ᠮᠠᠨ᠎ᠤ ᠣᠷᠣᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠪᠡᠯᠡ ᠮᠥᠩᠭᠥ ᠵᠢ 6346 ᠲᠦᠮᠡᠨ ᠲᠥᠭᠥᠷᠢᠭ ᠪᠠᠭᠤᠯᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠤᠷᠴᠢᠮ᠎ᠳᠤ ᠬᠠᠮᠲᠤ᠎ᠪᠠᠷ 《ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠲᠤᠬᠠᠢ ᠮᠡᠳᠡᠭᠳᠡᠯ》 (ᠥᠪᠥᠷ ᠠᠷᠠᠳ᠎ᠤᠨ ᠶᠠᠪᠤᠳᠠᠯ ᠲᠠᠷᠬᠠᠭ᠋ᠠᠭᠰᠠᠨ [2024] 66 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠯᠤᠭᠣᠳᠬᠤ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 100 ᠲᠥᠭᠥᠷᠢᠭ ᠪᠠᠢ᠌ᠭᠰᠠᠨ᠎ᠠᠴᠠ 125 ᠲᠥᠭᠥᠷᠢᠭ ᠪᠤᠯᠭ᠋ᠠᠬᠤ᠎ᠪᠠᠷ ᠲᠣᠭᠲᠠᠪᠠ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 6346 ᠲᠦᠮᠡᠨ ᠲᠥᠭᠥᠷᠢᠭ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ ᠪᠡᠯᠡ ᠮᠥᠩᠭᠥ ᠵᠢ ᠪᠦᠬᠦᠨ᠎ᠢ ᠪᠠᠭᠤᠯᠭ᠋ᠠᠵᠤ᠂ 34.2 ᠲᠦᠮᠡᠨ ᠬᠦᠴᠢᠷᠳᠡᠯᠲᠡᠢ ᠵᠡᠮᠳᠡᠭᠴᠦᠳ ᠪᠠ 31.1 ᠲᠦᠮᠡᠨ ᠨᠤᠴᠢᠳᠠᠢ ᠵᠡᠮᠳᠡᠭᠴᠦᠳ᠎ᠲᠤ ᠠᠰᠢᠭ ᠬᠦᠷᠲᠡᠭᠡᠪᠡ᠃