ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠦᠬᠦᠨ ᠤᠷᠤᠨ᠎ᠳᠤ ᠠᠡᠭᠬ᠎ᠠ — ᠤᠷᠳᠤᠰ ᠬᠤᠳᠠ ᠵᠢᠨ ᠵᠡᠬᠦᠡᠭ᠋ᠠᠷ ᠬᠤᠰᠢᠭᠤ 《ᠰᠦᠢ᠍ᠳᠬᠡᠯ ᠬᠤᠷᠢᠶᠠᠬᠤ ᠦᠭᠡᠢ ᠣᠷᠣᠰᠢᠭᠤᠯᠭ᠎ᠠ 》 ᠵᠢᠨ ᠦᠬᠡᠷᠡᠴᠢᠯᠡᠯᠳᠡ ᠵᠢ ᠦᠷᠨᠢᠬᠦᠯᠪᠡ
ᠨᠡᠶᠢᠲᠡᠯᠡᠭᠰᠡᠨ ᠴᠠᠭ᠄ 2024-12-26

ᠵᠡᠭᠦᠨᠭ᠋ᠠᠷ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ᠎ᠬᠢᠨ᠎ᠤ 《ᠰᠦᠢ᠍ᠳᠬᠡᠯ ᠬᠤᠷᠢᠶᠠᠬᠤ ᠦᠭᠡᠢ ᠣᠷᠣᠰᠢᠭᠤᠯᠭ᠎ᠠ ᠵᠢᠨ  ᠲᠦᠷᠢᠮ》 ᠵᠢ ᠥᠷᠨᠢᠭᠦᠯᠬᠦ ᠲᠤᠬᠠᠢ ᠵᠠᠷᠯᠠᠯ
     4 ᠳ᠋ᠤᠬᠡᠷ ᠲᠣᠭ᠋ᠠᠲᠤ

   ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠣᠯᠠᠨ᠎ᠤ ᠣᠷᠣᠰᠢᠭᠤᠯᠭ᠎ᠠ ᠵᠢᠨ ᠳᠠᠷᠤᠭ᠋ᠠᠰᠤ ᠵᠢ ᠤᠯᠠᠮ ᠬᠥᠩᠭᠡᠷᠡᠭᠦᠯᠵᠦ᠂ ᠨᠡᠢ᠌ᠭᠡᠮ᠎ᠤᠨ ᠪᠣᠯᠪᠠᠰᠤᠨ᠎ᠤ ᠳᠠᠪᠰᠢᠯᠲᠠ ᠵᠢ ᠠᠬᠢᠭᠤᠯᠬᠤ ᠵᠢᠨ  ᠲᠦᠯᠤᠬᠡ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》 ᠪᠠ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ 《ᠰᠦᠢ᠍ᠳᠬᠡᠯ ᠬᠤᠷᠢᠶᠠᠬᠤ ᠦᠭᠡᠢ᠎ᠪᠠᠷ ᠣᠷᠣᠰᠢᠭᠤᠯᠭ᠎ᠠ᠎ᠶᠢᠨ ᠳᠦᠷᠢᠮ》᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠥᠷᠨᠢᠭᠦᠯᠬᠦ ᠬᠣᠯᠪᠣᠭᠳᠠᠯ ᠪᠦᠬᠦᠢ ᠵᠦᠢ᠍ᠯᠡ᠊᠎ᠢ ᠡᠳᠦᠭᠡ ᠵᠠᠷᠯᠠᠶ᠎ᠠ᠄


ᠨᠢᠭᠡ᠂ ᠠᠵᠢᠯ᠎ᠤᠨ ᠵᠠᠷᠴᠢᠮ
  
    (ᠨᠢᠭᠡ) ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ ᠵᠠᠩ ᠳᠠᠳᠬᠠᠯ᠎ᠢ ᠥᠭᠡᠷᠡᠴᠢᠯᠡᠬᠦ ᠵᠢ ᠠᠬᠢᠭᠤᠯᠤᠨ᠎ᠠ᠃ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ᠂ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠡᠷᠡᠰ ᠭᠤᠢ᠌ᠪᠢᠰᠢ ᠦᠭᠡᠢ ᠬᠡᠷᠡᠭᠵᠢᠭᠦᠯᠵᠦ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠪᠠ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠠᠮᠢ ᠨᠠᠰᠤ ᠵᠢ ᠬᠦᠨᠳᠦᠳᠬᠡᠬᠦ᠂ ᠪᠣᠬᠢᠷᠲᠤᠯ ᠦᠭᠡᠢ᠂ ᠪᠣᠯᠪᠠᠰᠤᠨ᠎ᠢ ᠡᠷᠬᠢᠮᠯᠡᠬᠦ ᠣᠢ᠌ᠯᠠᠭ᠋ᠠᠭᠳᠠᠬᠤᠨ᠎ᠢ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠣᠯᠪᠠᠰᠤᠨ ᠪᠥᠭᠡᠳ ᠠᠷᠪᠢᠴᠢ ᠭᠠᠮᠲᠠᠢ ᠣᠷᠣᠰᠢᠭᠤᠯᠭ᠎ᠠ ᠵᠢ ᠵᠠᠰᠠᠬᠤ᠂ ᠭᠠᠵᠠᠷ ᠰᠢᠷᠣᠢ ᠵᠢ ᠠᠷᠪᠢᠯᠠᠵᠤ ᠠᠮᠢ ᠠᠬᠤᠢ ᠵᠢ ᠠᠮᠤᠷᠵᠢᠭᠤᠯᠤᠨ ᠣᠷᠣᠰᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠲᠠᠬᠢᠯᠭ᠎ᠠ ᠵᠢ ᠰᠠᠨᠠᠭ᠋ᠠᠴᠢᠯᠠᠵᠤ᠂ ᠣᠷᠣᠰᠢᠭᠤᠯᠭ᠎ᠠ ᠵᠢᠨ ᠪᠣᠯᠬᠢ ᠳᠠᠳᠬᠠᠯ᠎ᠢ ᠡᠪᠳᠡᠵᠦ᠂ ᠣᠷᠣᠰᠢᠭᠤᠯᠭ᠎ᠠ ᠵᠢᠨ ᠰᠢᠨ᠎ᠡ ᠬᠡᠪ ᠰᠤᠷᠲᠠᠯ᠎ᠢ ᠪᠤᠢ  ᠪᠤᠯᠭ᠋ᠠᠨ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠤᠨ᠎ᠠ᠃
    (ᠬᠣᠶᠠᠷ) ᠬᠥᠮᠥᠨ ᠵᠶ᠋ᠡᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢ ᠠᠬᠢᠭᠤᠯᠤᠨ᠎ᠠ᠃ ᠠᠷᠠᠳ ᠲᠦᠮᠡᠨ ᠵᠶ᠋ᠡᠷ ᠭᠣᠣᠯ ᠪᠣᠯᠭ᠋ᠠᠵᠤ᠂ ᠣᠯᠠᠨ ᠲᠦᠮᠡᠨ᠎ᠤ ᠣᠷᠣᠰᠢᠭᠤᠯᠭ᠎ᠠ ᠵᠢᠨ ᠬᠡᠷᠡᠭᠴᠡᠭᠡ ᠵᠢ ᠬᠠᠩᠭ᠋ᠠᠬᠤ᠎ᠪᠠᠷ ᠡᠬᠢᠯᠡᠯᠲᠡ ᠪᠠ ᠲᠡᠭᠦᠰᠬᠡᠯ ᠪᠣᠯᠭ᠋ᠠᠵᠤ᠂ ᠬᠥᠮᠥᠨ ᠪᠦᠬᠦᠨ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠣᠷᠣᠰᠢᠭᠤᠯᠭ᠎ᠠ ᠵᠢᠨ ᠦᠢ᠍ᠯᠡᠴᠢᠯᠡᠭᠡ ᠡᠳ᠋ᠯᠡᠭᠦᠯᠬᠦ ᠵᠢ ᠦᠨᠡᠨ ᠬᠦ᠌ ᠪᠠᠲᠤᠯᠠᠵᠤ᠂ ᠠᠷᠠᠳ ᠣᠯᠠᠨ᠎ᠢ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠬᠠᠮᠤᠭ᠎ᠤᠨ ᠶᠡᠬᠡ ᠠᠰᠢᠭ ᠬᠦᠷᠲᠡᠭᠴᠢ ᠪᠣᠯᠭ᠋ᠠᠨ᠎ᠠ᠃ 《ᠨᠢᠭᠡ ᠯᠡ ᠠᠳᠠᠯᠢ᠎ᠪᠠᠷ ᠱᠠᠭ᠋ᠠᠷᠳᠠᠬᠤ》 ᠦᠭᠡᠢ᠂ ᠵᠡᠭᠦᠨᠭ᠋ᠠᠷ᠎ᠤᠨ ᠣᠨᠴᠠᠯᠢᠭ᠎ᠲᠠᠢ ᠬᠥᠭᠵᠢᠯᠲᠡ ᠵᠢᠨ ᠵᠠᠭᠪᠤᠷ᠎ᠢ ᠪᠣᠶ ᠪᠣᠯᠭ᠋ᠠᠨ᠎ᠠ᠃
    (ᠭᠤᠷᠪᠠ) ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠣᠷᠣᠰᠢᠭᠤᠯᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠠᠵᠢᠯ ᠲᠥᠷᠥᠯ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠠᠷᠢᠭᠤᠴᠠᠯᠭ᠎ᠠ ᠵᠢᠨ ᠬᠡᠯᠬᠢᠶ᠎ᠡ ᠵᠢ ᠵᠦᠢ᠍ᠯ ᠳᠠᠷᠠᠭ᠋ᠠᠯᠠᠨ ᠡᠮᠬᠢᠯᠡᠵᠦ᠂ ᠬᠢᠨᠠᠨ ᠬᠠᠮᠢᠶᠠᠷᠬᠤ  ᠪᠠ ᠵᠠᠰᠠᠬᠤ ᠰᠢᠨ᠎ᠡ ᠠᠷᠭ᠎ᠠ ᠵᠢ ᠡᠭᠦᠳᠴᠦ᠂ ᠵᠣᠬᠢᠶᠠᠨ ᠪᠠᠢ᠌ᠭᠤᠯᠤᠯᠲᠠ ᠵᠢᠨ ᠬᠦᠴᠦᠨ ᠲᠡᠭᠦᠯᠳᠡᠷ᠂ ᠵᠣᠬᠢᠴᠠᠭᠤᠯᠤᠯᠲᠠ ᠵᠢᠨ ᠢᠯᠭᠤᠮ ᠰᠢᠯᠤᠭᠤᠨ ᠬᠠᠮᠢᠶᠠᠷᠤᠯᠲᠠ ᠵᠢᠨ ᠪᠠᠢ᠌ᠭᠤᠯᠤᠯ᠎ᠢ  ᠪᠠᠢ᠌ᠭᠤᠯᠤᠨ᠎ᠠ᠃ ᠬᠠᠷᠢᠶ᠎ᠠ ᠣᠷᠣᠨ᠎ᠤ ᠬᠠᠮᠢᠶᠠᠷᠤᠯᠲᠠ᠂ ᠦᠨᠳᠦᠰᠦᠨ ᠱᠠᠲᠤᠨ᠎ᠤ ᠠᠵᠢᠯ᠎ᠤᠨ ᠬᠦᠴᠦᠨ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ᠂ ᠨᠡᠢ᠌ᠭᠡᠮ᠎ᠤᠨ ᠬᠢᠨᠠᠯᠲᠠ ᠲᠠᠯᠪᠢᠬᠤ ᠵᠡᠷᠭᠡ ᠲᠠᠯ᠎ᠠ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠬᠦᠴᠦᠷᠬᠡᠭ ᠶᠡᠬᠡ ᠬᠢᠨᠠᠨ ᠬᠠᠮᠢᠶᠠᠷᠤᠯᠲᠠ ᠵᠢᠨ ᠬᠠᠮ ᠬᠦᠴᠦᠨ᠎ᠢ ᠪᠤᠢ ᠪᠣᠯᠭ᠋ᠠᠵᠤ ᠶᠡᠷᠦᠩᠬᠡᠢ᠌ᠯᠡᠭᠰᠡᠨ ᠬᠢᠨᠠᠨ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃
     (ᠳᠥᠷᠪᠡ) ᠵᠢᠱ᠌ᠢᠶ᠎ᠡ ᠦᠵᠡᠭᠦᠯᠦᠨ ᠳᠠᠭ᠋ᠠᠭᠤᠯᠬᠤ ᠵᠢ ᠪᠠᠷᠢᠮᠲᠠᠯᠠᠵᠤ᠂ ᠨᠡᠢ᠌ᠭᠡᠮ᠎ᠤᠨ᠎ᠬᠢᠨ᠎ᠤ ᠤᠷᠤᠯᠴᠠᠭ᠎ᠠ ᠵᠢ ᠳᠠᠶ᠋ᠢᠴᠢᠯᠠᠨ᠎ᠠ᠃ ᠨᠠᠮ᠎ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠪᠠ ᠬᠣᠰᠢᠭᠤᠴᠢ ᠵᠢᠱ᠌ᠢᠶᠡᠴᠢ ᠵᠢᠨ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ ᠲᠠᠶᠠᠭ᠋ᠠᠷ᠎ᠤᠨ᠎ᠬᠢᠨ᠎ᠢ ᠵᠢᠯᠤᠭᠣᠳᠴᠤ ᠪᠠᠢ᠌ᠭ᠋ᠠᠳ ᠪᠣᠯᠪᠠᠰᠤᠨ ᠣᠷᠣᠰᠢᠭᠤᠯᠭ᠎ᠠ ᠵᠢᠨ  ᠤᠢ᠌ᠯᠠᠭ᠋ᠠᠬᠳᠠᠬᠤᠨ᠎ᠢ ᠪᠣᠶ ᠪᠣᠯᠭ᠋ᠠᠵᠤ᠂ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠂ ᠣᠷᠣᠰᠢᠭᠤᠯᠭ᠎ᠠ ᠵᠢᠨ ᠦᠢ᠍ᠯᠡᠰ᠎ᠤᠨ  ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠠᠢ᠌ᠨ ᠰᠠᠢ᠌ᠬᠠᠨ ᠨᠡᠢ᠌ᠭᠡᠮ᠎ᠤᠨ ᠬᠡᠪ ᠰᠤᠷᠲᠠᠯ᠎ᠢ ᠪᠣᠶ ᠪᠣᠯᠭ᠋ᠠᠨ᠎ᠠ᠃


ᠬᠣᠶᠠᠷ᠂ ᠰᠦᠢ᠍ᠳᠬᠡᠯ ᠥᠯᠥ ᠬᠤᠷᠢᠶᠠᠬᠤ ᠡᠲᠡᠭᠡᠳ
 
   ᠵᠡᠭᠦᠨᠭ᠋ᠠᠷ ᠬᠣᠰᠢᠭᠤᠨ᠎ᠤ ᠡᠷᠦᠬᠡ ᠠᠮᠠ ᠵᠢᠨ ᠲᠠᠩᠰᠠ ᠵᠢ ᠵᠡᠭᠦᠨᠭ᠋ᠠᠷ ᠬᠣᠰᠢᠭᠤᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠡᠶ᠋ᠢᠲᠡ ᠵᠢᠨ ᠣᠩᠭᠣᠨ᠎ᠳᠤ ᠤᠷᠤᠰᠢᠭᠤᠯᠬᠤ ᠨᠥᠭᠴᠢᠭᠰᠡᠳ᠃


ᠭᠤᠷᠪᠠ᠂ ᠡᠬᠢᠯᠡᠵᠤ ᠬᠡᠷᠡᠭᠵᠢᠭᠦᠯᠬᠦ ᠴᠠᠭ
     2024 ᠣᠨ᠎ᠤ 12 ᠰᠠᠷ᠎ᠠ ᠵᠢᠨ 21᠎ᠠᠴᠠ ᠬᠡᠷᠡᠭᠵᠢᠭᠦᠯᠦᠨ᠎ᠡ᠃
 
  ᠳᠥᠷᠪᠡ᠂ ᠰᠦᠢ᠍ᠳᠬᠡᠯ ᠥᠯᠥ ᠬᠤᠷᠢᠶᠠᠬᠤ ᠲᠥᠷᠥᠯ ᠵᠦᠢ᠍ᠯ
  

   ᠴᠤᠬ᠍ᠴᠢᠰ᠎ᠢ ᠲᠤᠰᠴᠤ ᠵᠥᠭᠡᠭᠡᠪᠦᠷᠢᠯᠡᠬᠦ᠂  ᠴᠤᠬ᠍ᠴᠢᠰ᠎ᠢ ᠬᠠᠳᠠᠭ᠋ᠠᠯᠠᠬᠤ᠂ ᠴᠤᠬ᠍ᠴᠢᠰ᠎ᠢ ᠳᠡᠭᠳᠡᠭᠡᠬᠦ᠂ ᠴᠢᠨᠳᠠᠷ᠎ᠢ ᠬᠠᠳᠠᠭ᠋ᠠᠯᠠᠬᠤ ᠵᠡᠷᠭᠡ ᠳᠥᠷᠪᠡᠨ ᠦᠨᠳᠦᠰᠦᠨ ᠦᠢ᠍ᠯᠡᠴᠢᠯᠡᠭᠡ᠂ ᠭᠠᠰᠢᠭᠤᠳᠠᠯ᠎ᠤᠨ ᠲᠢᠩᠬᠢᠮ᠂ ᠳᠤᠷᠠᠰᠬᠠᠯ᠎ᠤᠨ ᠬᠤᠷᠠᠯ᠂ ᠴᠢᠨᠳᠠᠷ᠎ᠤᠨ ᠬᠠᠢ᠌ᠷᠴᠠᠭ᠂ ᠨᠡᠶ᠋ᠢᠲᠡ ᠵᠢᠨ ᠣᠩᠭᠣᠨ᠂ ᠣᠩᠭᠣᠨ᠎ᠤ ᠬᠥᠰᠢᠶ᠎ᠡ᠂ ᠬᠥᠰᠢᠶᠡᠨ᠎ᠤ ᠰᠡᠢ᠌ᠯᠦᠮᠡᠯ ᠪᠠ ᠨᠡᠶ᠋ᠢᠲᠡ ᠵᠢᠨ ᠣᠩᠭᠣᠨ᠎ᠤ ᠬᠠᠮᠢᠶᠠᠷᠤᠯᠲᠠ ᠵᠡᠷᠭᠡ ᠵᠢᠨ ᠵᠠᠷᠤᠳᠠᠯ᠎ᠢ ᠣᠷᠣᠰᠢᠭᠤᠯᠭ᠎ᠠ ᠵᠢᠨ ᠪᠥᠬᠥ ᠬᠡᠯᠬᠢᠶ᠎ᠡ᠂ ᠪᠥᠬᠥ ᠶᠠᠪᠤᠴᠠ᠂ ᠪᠥᠬᠥ ᠦᠶᠡᠯᠡᠯ᠎ᠤᠨ ᠬᠤᠭᠤᠴᠠᠭ᠎ᠠ᠎ᠳᠤ ᠬᠤᠷᠢᠶᠠᠬᠤ ᠦᠭᠡᠢ᠃
 
ᠲᠠᠪᠤ᠂ ᠦᠢ᠍ᠯᠡᠴᠢᠯᠡᠭᠡ ᠭᠤᠶᠤᠴᠢᠯᠠᠬᠤ
   
    ᠨᠥᠭᠴᠢᠭᠰᠡᠳ᠎ᠤᠨ ᠭᠡᠷ ᠪᠦᠯᠢ ᠵᠢᠨ᠎ᠬᠢᠨ ᠪᠤᠶᠤ ᠣᠷᠣᠯᠠᠭᠴᠢ ᠵᠢ ᠵᠢᠭ᠋ᠠᠨ ᠲᠣᠭᠲᠠᠭ᠋ᠠᠵᠤ ᠵᠡᠭᠦᠨᠭ᠋ᠠᠷ ᠣᠷᠣᠰᠢᠭᠤᠯᠭ᠎ᠠ ᠵᠢᠨ ᠭᠠᠵᠠᠷ ᠪᠤᠶᠤ ᠱᠠᠬᠳᠠᠷ ᠣᠷᠣᠰᠢᠭᠤᠯᠭ᠎ᠠ ᠵᠢᠨ ᠭᠠᠵᠠᠷ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠣᠷᠣᠰᠢᠭᠤᠯᠭ᠎ᠠ ᠵᠢᠨ ᠦᠢ᠍ᠯᠡᠴᠢᠯᠡᠭᠡ ᠵᠢᠨ  ᠭᠤᠶᠤᠴᠢᠯᠠᠯ ᠭᠠᠷᠭ᠋ᠠᠵᠤ᠂ ᠬᠢᠨᠠᠨ ᠬᠠᠷᠭᠤᠭᠤᠯᠤᠭ᠋ᠠᠳ ᠨᠥᠬᠥᠴᠡᠯ᠎ᠳᠤ ᠨᠡᠢ᠌ᠴᠡᠪᠡᠯ ᠰᠦᠢ᠍ᠳᠬᠡᠯ ᠬᠤᠷᠢᠶᠠᠬᠤ ᠦᠭᠡᠢ᠎ᠪᠠᠷ ᠵᠣᠬᠢᠴᠠᠩᠭᠤᠢ᠎ᠪᠠᠷ ᠦᠢ᠍ᠯᠡᠴᠢᠯᠡᠭᠡ ᠬᠠᠩᠭ᠋ᠠᠨ᠎ᠠ᠃ ᠭᠤᠶᠤᠴᠢᠯᠠᠬᠤ᠎ᠳᠤ ᠲᠠᠷᠠᠭ᠋ᠠᠬᠢ ᠮᠠᠲ᠋ᠧᠷᠢᠶᠠᠯ᠎ᠤᠳ᠎ᠢ ᠪᠡᠯᠡᠳᠬᠡᠬᠦ ᠴᠢᠬᠤᠯᠠᠲᠠᠢ᠄
  (ᠨᠢᠭᠡ) 《ᠰᠠᠭᠤᠭ᠋ᠠᠯᠢ ᠠᠷᠠᠳ᠎ᠤᠨ ᠦᠬᠦᠯ᠎ᠤᠨ ᠠᠨᠠᠭ᠋ᠠᠬᠤ ᠤᠬᠠᠭ᠋ᠠᠨ᠎ᠤ ᠭᠡᠷᠡᠴᠢᠯᠡᠯ (ᠮᠠᠭ᠋ᠠᠳᠯᠠᠯᠲᠠ)᠎ᠤᠨ ᠪᠢᠴᠢᠭ》᠃
  (ᠬᠣᠶᠠᠷ) ᠨᠥᠭᠴᠢᠭᠰᠡᠳ᠎ᠤᠨ ᠪᠡᠶ᠎ᠡ ᠵᠢᠨ ᠦᠨᠡᠮᠯᠡᠯ (ᠡᠷᠦᠬᠡ ᠠᠮᠠ ᠵᠢᠨ ᠳᠡᠪᠲᠡᠷ ᠪᠤᠶᠤ ᠪᠡᠶ᠎ᠡ ᠵᠢᠨ ᠦᠨᠡᠮᠯᠡᠯ ᠃
  (ᠭᠤᠷᠪᠠ) ᠪᠡᠯᠪᠡᠰᠦᠷᠡᠯ᠎ᠤᠨ ᠶᠠᠪᠤᠳᠠᠯ᠎ᠢ ᠳᠠᠭ᠋ᠠᠭ᠋ᠠᠨ ᠬᠢᠭᠴᠢ ᠵᠢᠨ ᠪᠡᠶ᠎ᠡ ᠵᠢᠨ ᠭᠡᠷᠡᠴᠢ ᠦᠨᠡᠮᠯᠡᠯ᠃


ᠵᠢᠷᠭᠤᠭ᠎ᠠ᠂  ᠬᠢᠨᠠᠯᠲᠠ ᠬᠠᠮᠢᠶᠠᠷᠤᠯᠲᠠ


   ᠵᠡᠭᠦᠨᠭ᠋ᠠᠷ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ 《ᠰᠦᠢ᠍ᠳᠬᠡᠯ ᠬᠤᠷᠢᠶᠠᠬᠤ ᠦᠬᠡᠢ᠎ᠪᠠᠷ ᠣᠷᠣᠰᠢᠭᠤᠯᠬᠤ》 ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠦᠢ᠍ᠯᠡᠴᠢᠯᠡᠭᠡᠨ᠎ᠤ ᠶᠠᠰᠤ ᠴᠢᠨᠠᠷ᠎ᠢ  ᠪᠠᠲᠤᠯᠠᠵᠤ᠂ ᠰᠦᠢ᠍ᠳᠬᠡᠯ ᠬᠤᠷᠢᠶᠠᠬᠤ ᠦᠬᠡᠢ᠎ᠪᠠᠷ ᠣᠷᠣᠰᠢᠭᠤᠯᠬᠤ ᠦᠢ᠍ᠯᠡᠴᠢᠯᠡᠭᠡᠨ᠎ᠤ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠬᠡᠷᠡᠭᠯᠡᠬᠦ ᠪᠠ ᠨᠡᠭᠦᠯᠭᠡᠨ ᠬᠡᠷᠡᠭᠯᠡᠬᠦ ᠵᠢ ᠰᠡᠷᠭᠡᠢ᠌ᠯᠡᠨ᠎ᠡ᠃
ᠬᠢᠨᠠᠯᠲᠠ ᠲᠠᠯᠪᠢᠬᠤ ᠤᠲᠠᠰᠤ᠄
0477-4215016
0477-4215017


ᠳᠣᠯᠣᠭ᠎ᠠ᠂ ᠣᠷᠣᠰᠢᠭᠤᠯᠭ᠎ᠠ ᠵᠢᠨ ᠭᠠᠵᠠᠷ᠎ᠤᠨ ᠬᠠᠷᠢᠯᠴᠠᠬᠤ ᠠᠷᠭ᠎ᠠ


  (ᠨᠢᠭᠡ) ᠵᠡᠭᠦᠨᠭ᠋ᠠᠷ ᠣᠷᠣᠰᠢᠭᠤᠯᠭ᠎ᠠ ᠵᠢᠨ ᠭᠠᠵᠠᠷ
    ᠬᠠᠶᠢᠭ᠄ ᠵᠡᠭᠦᠨᠭ᠋ᠠᠷ ᠬᠣᠰᠢᠭᠤᠨ᠎ᠤ ᠪᠤᠷᠤ ᠲᠤᠬᠤᠢ ᠰᠤᠮᠤ ᠵᠢᠨ ᠬᠦᠨᠳᠡᠢ ᠲᠣᠰᠬᠣᠨ᠎ᠤ ᠴᠤᠸᠠᠨ ᠵᠠᠩ ᠭᠧᠦ ᠬᠤᠷᠢᠶ᠎ᠠ
    ᠦᠢ᠍ᠯᠡᠴᠢᠯᠡᠬᠦ ᠤᠲᠠᠰᠤ᠄ 0477—4621444
  (ᠬᠣᠶᠠᠷ)  ᠱᠠᠬᠳᠠᠷ ᠣᠷᠣᠰᠢᠭᠤᠯᠭ᠎ᠠ ᠵᠢᠨ ᠭᠠᠵᠠᠷ
   ᠬᠠᠶᠢᠭ᠄ ᠵᠡᠭᠦᠨᠭ᠋ᠠᠷ ᠬᠣᠰᠢᠭᠤᠨ᠎ᠤ ᠱᠠᠭᠳᠠᠷ ᠪᠠᠯᠭ᠋ᠠᠰᠤᠨ᠎ᠤ ᠪᠤᠯᠠᠭ ᠲᠣᠰᠬᠣᠨ᠎ᠤ ᠨᠢᠶᠠᠨ ᠹᠠᠩ ᠸᠠᠨ ᠬᠤᠷᠢᠶ᠎ᠠ
     ᠦᠢ᠍ᠯᠡᠴᠢᠯᠡᠬᠦ ᠤᠲᠠᠰᠤ᠄ 0477—4922444

 
  ᠵᠡᠭᠦᠨᠭ᠋ᠠᠷ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ
                        2024 ᠣᠨ᠎ᠤ 12 ᠰᠠᠷ᠎ᠠ ᠵᠢᠨ 21


  ᠵᠡᠭᠦᠨᠭ᠋ᠠᠷ ᠬᠣᠰᠢᠭᠤᠨ᠎ᠤ ᠦᠨ᠎ᠡ ᠲᠥᠯᠥᠪᠦᠷᠢ ᠦᠭᠡᠢ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠶᠠᠪᠤᠴᠠ


ᠨᠢᠭᠡ᠂ ᠮᠠᠲ᠋ᠧᠷᠢᠶᠠᠯ ᠪᠡᠯᠡᠳᠬᠡᠬᠦ

  1. 《ᠰᠠᠭᠤᠭ᠋ᠠᠯᠢ ᠠᠷᠠᠳ᠎ᠤᠨ ᠦᠬᠦᠯ᠎ᠤᠨ ᠠᠨᠠᠭ᠋ᠠᠬᠤ ᠤᠬᠠᠭ᠋ᠠᠨ᠎ᠤ ᠭᠡᠷᠡᠴᠢᠯᠡᠯ (ᠮᠠᠭ᠋ᠠᠳᠯᠠᠯ)᠎ᠤᠨ ᠪᠢᠴᠢᠭ》᠃
    2. ᠨᠥᠭᠴᠢᠭᠰᠡᠳ᠎ᠤᠨ ᠪᠡᠶ᠎ᠡ ᠵᠢᠨ ᠦᠨᠡᠮᠯᠡᠯ (ᠡᠷᠦᠬᠡ ᠠᠮᠠ ᠵᠢᠨ ᠳᠡᠪᠲᠡᠷ ᠪᠤᠶᠤ ᠪᠡᠶ᠎ᠡ ᠵᠢᠨ ᠦᠨᠡᠮᠯᠡᠯ)᠃
    3. ᠪᠡᠯᠪᠡᠰᠦᠷᠡᠯ᠎ᠤᠨ ᠶᠠᠪᠤᠳᠠᠯ᠎ᠢ ᠳᠠᠭ᠋ᠠᠭ᠋ᠠᠨ ᠬᠢᠭᠴᠢ ᠵᠢᠨ ᠪᠡᠶ᠎ᠡ ᠵᠢᠨ ᠦᠨᠡᠮᠯᠡᠯ᠃


ᠬᠣᠶᠠᠷ᠂ ᠣᠷᠣᠰᠢᠭᠤᠯᠭ᠎ᠠ ᠵᠢᠨ ᠶᠣᠰᠣᠯᠠᠯ᠎ᠢ ᠬᠦᠯᠢᠶᠡᠨ ᠠᠪᠬᠤ
  

   ᠣᠷᠣᠰᠢᠭᠤᠯᠭ᠎ᠠ ᠵᠢᠨ ᠬᠡᠷᠡᠭ᠎ᠢ ᠳᠠᠭ᠋ᠠᠭ᠋ᠠᠨ ᠬᠢᠭᠴᠢ 《ᠰᠠᠭᠤᠭ᠋ᠠᠯᠢ ᠠᠷᠠᠳ᠎ᠤᠨ ᠦᠬᠦᠭᠰᠡᠨ᠎ᠢ ᠠᠨᠠᠭ᠋ᠠᠬᠤ ᠤᠬᠠᠭ᠋ᠠᠨ᠎ᠤ ᠭᠡᠷᠡᠴᠢ (ᠮᠠᠭ᠋ᠠᠳᠯᠠᠬᠤ) ᠪᠢᠴᠢᠭ》᠂ ᠨᠥᠭᠴᠢᠭᠰᠡᠳ᠎ᠤᠨ ᠪᠡᠶ᠎ᠡ ᠵᠢᠨ ᠦᠨᠡᠮᠯᠡᠯ (ᠪᠡᠶ᠎ᠡ ᠵᠢᠨ ᠦᠨᠡᠮᠯᠡᠯ ᠪᠤᠶᠤ ᠡᠷᠦᠬᠡ ᠠᠮᠠ ᠵᠢᠨ ᠳᠡᠪᠲᠡᠷ) ᠵᠢᠨ ᠤᠭ ᠮᠠᠲ᠋ᠧᠷᠢᠶᠠᠯ ᠪᠠ ᠬᠠᠭᠤᠯᠪᠤᠷᠢ᠂ ᠣᠷᠣᠰᠢᠭᠤᠯᠭ᠎ᠠ ᠵᠢᠨ ᠬᠡᠷᠡᠭ᠎ᠢ ᠳᠠᠭ᠋ᠠᠭ᠋ᠠᠨ ᠭᠦᠢ᠍ᠴᠡᠳᠭᠡᠭᠴᠢ ᠵᠢᠨ ᠪᠡᠶ᠎ᠡ ᠵᠢᠨ ᠦᠨᠡᠮᠯᠡᠯ (ᠪᠡᠶ᠎ᠡ ᠵᠢᠨ ᠦᠨᠡᠮᠯᠡᠯ ᠪᠤᠶᠤ ᠡᠷᠦᠬᠡ ᠠᠮᠠ ᠵᠢᠨ ᠳᠡᠪᠲᠡᠷ) ᠵᠢᠨ ᠤᠭ ᠮᠠᠲ᠋ᠧᠷᠢᠶᠠᠯ ᠪᠠ ᠬᠠᠭᠤᠯᠪᠤᠷᠢ ᠵᠡᠷᠭᠡ ᠬᠦᠴᠦᠨ ᠪᠦᠬᠦᠢ ᠦᠨᠡᠮᠯᠡᠯ ᠵᠶ᠋ᠡᠨ ᠠᠪᠴᠤ ᠵᠡᠭᠦᠨᠭ᠋ᠠᠷ ᠣᠷᠣᠰᠢᠭᠤᠯᠭ᠎ᠠ ᠵᠢᠨ ᠭᠠᠵᠠᠷ ᠪᠤᠶᠤ ᠱᠠᠬᠳᠠᠷ ᠣᠷᠣᠰᠢᠭᠤᠯᠭ᠎ᠠ ᠵᠢᠨ ᠭᠠᠵᠠᠷ᠎ᠲᠤ ᠣᠴᠢᠵᠤ ᠳᠡᠭᠳᠡᠭᠡᠬᠦ᠂ ᠤᠷᠤᠰᠢᠭᠤᠯᠬᠤ ᠲᠤᠬᠠᠢ ᠭᠠᠷ ᠭᠦᠢ᠍ᠴᠡᠳᠬᠡᠯ᠎ᠢ ᠭᠦᠢ᠍ᠴᠡᠳᠬᠡᠨ᠎ᠡ᠃ ᠣᠷᠣᠰᠢᠭᠤᠯᠭ᠎ᠠ ᠵᠢᠨ ᠭᠠᠵᠠᠷ᠎ᠨᠢ ᠣᠷᠣᠰᠢᠭᠤᠯᠭ᠎ᠠ ᠵᠢᠨ ᠶᠠᠪᠤᠳᠠᠯ᠎ᠢ ᠳᠠᠭ᠋ᠠᠭ᠋ᠠᠨ ᠬᠢᠭᠴᠢ᠎ᠲᠠᠢ ᠵᠥᠪᠳᠡᠯᠴᠡᠵᠦ᠂ ᠣᠷᠣᠰᠢᠭᠤᠯᠭ᠎ᠠ ᠵᠢᠨ ᠴᠠᠭ᠎ᠢ ᠪᠣᠯᠵᠣᠵᠤ᠂ ᠲᠢᠩᠬᠢᠮ᠎ᠠᠴᠠ ᠠᠶᠠᠷᠯᠠᠬᠤ ᠪᠠ ᠪᠤᠰᠤᠳ ᠦᠢ᠍ᠯᠡᠴᠢᠯᠡᠭᠡᠨ᠎ᠤ ᠵᠦᠢ᠍ᠯ᠎ᠢ ᠭᠦᠢ᠍ᠴᠡᠳᠬᠡᠨ᠎ᠡ᠃


ᠭᠤᠷᠪᠠ᠂ ᠴᠢᠨᠳᠠᠷ᠎ᠢ ᠵᠠᠯᠭ᠋ᠠᠵᠤ ᠲᠡᠭᠡᠭᠡᠪᠦᠷᠢᠯᠡᠬᠦ


    ᠬᠣᠰᠢᠭᠤᠨ ᠳᠣᠲᠣᠷ᠎ᠠ᠎ᠪᠠᠨ ᠨᠠᠰᠤ ᠪᠠᠷᠠᠬᠰᠠᠨ ᠪᠤᠯ ᠴᠤᠬ᠍ᠴᠢᠰ᠎ᠢ ᠲᠤᠰᠴᠤ ᠵᠥᠭᠡᠭᠡᠪᠦᠷᠢᠯᠡᠬᠦ᠎ᠳᠤ ᠰᠦᠢ᠍ᠳᠬᠡᠯ ᠬᠤᠷᠢᠶᠠᠬᠤ ᠦᠭᠡᠢ; ᠬᠣᠰᠢᠭᠤᠨ᠎ᠤ ᠭᠠᠳᠠᠨ᠎ᠠ ᠨᠠᠰᠤ ᠪᠠᠷᠠᠭᠰᠠᠨ  ᠪᠤᠯ   ᠡᠬᠢᠯᠡᠬᠡᠳ 400 ᠲᠥᠭᠥᠷᠢᠭ (30 ᠺᠢᠯᠣᠮᠧᠲᠷ᠎ᠤᠨ ᠳᠣᠲᠣᠷ᠎ᠠ)᠂ 30 ᠺᠢᠯᠣᠮᠧᠲᠷ᠎ᠠᠴᠠ ᠬᠡᠳᠤᠷᠡᠪᠡᠯ 2 ᠲᠥᠭᠥᠷᠢᠭ\ ᠺᠢᠯᠣᠮᠧᠲᠷ᠎ᠤᠨ ᠪᠠᠷᠢᠮᠵᠢᠶ᠎ᠠ᠎ᠪᠠᠷ ᠰᠦᠢ᠍ᠳᠬᠡᠯ ᠬᠤᠷᠢᠶᠠᠨ᠎ᠠ᠃


ᠳᠥᠷᠪᠡ᠂ ᠴᠤᠬ᠍ᠴᠢᠰ᠎ᠢ ᠬᠠᠳᠠᠭ᠋ᠠᠯᠠᠬᠤ


     ᠴᠤᠬ᠍ᠴᠢᠰ᠎ᠢ 7 ᠬᠤᠨᠤᠭ  ᠬᠠᠳᠠᠭ᠋ᠠᠯᠠᠬᠤ᠎ᠳᠤ ᠰᠦᠢ᠍ᠳᠬᠡᠯ ᠬᠤᠷᠢᠶᠠᠬᠤ ᠦᠭᠡᠢ᠂ 7  ᠬᠤᠨᠤᠭ᠎ᠠᠴᠠ ᠬᠡᠲᠦᠷᠡᠪᠡᠯ 100 ᠲᠥᠭᠥᠷᠢᠭ\ ᠡᠳᠦᠷ ᠵᠶ᠋ᠡᠷ ᠪᠤᠳᠤᠨ᠎ᠠ (ᠰᠢᠷᠭᠤᠭᠤᠯ ᠮᠠᠶᠢᠭ᠎ᠤᠨ ᠬᠦᠢ᠍ᠲᠡᠨ ᠠᠪᠳᠠᠷ᠎ᠠ᠎ᠳᠤ ᠬᠠᠳᠠᠭ᠋ᠠᠯᠠᠨ᠎ᠠ᠂ 1 ᠬᠤᠨᠤᠭ ᠬᠦᠷᠬᠦ ᠦᠭᠡᠢ ᠪᠣᠯ 1  ᠬᠤᠨᠤᠭ ᠵᠶ᠋ᠡᠷ ᠪᠤᠳᠤᠨ᠎ᠠ)᠃


ᠲᠠᠪᠤ᠂ ᠠᠶᠠᠷᠯᠠᠬᠤ ᠶᠣᠰᠣᠯᠠᠯ


   ᠠᠶᠠᠷᠯᠠᠬᠤ ᠲᠢᠩᠬᠢᠮ᠎ᠠᠴᠠ 5  ᠬᠤᠨᠤᠭ᠎ᠤᠨ ᠳᠣᠲᠣᠷ᠎ᠠ ᠰᠦᠢ᠍ᠳᠬᠡᠯ ᠬᠤᠷᠢᠶᠠᠬᠤ ᠦᠭᠡᠢ᠂ 5  ᠬᠤᠨᠤᠭ᠎ᠠᠴᠠ ᠬᠡᠲᠦᠷᠡᠪᠡᠯ ᠣᠷᠣᠰᠢᠭᠤᠯᠭ᠎ᠠ ᠵᠢᠨ ᠭᠠᠵᠠᠷ᠎ᠤᠨ ᠵᠠᠷᠯᠠᠬᠰᠠᠨ ᠰᠦᠢ᠍ᠳᠬᠡᠯ ᠬᠤᠷᠢᠶᠠᠬᠤ ᠪᠠᠷᠢᠮᠵᠢᠶ᠎ᠠ᠎ᠪᠠᠷ ᠰᠦᠢ᠍ᠳᠬᠡᠯ ᠬᠤᠷᠢᠶᠠᠨ᠎ᠠ᠃


ᠵᠢᠷᠭᠤᠭ᠎ᠠ᠂ ᠴᠤᠬ᠍ᠴᠢᠰ᠎ᠢ ᠳᠡᠭᠳᠡᠭᠡᠬᠦ


  1. ᠦᠬᠦᠭᠰᠡᠨ ᠭᠡᠷᠡᠴᠢ᠂ ᠪᠡᠶ᠎ᠡ ᠵᠢᠨ ᠬᠢᠷᠢ ᠬᠡᠮ᠎ᠤᠨ ᠭᠡᠷᠡᠴᠢ ᠵᠢᠨ ᠮᠡᠳᠡᠭᠡ ᠵᠠᠩᠭᠢ ᠵᠡᠷᠭᠡ ᠬᠣᠯᠪᠣᠭᠳᠠᠯ ᠪᠦᠬᠦᠢ ᠭᠠᠷ ᠭᠦᠢ᠍ᠴᠡᠳᠬᠡᠯ᠎ᠢ ᠬᠢᠨᠠᠨ ᠬᠠᠷᠭᠤᠭᠤᠯᠬᠤ᠃
   2. ᠴᠤᠬ᠍ᠴᠢᠰ᠎ᠢ ᠳᠡᠭᠳᠡᠭᠡᠬᠦ ᠵᠢᠨ ᠬᠠᠮᠲᠤ ᠳᠡᠭᠳᠡᠭᠡᠭᠰᠡᠨ ᠭᠡᠷᠡᠴᠢ ᠬᠢᠵᠦ ᠥᠭᠭᠦᠨ᠎ᠡ᠃


ᠲᠤᠯᠤᠭ᠎ᠠ᠂ ᠴᠢᠨᠳᠠᠷ᠎ᠢ ᠰᠢᠢ᠍ᠳᠪᠦᠷᠢᠯᠡᠬᠦ


1. ᠴᠢᠨᠳᠠᠷ᠎ᠤᠨ ᠣᠷᠣᠰᠢᠭᠤᠯᠭ᠎ᠠ ᠵᠢᠨ ᠭᠠᠵᠠᠷ᠎ᠲᠤ ᠬᠠᠳᠠᠭ᠋ᠠᠯᠠᠬᠤ ᠪᠤᠶᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠡᠶ᠋ᠢᠲᠡ ᠵᠢᠨ ᠣᠩᠭᠣᠨ᠎ᠳᠤ ᠬᠦᠷᠭᠡᠵᠦ ᠣᠷᠣᠰᠢᠭᠤᠯᠤᠨ᠎ᠠ ᠃᡽
2. ᠴᠢᠨᠳᠠᠷ᠎ᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠡᠶ᠋ᠢᠲᠡ ᠵᠢᠨ ᠤᠨᠭ᠌ᠭᠤᠨ᠎ᠳᠤ ᠬᠦᠷᠭᠡᠵᠦ ᠣᠷᠣᠰᠢᠭᠤᠯᠬᠤ᠃


ᠨᠠᠢ᠍ᠮᠠ᠂ ᠣᠷᠣᠰᠢᠭᠤᠯᠭ᠎ᠠ ᠵᠢᠨ ᠶᠣᠰᠣᠯᠠᠯ ᠲᠠᠭᠤᠰᠤᠨ᠎ᠠ᠃

   
 



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠳᠤᠨᠤᠨ᠎ᠤ ᠲᠦᠷᠦᠭᠦᠸ᠋ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠲᠤ ᠳᠥᠷᠪᠡᠳᠦᠭᠡᠷ᠎ᠲᠤ ᠤᠷᠤᠯ᠎ᠠ
ᠮᠠᠨ᠎ᠤ ᠤᠷᠤᠨ ᠬᠤᠳᠠᠯᠳᠤᠭ᠋ᠠᠨ᠎ᠤ ᠬᠦᠷᠢᠶ᠎ᠡ ᠴᠠᠷᠠᠭ᠎ᠠ᠎ᠳᠤ᠎ᠬᠢ ᠬᠡᠷᠡᠭᠯᠡᠭᠡ ᠵᠢ ᠲᠠᠪᠤᠨ ᠲᠠᠯ᠎ᠠ᠎ᠠᠴᠠ ᠬᠦᠭᠵᠢᠬᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ᠎ᠬᠢᠨ 《ᠲᠤᠳᠤᠨᠤ ᠰᠠᠨᠠᠭᠤᠯᠤᠮᠵᠢ ᠵᠢᠨ ᠺᠠᠷᠲ》᠎ᠢ ᠤᠯᠠᠷᠢᠯ ᠤᠯᠠᠷᠢᠯ ᠵᠶ᠋ᠠᠷ ᠲᠠᠷᠬᠠᠭ᠋ᠠᠵᠤ᠂ ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ ᠣᠢ᠌ᠯᠠᠭ᠋ᠠᠭᠳᠠᠬᠤᠨ᠎ᠢ ᠨᠠᠢ᠌ᠳᠠᠪᠤᠷᠢᠵᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ᠎ᠬᠢᠨ ᠡᠮᠡᠭᠲᠡᠢ᠌ᠴᠦᠳ ᠬᠡᠦᠬᠡᠳ᠎ᠤᠨ ᠦᠢ᠍ᠯᠡᠰ᠎ᠤᠨ ᠬᠦᠭᠵᠢᠬᠦᠯᠤᠯᠳᠡ ᠵᠢ ᠲᠡᠮᠵᠢᠬᠦ᠎ᠪᠠᠷ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠳᠤ 5907 ᠲᠦᠮᠡᠨ ᠲᠥᠭᠥᠷᠢᠭ ᠪᠠᠭᠤᠯᠭ᠋ᠠᠵᠠᠢ
ᠮᠠᠨ᠎ᠤ ᠤᠷᠤᠨ ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠶᠢᠰᠦᠨ ᠠᠷᠭ᠎ᠠ᠎ᠪᠠᠷ ᠠᠬᠢᠭᠤᠯᠬᠤ᠎ᠪᠠᠷ ᠪᠣᠶ
 
            