ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 1.6 ᠳ᠋ᠦᠩᠰᠢᠭᠤᠷ ᠲᠥᠭᠥᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠡᠯᠡ ᠮᠥᠩᠭᠥ ᠪᠠᠭᠤᠯᠭ᠋ᠠᠪᠠ
ᠨᠡᠶᠢᠲᠡᠯᠡᠭᠰᠡᠨ ᠴᠠᠭ᠄ 2024-08-19

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠡ᠄ 7 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠡᠨᠡ ᠵᠢᠯ 1.6 ᠳ᠋ᠦᠩᠰᠢᠭᠤᠷ ᠲᠥᠭᠥᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠢ ᠪᠡᠯᠡ ᠮᠥᠩᠭᠥ ᠪᠠᠭᠤᠯᠭ᠋ᠠᠵᠤ᠂ 170 ᠰᠤᠮᠤ ᠰᠢᠶᠠᠩ ᠪᠠᠯᠭ᠋ᠠᠰᠤ ᠵᠢᠨ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠂ 1500 ᠲᠣᠰᠬᠣᠨ᠎ᠤ ᠲᠠᠰ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ ᠠᠵᠢᠯ᠎ᠢ ᠳᠡᠮᠵᠢᠬᠦ᠎ᠳᠤ ᠬᠡᠷᠡᠭᠯᠡᠵᠦ᠂ 200 ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ  ᠠᠰᠠᠷᠠᠮᠵᠢ ᠵᠢᠨ ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠬᠦ ᠠᠵᠢᠯ᠎ᠢ ᠲᠡᠮᠵᠢᠪᠡ᠃
   ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠵᠢᠭᠤᠨ  ᠰᠢᠰᠲᠸᠮ ᠵᠢ ᠤᠯᠠᠮ ᠰᠠᠢ᠌ᠳᠤᠷ ᠪᠠᠢ᠌ᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠨ ᠨᠥᠬᠥᠪᠦᠷᠢᠯᠡᠬᠦ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (《ᠠᠷᠭ᠎ᠠ》 ᠭᠡᠵᠦ ᠲᠦᠬᠦᠮᠴᠢᠯᠡᠶ᠎ᠡ) ᠵᠢ ᠲᠣᠭᠲᠠᠭ᠋ᠠᠪᠠ᠃ 《ᠠᠷᠭ᠎ᠠ》᠎ᠳᠤ ᠲᠣᠭᠲᠠᠭ᠋ᠠᠭᠰᠠᠨ ᠬᠣᠰᠢᠭᠤ ᠰᠢᠶᠠᠨ᠎ᠤ ᠱᠠᠲᠤᠨ᠎ᠤ ᠰᠤᠮᠤ ᠰᠢᠶᠠᠩ ᠪᠠᠯᠭ᠋ᠠᠰᠤ ᠵᠢᠨ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠵᠢᠨ ᠪᠠᠷᠢᠮᠵᠢᠶ᠎ᠠ ᠪᠣᠯ᠄ ᠰᠢᠨ᠎ᠡ᠎ᠪᠠᠷ ᠪᠠᠢ᠌ᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠤᠨ ᠪᠠᠷᠢᠯᠭ᠎ᠠ ᠵᠢᠨ ᠲᠠᠯᠠᠪᠠᠶ᠎ᠨᠢ 1500 ᠲᠡᠭᠰᠢ ᠳᠥᠷᠪᠡᠯᠵᠢᠨ ᠮᠧᠲᠷ (ᠪᠠᠭᠲᠠᠨ᠎ᠠ)᠎ᠠᠴᠠ ᠳᠡᠭᠡᠭᠰᠢ ᠪᠤᠯ ᠨᠢᠭᠡ ᠵᠢ ᠪᠠᠢ᠌ᠭᠤᠯᠵᠤ ᠳᠠᠭᠤᠰᠬᠠᠪᠠᠯ᠂ 300 ᠲᠦᠮᠡᠨ ᠲᠥᠭᠥᠷᠢᠭ ᠨᠥᠬᠥᠪᠦᠷᠢᠯᠡᠨ᠎ᠡ᠃ ᠥᠭᠡᠷᠡᠴᠢᠯᠡᠵᠦ ᠥᠷᠭᠡᠳᠬᠡᠨ ᠪᠠᠢ᠌ᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠤᠨ ᠪᠠᠷᠢᠯᠭ᠎ᠠ ᠵᠢᠨ ᠲᠠᠯᠠᠪᠠᠶ᠎ᠨᠢ 1500 ᠲᠡᠭᠰᠢ ᠳᠥᠷᠪᠡᠯᠵᠢᠨ ᠮᠧᠲᠷ (ᠪᠠᠭᠲᠠᠨ᠎ᠠ)᠎ᠠᠴᠠ ᠳᠣᠣᠷ᠎ᠠ ᠦᠭᠡᠢ ᠪᠤᠯ ᠨᠢᠭᠡ ᠵᠢ ᠪᠠᠢ᠌ᠭᠤᠯᠵᠤ ᠳᠠᠭᠤᠰᠬᠠᠪᠠᠯ᠂ 150 ᠲᠦᠮᠡᠨ ᠲᠥᠭᠥᠷᠢᠭ ᠨᠥᠬᠥᠪᠦᠷᠢᠯᠡᠨ᠎ᠡ᠃ 《ᠠᠷᠭ᠎ᠠ》᠎ᠳᠤ ᠲᠣᠭᠲᠠᠭ᠋ᠠᠭᠰᠠᠨ ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠵᠢᠨ ᠪᠠᠷᠢᠮᠵᠢᠶ᠎ᠠ ᠪᠣᠯ᠄ 1000 ᠲᠡᠭᠰᠢ ᠳᠥᠷᠪᠡᠯᠵᠢᠨ ᠮᠧᠲᠷ (ᠪᠤᠶᠤ ᠬᠤᠳᠠᠯᠳᠤᠨ ᠠᠪᠬᠤ ᠵᠢ ᠪᠠᠭᠲᠠᠭ᠋ᠠᠨ᠎ᠠ) ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ ᠰᠢᠨ᠎ᠡ᠎ᠪᠠᠷ ᠪᠠᠶ᠋ᠢᠭᠤᠯᠬᠤ (ᠬᠤᠳᠠᠯᠳᠤᠨ ᠠᠪᠬᠤ ᠵᠢ ᠪᠠᠭᠲᠠᠭ᠋ᠠᠨ᠎ᠠ) ᠨᠢᠭᠡ ᠵᠢ ᠪᠠᠶ᠋ᠢᠭᠤᠯᠬᠤ ᠪᠤᠶᠤ ᠬᠤᠳᠠᠯᠳᠤᠨ ᠠᠪᠤᠪᠠᠯ 60 ᠲᠦᠮᠡᠨ ᠲᠥᠭᠥᠷᠢᠭ ᠨᠥᠬᠥᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ᠎ᠠᠴᠠ ᠳᠣᠷᠣᠭᠰᠢᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠰᠢᠨ᠎ᠡ᠎ᠪᠠᠷ (ᠪᠤᠶᠤ ᠬᠤᠳᠠᠯᠳᠤᠨ ᠠᠪᠬᠤ ᠵᠢ ᠪᠠᠭᠲᠠᠭ᠋ᠠᠨ᠎ᠠ) ᠨᠢᠭᠡ ᠵᠢ ᠪᠠᠶ᠋ᠢᠭᠤᠯᠬᠤ ᠪᠤᠶᠤ ᠬᠤᠳᠠᠯᠳᠤᠨ ᠠᠪᠤᠪᠠᠯ᠂ 40 ᠲᠦᠮᠡᠨ ᠲᠥᠭᠥᠷᠢᠭ ᠨᠥᠬᠥᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ ᠪᠠ ᠡᠬᠦᠨ᠎ᠠᠴᠠ ᠳᠡᠭᠡᠭᠰᠢᠬᠢ ᠲᠠᠯᠠᠪᠠᠢ ᠪᠦᠬᠦᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠨᠢᠭᠡ ᠵᠢ ᠥᠭᠡᠷᠡᠴᠢᠯᠡᠵᠦ ᠥᠷᠭᠡᠳᠬᠡᠨ ᠪᠠᠢ᠌ᠭᠤᠯᠪᠠᠯ 40 ᠲᠦᠮᠡᠨ ᠲᠥᠭᠥᠷᠢᠭ ᠨᠥᠬᠥᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ᠎ᠠᠴᠠ ᠳᠣᠷᠣᠭᠰᠢᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ  ᠨᠢᠭᠡ ᠵᠢ ᠥᠭᠡᠷᠡᠴᠢᠯᠡᠵᠦ ᠥᠷᠭᠡᠳᠬᠡᠨ ᠪᠠᠢ᠌ᠭᠤᠯᠪᠠᠯ᠂ 20 ᠲᠦᠮᠡᠨ ᠲᠥᠭᠥᠷᠢᠭ ᠨᠥᠬᠥᠪᠦᠷᠢᠯᠡᠨ᠎ᠡ᠃ 《ᠠᠷᠭ᠎ᠠ》᠎ᠳᠤ ᠪᠠᠰᠨ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠴᠢᠳᠠᠮᠵᠢ ᠵᠢ ᠥᠷᠭᠡᠳᠬᠡᠬᠦ ᠨᠥᠬᠥᠪᠦᠷᠢ ᠵᠢᠨ ᠪᠠᠷᠢᠮᠵᠢᠶ᠎ᠠ ᠵᠢ᠄ ᠠᠰᠠᠷᠠᠮᠵᠢ ᠵᠢᠨ ᠬᠦᠷᠢᠶᠡᠯᠡᠩ᠎ᠤᠨ ᠴᠢᠳᠠᠮᠵᠢ ᠵᠢ ᠥᠷᠭᠡᠳᠬᠡᠬᠦ ᠪᠦᠷᠢ᠎ᠳᠤ 5 ᠲᠦᠮᠡᠨ ᠲᠥᠭᠥᠷᠢᠭ ᠨᠥᠬᠥᠪᠦᠷᠢᠯᠡᠨ᠎ᠡ ᠭᠡᠵᠤ ᠲᠤᠬᠳᠠᠭ᠋ᠠᠯ᠎ᠠ᠃
    ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠡᠯᠡ ᠮᠥᠩᠭᠥ ᠵᠢ ᠨᠡᠮᠡᠬᠦ ᠪᠠ ᠪᠠᠭᠤᠯᠭ᠋ᠠᠬᠤ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ᠃ 2025 ᠣᠨ ᠪᠣᠯᠬᠤ᠎ᠳᠤ ᠪᠥᠬᠥ ᠣᠷᠣᠨ᠎ᠤ ᠰᠤᠮᠤ ᠰᠢᠶᠠᠩ ᠪᠠᠯᠭ᠋ᠠᠰᠤ ᠵᠢᠨ   ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠪᠦᠷᠬᠦᠴᠡ ᠵᠢᠨ ᠨᠣᠷᠮ᠎ᠠ ᠵᠢ 80%᠎ᠠᠴᠠ ᠳᠣᠣᠷ᠎ᠠ ᠪᠠᠢ᠌ᠯᠭ᠋ᠠᠬᠤ ᠦᠭᠡᠢ᠂ ᠬᠥᠮᠥᠨ ᠠᠮᠠ ᠬᠠᠷᠢᠴᠠᠩᠭᠤᠢ᠎ᠪᠠᠷ ᠲᠥᠪᠯᠡᠷᠡᠭᠰᠡᠨ ᠭᠠᠴᠠᠭ᠎ᠠ ᠲᠣᠰᠬᠣᠨ᠎ᠳᠤ ᠲᠣᠰᠬᠣᠨ᠎ᠤ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ ᠠᠳᠠᠭ᠎ᠲᠤ᠎ᠪᠠᠨ 1 ᠵᠢ  ᠪᠠᠢ᠌ᠭᠤᠯᠤᠨ᠎ᠠ᠃


    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠪᠡᠯᠡ ᠮᠥᠩᠭᠥ ᠵᠢ 6346 ᠲᠦᠮᠡᠨ ᠲᠥᠭᠥᠷᠢᠭ ᠪᠠᠭᠤᠯᠭ᠋ᠠᠪᠠ
ᠲᠥᠪ᠎ᠤᠨ ᠡᠳ᠋᠎ᠤᠨ ᠵᠠᠰᠠᠭ᠎ᠠᠴᠠ ᠬᠣᠶᠠᠷ ᠵᠢᠯ᠎ᠳᠤ 2.77 ᠳ᠋ᠦᠩᠰᠢᠭᠤᠷ ᠭᠠᠷᠤᠢ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ ᠮᠠᠨ᠎ᠤ ᠤᠷᠤᠨ᠎ᠤ ᠡᠪᠡᠳᠴᠢᠨ ᠡᠮᠭᠡᠭ᠎ᠢ ᠰᠡᠷᠬᠡᠢ᠌ᠯᠡᠬᠦ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠳᠡᠮᠵᠢᠪᠡ
ᠥᠪᠥᠷ ᠮᠣᠩᠭᠣᠯ᠎ᠤᠨ ᠥᠨᠥᠴᠢᠨ ᠬᠡᠦᠬᠡᠳ᠎ᠢ ᠦᠰᠬᠡᠬᠦ ᠪᠠᠲᠤᠯᠠᠭ᠎ᠠ ᠵᠢᠨ ᠪᠠᠷᠢᠮᠵᠢᠶ᠎ᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
ᠡᠳ᠋᠎ᠤᠨ ᠵᠠᠰᠠᠭ᠎ᠤᠨ ᠶᠠᠮᠤᠨ ᠮᠠᠨ᠎ᠤ ᠣᠷᠣᠨ᠎ᠳᠤ 12.5 ᠳ᠋ᠦᠩᠰᠢᠭᠤᠷ ᠲᠥᠭᠥᠷᠢᠭ ᠪᠠᠭᠤᠯᠭ᠋ᠠᠵᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠦᠯᠪᠡ
ᠥᠪᠥᠷ ᠮᠣᠩᠭᠣᠯ᠎ᠤᠨ ᠳᠥᠷᠪᠡᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠠᠷᠭ᠎ᠠ ᠪᠠ ᠦᠷ᠎ᠡ ᠪᠦᠲᠦᠮᠵᠢ ᠵᠢ ᠨᠡᠢ᠌ᠲᠡᠯᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠄ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ
 
            