ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠣᠷᠣᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠵᠶ᠋ᠡᠨ ᠰᠢᠨ᠎ᠡ᠎ᠪᠠᠷ ᠰᠣᠯᠢᠬᠤ ᠨᠥᠬᠥᠪᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-06-27

    ᠪᠥᠬᠥ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠡᠨ ᠰᠢᠨ᠎ᠡ᠎ᠪᠠᠷ ᠰᠣᠯᠢᠬᠤ ᠠᠵᠢᠯ᠎ᠢ ᠨᠠᠩ ᠰᠠᠢ᠌ᠲᠤᠷ ᠠᠬᠢᠭᠤᠯᠬᠤ ᠵᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠎ᠢ ᠰᠢᠨ᠎ᠡ᠎ᠪᠠᠷ ᠰᠣᠯᠢᠬᠤ ᠨᠥᠬᠥᠪᠦᠷᠢ ᠵᠢᠨ ᠲᠤᠬᠠᠢ ᠬᠡᠷᠡᠭᠵᠢᠭᠦᠯᠬᠦ ᠲᠥᠰᠥᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠬᠰᠠᠨ ᠪᠠᠢ᠌ᠨ᠎ᠠ᠃
   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠎ᠢ ᠰᠢᠨ᠎ᠡ᠎ᠪᠠᠷ ᠰᠣᠯᠢᠬᠤ ᠨᠥᠬᠥᠪᠦᠷᠢ ᠵᠢᠨ ᠲᠤᠬᠠᠢ ᠬᠡᠷᠡᠭᠵᠢᠭᠦᠯᠬᠦ ᠲᠥᠰᠥᠯ》᠎ᠳᠤ ᠨᠥᠬᠥᠪᠦᠷᠢ ᠣᠯᠭᠣᠬᠤ ᠡᠲᠡᠭᠡᠳ ᠪᠠ ᠬᠦᠷᠢᠶ᠎ᠡ ᠬᠡᠪᠴᠢᠶ᠎ᠡ ᠵᠢ ᠲᠣᠳᠣᠷᠬᠠᠢ ᠲᠣᠭᠲᠠᠭ᠋ᠠᠪᠠ᠄
     2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ ᠭᠡᠷ᠎ᠤᠨ ᠴᠠᠬᠢᠯᠭ᠋ᠠᠨ ᠬᠡᠷᠡᠭᠰᠡᠯ ᠪᠣᠷᠣᠯᠠᠭᠤᠯᠬᠤ᠂ ᠡᠭᠡᠭᠦᠯᠦᠨ ᠬᠤᠷᠢᠶᠠᠬᠤ ᠠᠵᠤ ᠠᠬᠤᠢ᠌ᠯᠠᠯ᠎ᠳᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ (ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠪᠠᠭᠲᠠᠨ᠎ᠠ)᠎ᠢ ᠲᠤᠰᠢᠶᠠᠨ ᠬᠤᠳᠠᠯᠳᠤᠬᠤ ᠵᠢᠨ ᠬᠠᠮᠲᠤ ᠰᠢᠨ᠎ᠡ ᠭᠡᠷ᠎ᠤᠨ ᠴᠠᠬᠢᠯᠭ᠋ᠠᠨ ᠬᠡᠷᠡᠭᠰᠡᠯ ᠬᠤᠳᠠᠯᠳᠤᠨ ᠠᠪᠤᠭᠰᠠᠨ ᠮᠥᠷᠲᠡᠭᠡᠨ ᠪᠣᠷᠣᠯᠠᠭᠤᠯᠤᠭᠰᠠᠨ ᠪᠠᠷᠢᠮᠲᠠ ᠣᠯᠣᠭᠰᠠᠨ ᠬᠤᠪᠢ  ᠵᠢᠨ ᠬᠡᠷᠡᠭᠯᠡᠭᠴᠢᠳ ᠰᠢᠨ᠎ᠡ ᠭᠡᠷ᠎ᠤᠨ ᠴᠠᠬᠢᠯᠭ᠋ᠠᠨ ᠬᠡᠷᠡᠭᠰᠡᠯ ᠬᠤᠳᠠᠯᠳᠤᠨ ᠠᠪᠬᠤ᠎ᠳᠤ᠎ᠪᠠᠨ  ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ   ᠵᠶ᠋ᠡᠨ ᠰᠢᠨ᠎ᠡ᠎ᠪᠠᠷ ᠰᠣᠯᠢᠬᠤ ᠨᠥᠬᠥᠪᠦᠷᠢ ᠵᠢ ᠭᠥᠷᠳᠡᠵᠦ ᠪᠣᠯᠣᠨ᠎ᠠ᠃ ᠪᠣᠳᠠᠲᠠᠢ ᠨᠥᠬᠥᠪᠦᠷᠢ ᠵᠢᠨ ᠪᠠᠷᠢᠮᠵᠢᠶ᠎ᠠ ᠵᠢ ᠡᠯ᠎ᠡ ᠠᠢ᠌ᠮᠠᠭ ᠬᠣᠲᠠ᠎ᠨᠤᠭᠤᠳ ᠥᠪᠡᠷᠲᠡᠭᠡᠨ ᠲᠣᠭᠲᠠᠭ᠋ᠠᠵᠤ᠂ ᠰᠢᠨ᠎ᠡ ᠭᠡᠷ᠎ᠤᠨ ᠴᠠᠬᠢᠯᠭ᠋ᠠᠨ ᠬᠡᠷᠡᠭᠰᠡᠯ ᠬᠤᠳᠠᠯᠳᠤᠨ ᠠᠪᠬᠤ᠎ᠳᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠥᠷᠥᠯ ᠵᠦᠢ᠍ᠯ᠎ᠤᠨ ᠲᠤᠬᠠᠢ  ᠬᠠᠷᠠᠭ᠋ᠠᠯᠵᠠᠬᠰᠠᠨ ᠬᠢᠵᠠᠭ᠋ᠠᠷᠯᠠᠯ᠎ᠳᠤ ᠪᠠᠷᠢᠬᠳᠠᠬᠤ ᠦᠭᠡᠢ᠎ᠲᠤ ᠲᠤᠬᠳᠠᠭ᠋ᠠᠯ᠎ᠠ᠃
      ᠨᠥᠬᠥᠪᠦᠷᠢ ᠥᠭᠬᠦ ᠬᠡᠪᠴᠢᠶ᠎ᠡ᠎ᠳᠤ᠄  ᠠᠭ᠋ᠠᠷᠵᠢᠭᠤᠯᠤᠬ᠍ᠴᠢ᠂ ᠬᠥᠷᠥᠭᠡᠭᠦᠷ (ᠬᠥᠯᠳᠡᠭᠡᠭᠦᠷ᠎ᠢ ᠪᠠᠭᠲᠠᠭ᠋ᠠᠨ᠎ᠠ)᠂ ᠬᠤᠪᠴᠠᠰᠤ ᠤᠬᠢᠶᠠᠬᠤ ᠮᠠᠰᠢᠨ (ᠬᠤᠪᠴᠠᠰᠤ ᠬᠠᠳᠠᠭ᠋ᠠᠬᠤ ᠮᠠᠰᠢᠨ ᠪᠠᠭᠲᠠᠨ᠎ᠠ)᠂ ᠲᠧᠯᠸᠢᠰ᠂ ᠤᠰᠤ ᠬᠠᠯᠠᠭ᠋ᠠᠭᠤᠷ (ᠬᠠᠨ᠎ᠠ ᠵᠢᠨ ᠡᠯᠭᠦᠮᠡᠯ ᠵᠤᠤᠬ᠎ᠠ ᠵᠢ ᠪᠠᠭᠲᠠᠭ᠋ᠠᠨ᠎ᠠ)᠂ ᠲᠣᠰᠣᠨ᠎ᠤ ᠣᠲᠣᠭ᠎ᠠ ᠰᠣᠷᠣᠬᠤ ᠮᠠᠰᠢᠨ᠂ ᠰᠢᠲᠠᠮᠠᠬᠠᠢ ᠬᠡᠢ ᠵᠢᠨ ᠵᠤᠤᠬ᠎ᠠ (ᠬᠤᠷᠠᠮᠠᠯ ᠵᠤᠤᠬ᠎ᠠ ᠵᠢ ᠪᠠᠭᠲᠠᠭ᠋ᠠᠨ᠎ᠠ)᠂ ᠠᠶᠠᠭ᠎ᠠ ᠤᠬᠢᠶᠠᠬᠤ ᠮᠠᠰᠢᠨ᠂ ᠠᠭ᠋ᠠᠷ ᠴᠡᠪᠡᠷᠰᠢᠭᠦᠯᠬᠦ ᠮᠠᠰᠢᠨ᠂ ᠪᠢᠴᠢᠯ ᠳᠣᠯᠭᠢᠶᠠᠨ᠎ᠤ ᠵᠤᠤᠬ᠎ᠠ (ᠨᠢᠭᠡ ᠪᠡᠶᠡᠲᠦ ᠮᠠᠰᠢᠨ᠎ᠢ ᠪᠠᠭᠲᠠᠭ᠋ᠠᠨ᠎ᠠ)᠂ ᠴᠠᠬᠢᠯᠭ᠋ᠠᠨ ᠰᠣᠷᠢᠨᠵᠢᠨ ᠵᠤᠤᠬ᠎ᠠ᠂ ᠴᠠᠬᠢᠯᠭ᠋ᠠᠨ ᠲᠣᠭᠣᠭ᠎ᠠ᠂ ᠴᠠᠬᠢᠯᠭ᠋ᠠᠨ ᠰᠡᠩᠰᠡ ᠪᠠ ᠤᠰᠤ ᠴᠡᠪᠡᠷᠰᠢᠭᠦᠯᠬᠦ ᠮᠠᠰᠢᠨ ᠵᠡᠷᠭᠡ 14 ᠲᠥᠷᠥᠯ᠎ᠤᠨ ᠦᠢ᠍ᠯᠡᠳᠬᠦᠨ ᠪᠠᠭᠲᠠᠨ᠎ᠠ᠃ ᠦᠢ᠍ᠯᠡᠳᠬᠦᠨ᠎ᠨᠢ ᠡᠷᠬᠡᠪᠰᠢ ᠳᠤᠮᠳᠠᠳᠤ ᠤᠯᠤᠰ᠎ᠤᠨ ᠡᠨᠧᠷᠭᠢ ᠵᠢᠨ ᠠᠰᠢᠭᠯᠠᠮᠵᠢ ᠪᠤᠶᠤ ᠤᠰᠤᠨ᠎ᠤ ᠠᠰᠢᠭᠯᠠᠮᠵᠢ ᠵᠢᠨ ᠢᠯᠡᠷᠬᠡᠢ᠌ᠯᠡᠯ᠎ᠤᠨ ᠰᠦᠯᠵᠢᠶᠡᠨ᠎ᠳᠤ ᠳᠠᠩᠰᠠᠯᠠᠭᠤᠯᠤᠭᠰᠠᠨ ᠪᠥᠭᠡᠳ ᠬᠣᠶᠠᠳᠤᠭ᠋ᠠᠷ ᠳᠡᠰ ᠪᠠ ᠲᠡᠭᠦᠨ᠎ᠠᠴᠠ ᠳᠡᠭᠡᠭᠰᠢᠬᠢ ᠡᠨᠧᠷᠭᠢ ᠵᠢᠨ ᠠᠰᠢᠭᠯᠠᠮᠵᠢ᠎ᠳᠤ ᠬᠦᠷᠴᠦ᠂ ᠤᠯᠤᠰ᠎ᠤᠨ ᠪᠠᠷᠢᠮᠵᠢᠶ᠎ᠠ ᠵᠢᠨ 13 ᠣᠷᠣᠨᠲᠤ ᠨᠢᠭᠡᠳᠦᠯᠲᠡᠢ ᠲᠠᠸᠠᠷ᠎ᠤᠨ ᠳ᠋ᠤᠭ᠋ᠠᠷᠯᠠᠯ᠎ᠲᠠᠢ ᠪᠠᠢ᠌ᠬᠤ ᠬᠡᠷᠡᠭᠲᠡᠢ᠃
   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠎ᠢ ᠰᠢᠨ᠎ᠡ᠎ᠪᠠᠷ ᠰᠣᠯᠢᠬᠤ ᠨᠥᠬᠥᠪᠦᠷᠢ ᠵᠢᠨ ᠲᠤᠬᠠᠢ ᠬᠡᠷᠡᠭᠵᠢᠭᠦᠯᠬᠦ ᠲᠥᠰᠥᠯ》 ᠎ᠳᠤ ᠨᠥᠬᠥᠪᠦᠷᠢ ᠵᠢᠨ ᠲᠡᠮᠳᠡᠭᠲᠦ ᠵᠢ ᠲᠠᠷᠬᠠᠭ᠋ᠠᠵᠤ ᠬᠡᠷᠡᠭᠯᠡᠬᠦ ᠶᠠᠪᠤᠴᠠ ᠵᠢ ᠲᠣᠳᠣᠷᠬᠠᠢ ᠲᠣᠭᠲᠠᠭ᠋ᠠᠵᠠᠢ᠄
     ᠲᠣᠰ ᠤᠳᠠᠭ᠋ᠠᠨ᠎ᠤ ᠨᠥᠬᠥᠪᠦᠷᠢ ᠵᠢ ᠰᠦᠯᠵᠢᠶᠡᠨ ᠳᠡᠭᠡᠷᠡᠬᠢ ᠲᠠᠪᠴᠠᠩ ᠵᠶ᠋ᠠᠷ ᠳᠠᠮᠵᠢᠭᠤᠯᠤᠨ ᠲᠠᠷᠬᠠᠭ᠋ᠠᠵᠤ᠂ ᠤᠷᠢᠳ ᠵᠶ᠋ᠡᠷ ᠬᠦᠷᠭᠡᠪᠡᠯ ᠤᠷᠢᠳ ᠵᠶ᠋ᠡᠷ ᠣᠯᠵᠤ᠂ ᠲᠠᠷᠬᠠᠭ᠋ᠠᠵᠤ ᠳᠠᠭᠤᠰᠲᠠᠯ᠎ᠠ ᠣᠯᠭᠣᠨ᠎ᠠ᠃ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠵᠶ᠋ᠡᠨ  ᠰᠢᠨ᠎ᠡ᠎ᠪᠠᠷ ᠰᠣᠯᠢᠬᠤ ᠨᠥᠬᠥᠪᠦᠷᠢ ᠵᠢ ᠭᠤᠶᠤᠴᠢᠯᠠᠬᠤ᠎ᠪᠠᠷ ᠪᠠᠢ᠌ᠭ᠎ᠠ ᠬᠤᠪᠢ ᠬᠦᠮᠦᠨ᠂  ᠸᠢᠴᠠᠲ ᠲᠠᠪᠴᠠᠡᠭ ᠵᠶ᠋ᠡᠷ ᠳᠠᠮᠵᠢᠭᠤᠯᠤᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠥᠷᠥᠯ ᠢᠯᠭ᠋ᠠᠯ᠂ ᠨᠠᠷᠠᠲᠤ ᠲᠡᠮᠳᠡᠭ᠂ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠪᠤᠴᠠᠭ᠋ᠠᠨ ᠬᠤᠷᠢᠶᠠᠬᠤ ᠦᠨ᠎ᠡ ᠬᠠᠩᠰᠢ᠂ ᠴᠣᠷ᠎ᠤᠨ ᠭᠠᠭᠴᠠ ᠳ᠋ᠤᠭ᠋ᠠᠷᠯᠠᠭᠰᠠᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠭᠡᠷᠡᠴᠢ ᠪᠠᠷᠢᠮᠲᠠ ᠵᠢᠨ ᠳ᠋ᠤᠭ᠋ᠠᠷᠯᠠᠯ᠎ᠤᠨ ᠳ᠋ᠤᠭ᠋ᠠᠷ᠂ ᠰᠢᠨ᠎ᠡ ᠮᠠᠰᠢᠨ ᠬᠤᠳᠠᠯᠳᠤᠨ ᠠᠪᠤᠭᠴᠢ ᠵᠢᠨ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠡᠷᠡᠯ ᠵᠢᠷᠤᠭ ᠵᠡᠷᠭᠡ ᠮᠡᠳᠡᠭᠡ ᠵᠠᠩᠭᠢ ᠵᠢ ᠬᠤᠷᠢᠶᠠᠯᠭ᠋ᠠᠬᠤ᠎ᠪᠠᠷ ᠲᠡᠡᠭᠰᠠᠯᠠᠭᠤᠯᠤᠨ᠎ᠠ᠃ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠵᠶ᠋ᠡᠨ ᠰᠢᠨ᠎ᠡ᠎ᠪᠠᠷ ᠰᠣᠯᠢᠬᠤ ᠠᠵᠢᠯᠯᠠᠭ᠎ᠠ᠎ᠳᠤ ᠣᠷᠣᠯᠴᠠᠭᠰᠠᠨ ᠬᠤᠳᠠᠯᠳᠤᠭᠴᠢ᠃ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠤᠬᠠᠢ ᠮᠡᠳᠡᠭᠡ ᠵᠠᠩᠭᠢ ᠵᠢ ᠬᠤᠷᠢᠶᠠᠭᠰᠠᠨ᠎ᠢ ᠨᠤᠲᠠᠯᠠᠭᠰᠠᠨ᠎ᠤ ᠳᠠᠷᠠᠭ᠎ᠠ᠂ ᠬᠡᠷᠡᠭᠯᠡᠭᠴᠢᠳ ᠬᠠᠮᠢᠶ᠎ᠠ ᠪᠦᠬᠦᠢ ᠲᠠᠪᠴᠠᠩ᠎ᠳᠤ 《ᠬᠠᠭᠤᠴᠢᠨ ᠵᠶ᠋ᠠᠷ ᠰᠢᠨ᠎ᠡ ᠵᠢ ᠰᠣᠯᠢᠬᠤ》 ᠨᠥᠬᠥᠪᠦᠷᠢ ᠵᠢᠨ ᠲᠡᠮᠳᠡᠭᠲᠦ ᠵᠢ ᠳᠠᠩᠰᠠᠯᠠᠭᠤᠯᠬᠤ ᠵᠢᠨ ᠬᠠᠮᠲᠤ ᠭᠡᠷ᠎ᠤᠨ ᠴᠠᠬᠢᠯᠭ᠋ᠠᠨ ᠬᠡᠷᠡᠭᠰᠡᠯ᠎ᠢ ᠠᠪᠤᠨ᠎ᠠ᠃ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠢ ᠲᠤᠰᠢᠶᠠᠨ ᠬᠤᠳᠠᠯᠳᠤᠬᠤ ᠪᠠ ᠰᠢᠨ᠎ᠡ ᠭᠡᠷ᠎ᠤᠨ ᠴᠠᠬᠢᠯᠭ᠋ᠠᠨ ᠬᠡᠷᠡᠭᠰᠡᠯ᠎ᠢ ᠬᠤᠳᠠᠯᠳᠤᠨ ᠠᠪᠬᠤ ᠬᠥᠮᠥᠨ ᠡᠷᠬᠡᠪᠰᠢ ᠨᠢᠭᠡᠳᠦᠯᠲᠡᠢ ᠪᠠᠢ᠌ᠬᠤ ᠬᠡᠷᠡᠭᠲᠡᠢ᠃ ᠬᠡᠷᠪᠡ ᠨᠥᠬᠥᠪᠦᠷᠢ ᠵᠢᠨ ᠪᠡᠯᠡ ᠮᠥᠩᠭᠥ ᠵᠢ ᠬᠡᠷᠡᠭᠯᠡᠵᠦ ᠳᠠᠭᠤᠰᠪᠠᠯ᠂ ᠠᠢ᠌ᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ᠎ᠬᠢᠨ ᠲᠦᠬᠡᠬᠡᠵᠤ ᠲᠠᠭᠤᠰᠤᠬᠰᠠᠨ ᠲᠤᠬᠠᠢ ᠠᠯᠪᠠᠨ ᠵᠠᠷ᠎ᠢ ᠴᠠᠭ ᠲᠤᠬᠠᠢ ᠎ᠳᠤ᠎ᠨᠢ ᠨᠡᠢ᠌ᠲᠡᠯᠡᠨ᠎ᠡ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ ᠎ᠢ ᠰᠢᠨ᠎ᠡ᠎ᠪᠠᠷ ᠰᠣᠯᠢᠬᠤ ᠨᠥᠬᠥᠪᠦᠷᠢ ᠵᠢᠨ ᠲᠤᠬᠠᠢ ᠬᠡᠷᠡᠭᠵᠢᠭᠦᠯᠬᠦ ᠲᠥᠰᠥᠯ》᠎ᠳᠤ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠎ᠨᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠄
      ᠡᠯ᠎ᠡ ᠠᠢ᠌ᠮᠠᠭ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠎ᠨᠢ ᠡᠳ᠋᠎ᠤᠨ ᠵᠠᠰᠠᠭ᠎ᠤᠨ ᠲᠣᠪᠴᠢᠶ᠎ᠠ᠎ᠲᠠᠢ ᠬᠠᠮᠲᠤᠷᠠᠨ ᠬᠡᠷᠡᠭᠵᠢᠭᠦᠯᠬᠦ ᠲᠥᠰᠥᠯ ᠲᠣᠭᠲᠠᠭ᠋ᠠᠵᠤ᠂ ᠬᠦᠨᠳᠡᠯᠡᠨ᠎ᠤ ᠲᠠᠪᠴᠠᠩ᠎ᠢ ᠲᠣᠭᠲᠠᠭ᠋ᠠᠨ᠎ᠠ᠃ ᠠᠢ᠌ᠮᠠᠭ ᠬᠤᠳᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ᠎ᠬᠢᠨ ᠨᠥᠬᠥᠪᠦᠷᠢ ᠵᠢᠨ ᠪᠡᠯᠡ ᠮᠥᠩᠭᠥ ᠵᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠵᠤ᠂ ᠡᠳ᠋᠎ᠤᠨ ᠵᠠᠰᠠᠭ᠎ᠤᠨ ᠲᠣᠪᠴᠢᠶ᠎ᠠ ᠵᠢᠨ᠎ᠬᠢᠨ ᠨᠥᠬᠥᠪᠦᠷᠢ ᠵᠢᠨ᠎ᠤ ᠮᠥᠩᠭᠥ ᠵᠢ ᠲᠠᠰᠤᠯᠵᠤ ᠥᠭᠬᠦ ᠵᠢ ᠬᠠᠷᠢᠭᠤᠴᠠᠨ᠎ᠠ᠃ ᠡᠯ᠎ᠡ ᠠᠢ᠌ᠮᠠᠭ ᠬᠣᠲᠠ᠎ᠨᠤᠭᠤᠳ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠬᠠᠢ  ᠯᠠᠪᠯᠠᠭ᠎ᠠ ᠵᠢᠨ ᠪᠠᠢ᠌ᠡᠭᠭᠤ ᠵᠢᠨ ᠤᠲᠠᠰᠤ ᠭᠠᠷᠭ᠋ᠠᠵᠤ᠂ ᠣᠯᠠᠨ ᠨᠡᠶ᠋ᠢᠲᠡ ᠵᠢᠨ ᠬᠦᠰᠡᠯ ᠱᠠᠭ᠋ᠠᠷᠳᠠᠯᠭ᠎ᠠ᠎ᠳᠤ ᠴᠠᠭ ᠲᠤᠬᠠᠢ ᠎ᠳᠤ᠎ᠨᠢ ᠬᠠᠷᠢᠭᠤ ᠥᠭᠴᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃





   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠬᠣᠶᠠᠷ ᠰᠠᠯᠠᠭ᠎ᠠ ᠮᠥᠴᠢᠷ᠎ᠤᠨ᠎ᠬᠢᠨ ᠬᠠᠩᠰᠢ ᠵᠢᠨ ᠪᠤᠯᠪᠠᠰᠤᠨ ᠲᠠᠢ᠌ᠯᠭ᠎ᠠ ᠵᠢ ᠰᠠᠨᠠᠭ᠋ᠠᠴᠢᠯᠠᠪᠠ
ᠮᠠᠨ᠎ᠤ ᠣᠷᠣᠨ ᠶᠢᠰᠦᠳᠦᠭᠡᠷ ᠪᠦᠯᠦᠭ ᠤᠯᠤᠰ᠎ᠤᠨ ᠡᠮ ᠲᠠᠡᠭ᠎ᠢ ᠪᠦᠬᠡᠮ ᠵᠶ᠋ᠡᠷ ᠬᠤᠳᠠᠯᠳᠤᠨ ᠠᠪᠬᠤ ᠦᠷ᠎ᠡ ᠳ᠋ᠦᠩ᠎ᠢ ᠬᠡᠷᠡᠭᠵᠢᠬᠦᠯᠤᠬᠡᠳ ᠦᠨ᠎ᠡ ᠵᠢ᠎ᠨᠢ ᠳᠤᠮᠳᠠᠴᠢ᠎ᠪᠠᠷ 58%᠎ᠪᠠᠷ ᠪᠠᠭᠤᠷᠠᠭᠤᠯᠵᠤ᠂ ᠠᠷᠠᠳ᠎ᠤᠨ ᠳᠠᠷᠤᠭ᠋ᠠᠰᠤ ᠵᠢ ᠬᠥᠩᠭᠡᠷᠡᠭᠦᠯᠪᠡ
ᠮᠠᠨ᠎ᠤ ᠤᠷᠤᠨ ᠦᠨᠤ ᠵᠢᠯ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ 960 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠪᠣᠶ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠡᠷ ᠰᠤᠡᠭᠭᠤᠬᠳᠠᠪᠠ
ᠮᠠᠨ᠎ᠤ ᠤᠷᠤᠨ᠎ᠤ᠎ᠬᠢᠨ ᠮᠠᠯᠴᠢᠨ ᠲᠠᠷᠢᠶᠠᠴᠢᠨ᠎ᠤ ᠬᠠᠵᠠᠭᠤ ᠬᠠᠪᠢ᠎ᠳᠤ᠎ᠪᠠᠨ ᠠᠵᠢᠯ ᠤᠯᠬᠤ ᠲᠡᠢ᠌ᠰᠢ ᠬᠦᠳᠤᠯᠵᠤ 《ᠵᠠᠭᠤᠨ ᠰᠤᠮᠤ ᠰᠢᠶᠠᠡᠭ ᠪᠠᠯᠭ᠋ᠠᠰᠤ ᠮᠢᠡᠭᠭ᠋ᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ》 ᠵᠢᠨ ᠠᠵᠢᠯᠯᠠᠭ᠎ᠠ᠎ᠪᠠᠷ ᠬᠦᠷᠢᠶ᠎ᠡ ᠬᠠᠰᠢᠶ᠎ᠠ ᠵᠢᠨ ᠠᠵᠤ ᠠᠬᠤᠢ ᠵᠢᠨ ᠪᠤᠵᠠᠭ᠋ᠠᠢ᠌ᠷᠠᠭᠤᠯᠵᠤ ᠪᠠᠢ᠌ᠨ᠎ᠠ
 
            