ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠤᠷᠤᠨ᠎ᠤ᠎ᠬᠢᠨ ᠮᠠᠯᠴᠢᠨ ᠲᠠᠷᠢᠶᠠᠴᠢᠨ᠎ᠤ ᠬᠠᠵᠠᠭᠤ ᠬᠠᠪᠢ᠎ᠳᠤ᠎ᠪᠠᠨ ᠠᠵᠢᠯ ᠤᠯᠬᠤ ᠲᠡᠢ᠌ᠰᠢ ᠬᠦᠳᠤᠯᠵᠤ 《ᠵᠠᠭᠤᠨ ᠰᠤᠮᠤ ᠰᠢᠶᠠᠡᠭ ᠪᠠᠯᠭ᠋ᠠᠰᠤ ᠮᠢᠡᠭᠭ᠋ᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ》 ᠵᠢᠨ ᠠᠵᠢᠯᠯᠠᠭ᠎ᠠ᠎ᠪᠠᠷ ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠪᠤᠵᠠᠭ᠋ᠠᠢ᠌ᠷᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-03-18

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠠᠷ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠮᠠᠯᠴᠢᠨ ᠲᠠᠷᠢᠶᠠᠴᠢᠨ᠎ᠤ ᠬᠠᠵᠠᠭᠤ ᠬᠠᠪᠢ᠎ᠳᠤ᠎ᠪᠠᠨ ᠠᠵᠢᠯ ᠣᠯᠵᠤ ᠦᠢ᠍ᠯᠡᠰ ᠪᠤᠰᠬᠠᠬᠤ ᠵᠢ ᠵᠣᠷᠢᠭᠵᠢᠭᠤᠯᠤᠨ ᠲᠠᠢ᠌ᠴᠢᠯᠠᠬᠤ ᠵᠢᠨ ᠲᠥᠯᠥᠭᠡ   ᠮᠠᠨ᠎ᠤ ᠤᠷᠤᠨ᠎ᠤ᠎ᠬᠢᠨ 《ᠵᠠᠭᠤᠨ ᠰᠢᠶᠠᠩ ᠮᠢᠩᠭ᠋ᠠᠨ ᠲᠣᠰᠬᠣᠨ ᠲᠦᠮᠡᠨ ᠬᠦᠷᠢᠶᠡᠯᠡᠩ》᠎ᠤᠨ ᠠᠵᠢᠯᠯᠠᠭ᠎ᠠ ᠥᠷᠨᠢᠭᠦᠯᠵᠦ ᠬᠦᠷᠢᠶᠡᠨ᠎ᠤ ᠠᠵᠤ ᠠᠬᠤᠢ ᠵᠢ ᠪᠤᠵᠠᠭ᠋ᠠᠢ᠌ᠷᠠᠭᠤᠯᠬᠤ᠎ᠪᠠᠷ ᠪᠣᠶ᠂ 《  ᠵᠠᠭᠤᠨ ᠰᠤᠮᠤ ᠰᠢᠶᠠᠡᠭ ᠪᠠᠯᠭ᠋ᠠᠰᠤ ᠮᠢᠡᠭᠭ᠋ᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ》᠎ᠤᠨ ᠠᠵᠢᠯᠯᠠᠭ᠋ᠠᠨ᠎ᠤ ᠲᠥᠰᠥᠯ (《ᠠᠵᠢᠯᠯᠠᠭ᠋ᠠᠨ᠎ᠤ ᠲᠥᠰᠥᠯ》 ᠭᠡᠵᠦ ᠲᠦᠬᠦᠮᠴᠢᠯᠡᠶ᠎ᠡ)᠎ᠢ ᠲᠦᠷᠦᠭᠦᠬᠡᠨ ᠨᠡᠢ᠌ᠲᠡᠯᠡᠪᠡ᠃
   《ᠠᠵᠢᠯᠯᠠᠭ᠎ᠠ ᠵᠢᠨ ᠲᠥᠰᠥᠯ》᠎ᠳᠤ ᠨᠢᠭᠡ ᠪᠦᠯᠦᠭ ᠬᠦᠷᠢᠶ᠎ᠡ ᠬᠠᠰᠢᠶ᠎ᠠ ᠵᠢᠨ ᠣᠨᠴᠠᠯᠢᠭᠲᠤ ᠲᠠᠷᠢᠮᠠᠯ᠂ ᠬᠦᠷᠢᠶ᠎ᠡ ᠬᠠᠰᠢᠶ᠎ᠠ ᠵᠢᠨ ᠣᠨᠴᠠᠯᠢᠭᠲᠤ ᠲᠡᠵᠢᠭᠡᠨ ᠦᠷᠡᠵᠢᠭᠦᠯᠬᠦ ᠦᠢ᠍ᠯᠡᠰ᠂ ᠬᠦᠷᠢᠶ᠎ᠡ ᠬᠠᠰᠢᠶ᠎ᠠ ᠵᠢᠨ ᠣᠨᠴᠠᠯᠢᠭᠲᠤ ᠭᠠᠷ ᠦᠢ᠍ᠯᠡᠳᠪᠦᠷᠢ᠂ ᠬᠦᠷᠢᠶ᠎ᠡ ᠬᠠᠰᠢᠶ᠎ᠠ ᠵᠢᠨ ᠣᠨᠴᠠᠯᠢᠭᠲᠤ ᠰᠡᠯᠡᠭᠦᠴᠡᠯ ᠵᠢᠭᠤᠯᠴᠢᠯᠠᠯ᠂ ᠬᠦᠷᠢᠶ᠎ᠡ ᠬᠠᠰᠢᠶ᠎ᠠ ᠵᠢᠨ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠴᠢᠯᠡᠭᠡ ᠵᠢ ᠬᠥᠭᠵᠢᠭᠦᠯᠬᠦ ᠪᠠ ᠨᠢᠭᠡ ᠪᠦᠯᠦᠭ ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠵᠠᠮ᠎ᠢ ᠰᠦᠪᠡᠭᠴᠢᠯᠡᠬᠦ 6 ᠬᠦᠭᠵᠢᠬᠦᠯᠤᠯᠳᠡ ᠵᠢᠨ ᠭᠣᠣᠯᠳᠠᠯᠭ᠎ᠠ ᠵᠢ ᠲᠤᠷᠠᠳᠤᠬᠰᠠᠨ᠎ᠤ ᠬᠠᠮᠲᠤ ᠮᠠᠯᠴᠢᠨ ᠲᠠᠷᠢᠶᠠᠴᠢᠨ ᠡᠷᠦᠬᠡ ᠵᠢ ᠭᠦᠢ᠍ᠴᠡᠳ  ᠲᠠᠢ᠌ᠴᠢᠯᠠᠵᠤ ᠪᠠᠢ᠌ᠭ᠋ᠠᠳ ᠬᠦᠷᠢᠶ᠎ᠡ ᠬᠠᠰᠢᠶ᠎ᠠ᠂ ᠭᠡᠷ᠎ᠤᠨ ᠠᠷᠤ ᠥᠪᠥᠷ᠎ᠲᠤ ᠰᠤᠯᠠ ᠭᠠᠵᠠᠷ᠎ᠢ ᠠᠰᠢᠭᠯᠠᠨ᠂ ᠳᠠᠷᠢᠬᠤ᠎ᠳᠤ ᠲᠣᠬᠢᠷᠠᠪᠠᠯ ᠳᠠᠷᠢᠵᠤ᠂ ᠲᠡᠵᠢᠭᠡᠬᠦ᠎ᠳᠤ ᠲᠣᠬᠢᠷᠠᠪᠠᠯ ᠲᠡᠵᠢᠭᠡᠵᠦ᠂ ᠬᠤᠳᠠᠯᠳᠤᠭ᠎ᠠ ᠬᠢᠬᠦ᠎ᠳᠤ ᠲᠣᠬᠢᠷᠠᠪᠠᠯ ᠬᠤᠳᠠᠯᠳᠤᠭ᠎ᠠ ᠡᠷᠭᠢᠯᠡᠵᠦ᠂ ᠬᠥᠳᠡᠭᠡ ᠲᠣᠰᠬᠣᠨ᠎ᠤ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠦᠨ᠂ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠤᠨ ᠢᠷᠡᠯᠲᠡ ᠵᠢ ᠥᠷᠭᠡᠳᠬᠡᠵᠦ᠂ 2027 ᠣᠨ ᠪᠣᠯᠬᠤ᠎ᠳᠤ 100 ᠰᠤᠮᠤ ᠰᠢᠶᠠᠩ ᠪᠠᠯᠭ᠋ᠠᠰᠤ᠂ 1000 ᠭᠠᠴᠠᠭ᠎ᠠ ᠲᠣᠰᠬᠣᠨ᠂ 10000 ᠡᠵᠡᠩᠨᠡᠯᠲᠡ ᠵᠢᠨ ᠡᠷᠦᠬᠡ ᠵᠢ ᠭᠣᠣᠯᠳᠠᠯᠭ᠎ᠠ᠎ᠲᠠᠢ ᠪᠠᠢ᠌ᠭᠤᠯᠵᠤ᠂ 5 ᠲᠦᠮᠡ ᠣᠷᠴᠢᠮ ᠡᠷᠦᠬᠡ ᠵᠢ ᠳᠠᠢ᠌ᠴᠢᠯᠠᠬᠤ᠎ᠪᠠᠷ ᠴᠢᠷᠮᠠᠢ᠌ᠵᠤ᠂ ᠡᠷᠦᠬᠡ ᠪᠦᠷᠢ ᠵᠢᠨ ᠳᠤᠮᠳᠠᠴᠢ ᠣᠷᠣᠯᠭ᠎ᠠ ᠵᠢ 5000 ᠲᠥᠭᠥᠷᠢᠭ᠎ᠠᠴᠠ ᠳᠡᠭᠡᠭᠰᠢ ᠨᠡᠮᠡᠭᠳᠡᠭᠦᠯᠬᠦ ᠡᠭᠦᠷᠭᠡ ᠬᠠᠷᠠᠯᠲᠠ ᠵᠢ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠠᠢ᠃
     《ᠠᠵᠢᠯᠯᠠᠭ᠎ᠠ ᠵᠢᠨ ᠲᠥᠰᠥᠯ》᠎ᠳᠤ ᠮᠥᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠪᠡᠯᠡ ᠮᠥᠩᠭᠥ᠂ ᠴᠡᠭ ᠲᠣᠭᠲᠠᠭ᠋ᠠᠨ ᠲᠡᠳᠬᠦᠬᠦ ᠪᠡᠯᠡ ᠮᠥᠩᠭᠥ᠂ ᠲᠥᠪ᠎ᠤᠨ ᠡᠳ᠋᠎ᠤᠨ ᠵᠠᠰᠠᠭ᠎ᠠᠴᠠ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠦᠭᠵᠢᠬᠦᠯᠤᠯᠳᠡ ᠵᠢ ᠳᠡᠮᠵᠢᠬᠦ ᠵᠡᠷᠭᠡ ᠣᠲᠣ ᠵᠢᠨ ᠪᠠᠢ᠌ᠭ᠎ᠠ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠬᠡᠷᠡᠭᠯᠡᠬᠦ ᠵᠢ ᠵᠣᠷᠢᠭᠵᠢᠭᠤᠯᠵᠤ᠂ ᠭᠠᠴᠠᠭ᠎ᠠ ᠲᠣᠰᠬᠣᠨ᠎ᠤ ᠰᠢᠨ᠎ᠡ ᠬᠡᠯᠪᠡᠷᠢ ᠵᠢᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠬᠦᠭᠵᠢᠬᠦᠯᠤᠯᠳᠡ ᠵᠢ ᠲᠡᠳᠬᠦᠬᠦ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ᠎ᠤ ᠠᠵᠤ ᠠᠬᠤᠢ ᠵᠢᠨ ᠬᠦᠭᠵᠢᠯᠳᠡ ᠵᠢ ᠳᠡᠮᠵᠢᠨ᠎ᠡ᠃ ᠠᠵᠢᠯ ᠵᠶ᠋ᠠᠨ ᠠᠬᠢᠭᠤᠯᠬᠤ ᠡᠷᠴᠢᠮ ᠵᠶ᠋ᠡᠷ ᠴᠢᠩᠭ᠎ᠠ᠂ ᠬᠥᠭᠵᠢᠯᠲᠡ ᠵᠢᠨ ᠦᠷ᠎ᠡ ᠪᠦᠲᠦᠮᠵᠢ᠎ᠪᠠᠷ ᠰᠠᠢ᠌ᠨ ᠭᠠᠵᠠᠷ ᠣᠷᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢ ᠤᠷᠢᠳ ᠵᠶ᠋ᠡᠷ ᠦᠭᠴᠤ᠂ ᠪᠥᠬᠥ ᠣᠷᠣᠨ᠎ᠤ  ᠲᠤᠭᠤᠷᠢᠨ ᠦᠵᠡᠵᠤ ᠰᠤᠷᠤᠯᠴᠠᠬᠤ ᠲᠤᠬᠠᠢ ᠵᠢᠨ ᠲᠠᠯᠠᠪᠤᠷ᠎ᠤᠨ ᠬᠤᠷᠠᠯ ᠎ᠢ ᠬᠤᠷᠠᠯᠳᠤᠭᠤᠯᠤᠨ᠎ᠠ᠃ ᠪᠥᠬᠥ ᠣᠷᠣᠨ᠎ᠤ ᠲᠤᠬᠠᠢ ᠵᠢᠨ ᠲᠠᠯᠠᠪᠠᠶ ᠵᠢᠨ ᠬᠤᠷᠠᠯ᠎ᠢ ᠳᠠᠭ᠋ᠠᠭ᠋ᠠᠨ ᠬᠢᠭᠰᠡᠨ ᠬᠣᠰᠢᠭᠤ ᠰᠢᠶᠠᠨ᠎ᠳᠤ ᠥᠪᠡᠷᠲᠡᠭᠡᠨ ᠵᠠᠰᠠᠬᠤ ᠣᠷᠣᠨ᠎ᠠᠴᠠ 1000 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠵᠤ᠂ ᠬᠣᠰᠢᠭᠤ ᠰᠢᠶᠠᠨ᠎ᠨᠢ ᠪᠣᠳᠠᠲᠠᠢ ᠳᠠᠭ᠋ᠠᠭ᠋ᠠᠨ  ᠬᠢᠭᠰᠡᠨ ᠰᠤᠮᠤ ᠰᠢᠶᠠᠩ ᠪᠠᠯᠭ᠋ᠠᠰᠤ ᠪᠠ ᠭᠠᠴᠠᠭ᠎ᠠ ᠲᠣᠰᠬᠣᠨ᠎ᠳᠤ ᠲᠣᠰ ᠲᠣᠰ 500 ᠲᠦᠮᠡᠨ ᠲᠥᠭᠥᠷᠢᠭ᠂ 50 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠵᠤ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠬᠦ ᠵᠢ ᠳᠡᠮᠵᠢᠬᠦ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ᠎ᠳᠤ ᠬᠡᠷᠡᠭᠯᠡᠨ᠎ᠡ᠃ ᠬᠦᠷᠢᠶ᠎ᠡ ᠬᠠᠰᠢᠶᠠᠨ᠎ᠤ ᠠᠵᠤ ᠠᠬᠤᠢ ᠵᠢᠨ ᠡᠵᠡᠩᠨᠡᠯᠲᠡ ᠵᠢᠨ ᠡᠷᠦᠬᠡ ᠵᠢᠨ ᠬᠥᠭᠵᠢᠯᠲᠡ ᠵᠢ ᠳᠠᠢ᠌ᠴᠢᠯᠠᠭᠰᠠᠨ ᠦᠷ᠎ᠡ ᠪᠦᠲᠦᠮᠵᠢ᠎ᠪᠠᠷ ᠰᠠᠢ᠌ᠨ ᠡᠵᠡᠡᠭᠨᠡᠭᠰᠡᠨ ᠭᠣᠣᠯ ᠴᠣᠭᠴᠠ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠢᠱ᠌ᠢᠶ᠎ᠡ ᠦᠵᠡᠭᠦᠯᠬᠦ ᠬᠣᠷᠰᠢᠶ᠎ᠠ ᠪᠠ ᠬᠥᠲᠥᠴᠢ ᠠᠵᠤ ᠠᠬᠤᠢ᠌ᠯᠠᠯ ᠵᠶ᠋ᠠᠷ ᠦᠨᠡᠯᠡᠨ᠎ᠡ᠃ ᠲᠣᠰ ᠭᠠᠵᠠᠷ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠢᠨᠵᠧᠨᠧᠷᠢᠩ ᠵᠡᠷᠭᠡ ᠠᠵᠢᠯ᠎ᠳᠤ ᠬᠦᠷᠢᠶ᠎ᠡ ᠬᠠᠰᠢᠶᠠᠨ᠎ᠤ ᠠᠵᠤ ᠠᠬᠤᠢ ᠵᠢᠨ ᠡᠵᠡᠩᠨᠡᠯᠲᠡ ᠵᠢᠨ ᠡᠷᠦᠬᠡ ᠵᠢᠨ ᠎ᠬᠢᠨ ᠤᠷᠢᠳ ᠵᠶ᠋ᠡᠷ ᠣᠷᠣᠯᠴᠠᠬᠤ ᠵᠢ ᠳᠡᠮᠵᠢᠨ᠎ᠡ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠡᠷ ᠰᠤᠡᠭᠭᠤᠬᠳᠠᠪᠠ
ᠮᠠᠨ᠎ᠤ ᠤᠷᠤᠨ ᠦᠨᠤ ᠵᠢᠯ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ 960 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠪᠣᠶ
ᠮᠠᠨ᠎ᠤ ᠣᠷᠣᠨ ᠶᠢᠰᠦᠳᠦᠭᠡᠷ ᠪᠦᠯᠦᠭ ᠤᠯᠤᠰ᠎ᠤᠨ ᠡᠮ ᠲᠠᠡᠭ᠎ᠢ ᠪᠦᠬᠡᠮ ᠵᠶ᠋ᠡᠷ ᠬᠤᠳᠠᠯᠳᠤᠨ ᠠᠪᠬᠤ ᠦᠷ᠎ᠡ ᠳ᠋ᠦᠩ᠎ᠢ ᠬᠡᠷᠡᠭᠵᠢᠬᠦᠯᠤᠬᠡᠳ ᠦᠨ᠎ᠡ ᠵᠢ᠎ᠨᠢ ᠳᠤᠮᠳᠠᠴᠢ᠎ᠪᠠᠷ 58%᠎ᠪᠠᠷ ᠪᠠᠭᠤᠷᠠᠭᠤᠯᠵᠤ᠂ ᠠᠷᠠᠳ᠎ᠤᠨ ᠳᠠᠷᠤᠭ᠋ᠠᠰᠤ ᠵᠢ ᠬᠥᠩᠭᠡᠷᠡᠭᠦᠯᠪᠡ
ᠮᠠᠨ᠎ᠤ ᠤᠷᠤᠨ ᠬᠣᠶᠠᠷ ᠰᠠᠯᠠᠭ᠎ᠠ ᠮᠥᠴᠢᠷ᠎ᠤᠨ᠎ᠬᠢᠨ ᠬᠠᠩᠰᠢ ᠵᠢᠨ ᠪᠤᠯᠪᠠᠰᠤᠨ ᠲᠠᠢ᠌ᠯᠭ᠎ᠠ ᠵᠢ ᠰᠠᠨᠠᠭ᠋ᠠᠴᠢᠯᠠᠪᠠ
ᠮᠠᠨ᠎ᠤ ᠣᠷᠣᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠵᠶ᠋ᠡᠨ ᠰᠢᠨ᠎ᠡ᠎ᠪᠠᠷ ᠰᠣᠯᠢᠬᠤ ᠨᠥᠬᠥᠪᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
 
            