠮᠡᠭᠳᠡᠯ᠎ᠤᠨ ᠴᠡᠭ ᠪᠤᠯᠭ᠋ᠠᠪᠠ》 ᠭᠡᠵᠦ ᠲᠠᠨᠢᠯᠴᠠᠭᠤᠯᠪᠠ᠃
    ᠪᠦᠷᠢᠳᠬᠡᠯ᠎ᠠᠴᠠ ᠦᠵᠡᠪᠡᠯ ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠠᠵᠤ ᠠᠬᠤᠢ ᠵᠢᠨ ᠭᠦᠢ᠍ᠴᠡᠳᠬᠡᠯ ᠲᠣᠭ᠎ᠠ ᠲᠦᠷᠦᠭᠦᠸ᠋ ᠬᠠᠭ᠋ᠠᠰ ᠵᠢᠯ᠎ᠳᠤ ᠦᠷᠭᠦᠯᠵᠢᠯᠡᠨ ᠰᠠᠢ᠌ᠵᠢᠷᠠᠬᠤ ᠬᠠᠨᠳᠤᠰᠢ᠎ᠲᠠᠢ ᠪᠦᠬᠡᠳ ᠥᠪᠥᠷ ᠮᠣᠩᠭᠣᠯ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ 5.8%᠎ᠪᠠᠷ ᠨᠡᠮᠡᠭᠳᠡᠨ ᠪᠥᠬᠥ ᠤᠯᠤᠰ᠎ᠲᠤ ᠳᠥᠷᠪᠡᠳᠦᠭᠡᠷ᠎ᠲᠤ ᠣᠷᠣᠵᠤ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ 1 ᠵᠠᠭᠤᠨ᠎ᠤ ᠨᠢᠭᠡᠴᠢ ᠥᠨᠳᠥᠷ ᠪᠣᠯᠪᠠ᠃ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ 11%᠎ᠳᠤ ᠬᠦᠷᠴᠦ ᠪᠥᠬᠥ ᠤᠯᠤᠰ᠎ᠲᠤ ᠦᠷᠭᠦᠯᠵᠢᠯᠡᠨ ᠬᠣᠶᠠᠳᠤᠭ᠋ᠠᠷ᠎ᠲᠤ ᠣᠷᠣᠵᠤ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 7.6 ᠵᠠᠭᠤᠨ᠎ᠤ ᠨᠢᠭᠡᠴᠢ ᠥᠨᠳᠥᠷ ᠪᠣᠯᠪᠠ᠃
   《ᠬᠣᠶᠠᠷ᠎ᠢ ᠰᠢᠨᠡᠳᠬᠡᠬᠦ》 ᠠᠵᠢᠯ᠎ᠨᠢ ᠪᠠᠰᠠ ᠮᠠᠨ᠎ᠤ ᠣᠷᠣᠨ᠎ᠤ ᠪᠡᠯᠡ ᠣᠷᠣᠭᠤᠯᠤᠯᠲᠠ ᠵᠢᠨ ᠨᠡᠮᠡᠭᠳᠡᠯ᠎ᠢ ᠬᠦᠴᠦᠲᠡᠢ ᠳᠠᠢ᠌ᠴᠢᠯᠠᠭᠰᠠᠨ ᠪᠠᠢ᠌ᠨ᠎ᠠ᠃ ᠠᠵᠤ ᠦᠢ᠍ᠯᠡᠰ᠎ᠤᠨ ᠳᠡᠭᠡᠳᠦ ᠲᠠᠰ᠎ᠤᠨ᠂ ᠣᠶᠤᠨᠴᠢᠯᠠᠯᠲᠠ ᠵᠢᠨ ᠲᠠᠰ ᠳᠡᠪᠰᠢᠬᠦ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ ᠮᠠᠨ᠎ᠤ ᠤᠷᠤᠨ ᠲᠣᠨᠣᠭ ᠲᠥᠬᠦᠭᠡᠷᠦᠮᠵᠢ ᠵᠢᠨ ᠬᠠᠳᠠᠭ᠋ᠠᠯᠠᠯᠲᠠ ᠵᠢᠨ ᠬᠡᠮᠵᠢᠶ᠎ᠡ᠎ᠪᠠᠷ ᠥᠨᠳᠥᠷ᠂ ᠥᠷᠲᠡᠭ ᠥᠨᠳᠥᠷ᠂ ᠰᠢᠨᠡᠳᠬᠡᠬᠦ ᠬᠡᠷᠡᠭᠴᠡᠭᠡ ᠱᠠᠭ᠋ᠠᠷᠳᠠᠯᠭ᠎ᠠ ᠶᠡᠬᠡ ᠬᠦᠷᠢᠶ᠎ᠡ᠎ᠪᠠᠷ ᠭᠣᠣᠯᠳᠠᠯᠭ᠎ᠠ ᠪᠣᠯᠭ᠋ᠠᠨ᠂ ᠬᠠᠮᠢᠶ᠎ᠠ ᠪᠦᠬᠦᠢ ᠬᠡᠷᠡᠭᠵᠢᠭᠦᠯᠬᠦ ᠲᠥᠰᠥᠯ᠎ᠢ ᠨᠡᠢ᠌ᠲᠡᠯᠡᠵᠦ᠂ ᠲᠥᠷᠥᠯ ᠵᠦᠢ᠍ᠯ᠎ᠢ ᠢᠳᠡᠪᠬᠢᠲᠡᠢ ᠲᠥᠯᠥᠪᠯᠡᠨ᠂ ᠪᠡᠯᠡ ᠮᠥᠩᠭᠥ ᠵᠢᠨ ᠳᠡᠮᠵᠢᠯᠭᠡ ᠵᠢ ᠪᠠᠳᠤᠯᠠᠭ᠋ᠠᠳ ᠡᠯ᠎ᠡ ᠠᠵᠢᠯ ᠲᠥᠷᠥᠯ᠎ᠤᠨ ᠲᠡᠷᠢᠭᠦᠨ᠎ᠤ ᠪᠠᠷᠢᠮᠵᠢᠶ᠎ᠠ᠂ ᠲᠡᠷᠢᠭᠦᠨ᠎ᠤ ᠬᠡᠮᠵᠢᠶ᠎ᠡ ᠵᠢ ᠬᠠᠷᠢᠴᠠᠭᠤᠯᠤᠨ᠂ ᠲᠣᠨᠣᠭ ᠲᠥᠬᠦᠭᠡᠷᠦᠮᠵᠢ ᠵᠢᠨ ᠰᠢᠨᠡᠴᠢᠯᠡᠯᠲᠡ ᠵᠢᠨ ᠬᠠᠮᠢᠶ᠎ᠠ ᠪᠦᠬᠦᠢ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠢᠳᠡᠪᠬᠢᠲᠡᠢ ᠠᠬᠢᠭᠤᠯᠪᠠ᠃  ᠦᠨᠤ ᠵᠢᠯ᠎ᠤᠨ ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠲᠣᠭᠲᠠᠭ᠋ᠠᠭᠰᠠᠨ ᠠᠵᠤ ᠦᠢ᠍ᠯᠡᠳᠪᠦᠷᠢ ᠵᠢᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9%᠎ᠪᠠᠷ ᠨᠡᠮᠡᠭᠳᠡᠵᠦ ᠲᠠᠩ ᠭᠠᠭᠴᠠ ᠲᠥᠬᠦᠭᠡᠷᠦᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 100.1%᠎ᠪᠠᠷ ᠨᠡᠮᠡᠭᠳᠡᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠢ 0.6 ᠵᠠᠭᠤᠨ᠎ᠤ ᠨᠢᠭᠡᠴᠢ ᠲᠠᠢ᠌ᠴᠢᠯᠠᠬᠰᠠᠨ ᠪᠠᠢ᠌ᠨ᠎ᠠ᠃





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦᠨ ᠤᠷᠤᠨ᠎ᠳᠤ ᠠᠡᠭᠬ᠎ᠠ — ᠤᠷᠳᠤᠰ ᠬᠤᠳᠠ ᠵᠢᠨ ᠵᠡᠬᠦᠡᠭ᠋ᠠᠷ ᠬᠤᠰᠢᠭᠤ 《ᠰᠦᠢ᠍ᠳᠬᠡᠯ ᠬᠤᠷᠢᠶᠠᠬᠤ ᠦᠭᠡᠢ ᠣᠷᠣᠰᠢᠭᠤᠯᠭ᠎ᠠ 》 ᠵᠢᠨ ᠦᠬᠡᠷᠡᠴᠢᠯᠡᠯᠳᠡ ᠵᠢ ᠦᠷᠨᠢᠬᠦᠯᠪᠡ
ᠨᠢᠳᠤᠨᠤᠨ᠎ᠤ ᠲᠦᠷᠦᠭᠦᠸ᠋ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠲᠤ ᠳᠥᠷᠪᠡᠳᠦᠭᠡᠷ᠎ᠲᠤ ᠤᠷᠤᠯ᠎ᠠ
ᠮᠠᠨ᠎ᠤ ᠤᠷᠤᠨ ᠬᠤᠳᠠᠯᠳᠤᠭ᠋ᠠᠨ᠎ᠤ ᠬᠦᠷᠢᠶ᠎ᠡ ᠴᠠᠷᠠᠭ᠎ᠠ᠎ᠳᠤ᠎ᠬᠢ ᠬᠡᠷᠡᠭᠯᠡᠭᠡ ᠵᠢ ᠲᠠᠪᠤᠨ ᠲᠠᠯ᠎ᠠ᠎ᠠᠴᠠ ᠬᠦᠭᠵᠢᠬᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ᠎ᠬᠢᠨ 《ᠲᠤᠳᠤᠨᠤ ᠰᠠᠨᠠᠭᠤᠯᠤᠮᠵᠢ ᠵᠢᠨ ᠺᠠᠷᠲ》᠎ᠢ ᠤᠯᠠᠷᠢᠯ ᠤᠯᠠᠷᠢᠯ ᠵᠶ᠋ᠠᠷ ᠲᠠᠷᠬᠠᠭ᠋ᠠᠵᠤ᠂ ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ ᠣᠢ᠌ᠯᠠᠭ᠋ᠠᠭᠳᠠᠬᠤᠨ᠎ᠢ ᠨᠠᠢ᠌ᠳᠠᠪᠤᠷᠢᠵᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ᠎ᠬᠢᠨ ᠡᠮᠡᠭᠲᠡᠢ᠌ᠴᠦᠳ ᠬᠡᠦᠬᠡᠳ᠎ᠤᠨ ᠦᠢ᠍ᠯᠡᠰ᠎ᠤᠨ ᠬᠦᠭᠵᠢᠬᠦᠯᠤᠯᠳᠡ ᠵᠢ ᠲᠡᠮᠵᠢᠬᠦ᠎ᠪᠠᠷ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠳᠤ 5907 ᠲᠦᠮᠡᠨ ᠲᠥᠭᠥᠷᠢᠭ ᠪᠠᠭᠤᠯᠭ᠋ᠠᠵᠠᠢ
 
            