ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠡᠷ ᠰᠤᠡᠭᠭᠤᠬᠳᠠᠪᠠ
ᠨᠡᠶᠢᠲᠡᠯᠡᠭᠰᠡᠨ ᠴᠠᠭ᠄ 2024-03-20

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠡᠷ᠂ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠢᠨ᠎ᠬᠢᠨ᠎ᠤ 3 ᠰᠠᠷ᠎ᠠ ᠵᠢᠨ 18᠎ᠤ ᠡᠳᠦᠷ ᠨᠡᠢ᠌ᠲᠡᠯᠡᠭᠰᠡᠨ ᠮᠡᠳᠡᠭᠡ᠎ᠳᠤ ᠮᠠᠨ᠎ᠤ ᠤᠷᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠡᠷ ᠰᠤᠡᠭᠭᠤᠬᠳᠠᠵᠠᠢ᠃
    ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠪᠣᠯ ᠡᠮᠨᠡᠯᠭᠡ ᠵᠢᠨ ᠬᠣᠷᠢᠶ᠎ᠠ ᠵᠢᠨ ᠰᠢᠭᠤᠳ ᠬᠠᠩᠭ᠋ᠠᠬᠤ ᠡᠮᠴᠢᠯᠡᠭᠡᠨ᠎ᠤ ᠮᠡᠷᠭᠡᠵᠢᠯ᠎ᠤᠨ ᠵᠦᠢ᠍ᠯᠡᠰ᠂ ᠲᠣᠨᠣᠭ ᠲᠥᠬᠦᠭᠡᠷᠦᠮᠵᠢ ᠵᠢᠨ ᠦᠢ᠍ᠯᠡᠴᠢᠯᠡᠭᠡ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠶᠤᠮ᠃ ᠲᠤᠬᠠᠢ᠌ᠯᠠᠪᠠᠯ ᠡᠯ᠎ᠡ ᠵᠦᠢ᠍ᠯ᠎ᠤᠨ ᠮᠡᠰᠡ ᠵᠠᠰᠠᠯ ᠬᠢᠬᠦ᠂ ᠪᠠᠢ᠌ᠴᠠᠭ᠋ᠠᠨ ᠤᠨᠤᠰᠢᠯᠠᠬᠤ᠂ ᠪᠠᠢ᠌ᠴᠠᠭ᠋ᠠᠨ ᠰᠢᠯᠭ᠋ᠠᠬᠤ᠂ ᠰᠤᠪᠢᠯᠠᠬᠤ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢᠨ ᠰᠦᠢ᠍ᠳᠬᠡᠯ ᠪᠣᠯᠣᠨ᠎ᠠ᠃ ᠲᠤᠰ ᠤᠳᠠᠭ᠋ᠠᠨ᠎ᠤ ᠥᠭᠡᠷᠡᠴᠢᠯᠡᠯᠲᠡ᠎ᠨᠢ ᠭᠣᠣᠯᠳᠠᠭᠤ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠬᠠᠩᠰᠢ ᠵᠢ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ᠂ ᠦᠨ᠎ᠡ ᠬᠠᠩᠰᠢ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ᠂ ᠦᠨ᠎ᠡ ᠬᠠᠩᠰᠢ ᠵᠢᠨ ᠵᠦᠢ᠍ᠯᠡᠰ᠎ᠤᠨ ᠬᠠᠮᠢᠶᠠᠷᠤᠯᠲᠠ ᠵᠢᠨ ᠲᠣᠭᠲᠠᠴᠠ ᠪᠣᠯᠣᠨ ᠦᠨ᠎ᠡ ᠬᠠᠩᠰᠢ ᠵᠢ ᠬᠢᠨᠠᠨ ᠰᠢᠯᠭ᠋ᠠᠬᠤ ᠲᠣᠭᠲᠠᠴᠠ ᠵᠡᠷᠭᠡ 5 ᠲᠠᠯ᠎ᠠ ᠵᠢᠨ ᠲᠣᠭᠣᠷᠢᠨ᠎ᠳᠤ ᠶᠠᠪᠤᠭᠳᠠᠨ᠎ᠠ᠃ ᠡᠭᠦᠨ᠎ᠤ ᠵᠣᠷᠢᠯᠭ᠎ᠠ᠎ᠨᠢ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠭᠲᠠᠭ᠋ᠠᠬᠤ ᠪᠠ ᠲᠣᠬᠢᠷᠠᠭᠤᠯᠬᠤ ᠳᠦᠷᠢᠮ ᠵᠢᠷᠤᠮ᠎ᠢ ᠲᠡᠭᠦᠯᠳᠡᠷᠵᠢᠭᠦᠯᠦᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠳᠠ ᠵᠢᠨ ᠲᠤᠯᠠᠭ᠋ᠠᠭᠤᠷᠢᠯᠠᠯ ᠰᠢᠰᠲᠸᠮ᠎ᠢ ᠲᠡᠬᠦᠯᠳᠡᠷᠵᠢᠬᠦᠯᠬᠦ ᠪᠤᠯᠤᠨ᠎ᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠡᠮ ᠡᠮᠨᠡᠯᠭᠡ ᠵᠢᠨ ᠦᠨ᠎ᠡ ᠬᠠᠩᠰᠢ ᠬᠢᠭᠡᠳ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ᠎ᠤᠨ ᠳᠠᠷᠤᠭ᠎ᠠ ᠯᠢ ᠱᠤ᠌ ᠵᠧᠨ᠄ 《ᠥᠭᠡᠷᠡᠴᠢᠯᠡᠯᠲᠡ ᠵᠢᠨ ᠭᠣᠣᠯᠳᠠᠯᠭ᠎ᠠ ᠪᠣᠯ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠰᠢᠨ᠎ᠡ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ ᠵᠢ ᠲᠣᠬᠢᠷᠠᠭᠤᠯᠬᠤ᠂ ᠬᠡᠷᠬᠢᠨ ᠲᠣᠬᠢᠷᠠᠭᠤᠯᠬᠤ ᠮᠡᠷᠭᠡᠵᠢᠯ᠎ᠤᠨ ᠴᠢᠨᠠᠷᠲᠠᠢ ᠠᠰᠠᠭᠤᠳᠠᠯ᠎ᠢ ᠠᠯᠪᠠᠨ᠎ᠠᠴᠠ ᠡᠷᠭᠢᠯᠡᠭᠰᠡᠨ ᠡᠮᠨᠡᠯᠭᠡ ᠵᠢᠨ ᠬᠣᠷᠢᠶᠠᠨ᠎ᠤ ᠨᠥᠬᠥᠪᠦᠷᠢ ᠥᠭᠬᠦ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ᠎ᠤ ᠵᠠᠷᠤᠳᠠᠯ᠎ᠢ ᠬᠢᠵᠠᠭ᠋ᠠᠷᠯᠠᠬᠤ᠂ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠲᠥᠯᠥᠬᠦ ᠵᠡᠷᠭᠡ ᠰᠢᠰᠲ᠋ᠧᠮ᠎ᠤᠨ ᠴᠢᠨᠠᠷᠲᠠᠢ ᠠᠰᠠᠭᠤᠳᠠᠯ᠎ᠯᠤᠭ᠎ᠠ ᠨᠢᠭᠡᠳᠦᠯᠲᠡᠢ ᠲᠥᠯᠥᠪᠯᠡᠵᠦ᠂ ᠶᠡᠷᠦᠩᠬᠡᠢ᠌ᠯᠡᠭᠰᠡᠨ ᠦᠢ᠍ᠯᠡᠳᠦᠯ ᠭᠠᠷᠭ᠋ᠠᠬᠤ ᠶᠠᠪᠤᠳᠠᠯ ᠪᠣᠯᠣᠨ᠎ᠠ᠃  ᠲᠤᠷᠰᠢᠯᠲᠠ ᠵᠢᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠲᠤᠷᠰᠢᠯᠲᠠ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ᠎ᠪᠠᠷ ᠴᠢᠷᠮᠠᠢ᠌ᠵᠤ᠂ ᠤᠯᠤᠰ᠎ᠲᠤ ᠡᠮᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠥᠪᠥᠷ ᠮᠣᠩᠭᠣᠯ᠎ᠤᠨ᠎ᠬᠢᠨ᠎ᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠵᠢ ᠰᠦᠪᠡᠭᠴᠢᠯᠡᠵᠦ ᠥᠭᠭᠦᠨ᠎ᠡ》 ᠭᠡᠵᠡᠢ᠃







 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠦᠨᠤ ᠵᠢᠯ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ 960 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠪᠣᠶ
ᠮᠠᠨ᠎ᠤ ᠣᠷᠣᠨ ᠶᠢᠰᠦᠳᠦᠭᠡᠷ ᠪᠦᠯᠦᠭ ᠤᠯᠤᠰ᠎ᠤᠨ ᠡᠮ ᠲᠠᠡᠭ᠎ᠢ ᠪᠦᠬᠡᠮ ᠵᠶ᠋ᠡᠷ ᠬᠤᠳᠠᠯᠳᠤᠨ ᠠᠪᠬᠤ ᠦᠷ᠎ᠡ ᠳ᠋ᠦᠩ᠎ᠢ ᠬᠡᠷᠡᠭᠵᠢᠬᠦᠯᠤᠬᠡᠳ ᠦᠨ᠎ᠡ ᠵᠢ᠎ᠨᠢ ᠳᠤᠮᠳᠠᠴᠢ᠎ᠪᠠᠷ 58%᠎ᠪᠠᠷ ᠪᠠᠭᠤᠷᠠᠭᠤᠯᠵᠤ᠂ ᠠᠷᠠᠳ᠎ᠤᠨ ᠳᠠᠷᠤᠭ᠋ᠠᠰᠤ ᠵᠢ ᠬᠥᠩᠭᠡᠷᠡᠭᠦᠯᠪᠡ
ᠮᠠᠨ᠎ᠤ ᠤᠷᠤᠨ ᠬᠣᠶᠠᠷ ᠰᠠᠯᠠᠭ᠎ᠠ ᠮᠥᠴᠢᠷ᠎ᠤᠨ᠎ᠬᠢᠨ ᠬᠠᠩᠰᠢ ᠵᠢᠨ ᠪᠤᠯᠪᠠᠰᠤᠨ ᠲᠠᠢ᠌ᠯᠭ᠎ᠠ ᠵᠢ ᠰᠠᠨᠠᠭ᠋ᠠᠴᠢᠯᠠᠪᠠ
ᠮᠠᠨ᠎ᠤ ᠣᠷᠣᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠵᠶ᠋ᠡᠨ ᠰᠢᠨ᠎ᠡ᠎ᠪᠠᠷ ᠰᠣᠯᠢᠬᠤ ᠨᠥᠬᠥᠪᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
 
            