ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠲᠥᠪ᠎ᠤᠨ ᠡᠳ᠋᠎ᠤᠨ ᠵᠠᠰᠠᠭ᠎ᠠᠴᠠ ᠬᠣᠶᠠᠷ ᠵᠢᠯ᠎ᠳᠤ 2.77 ᠳ᠋ᠦᠩᠰᠢᠭᠤᠷ ᠭᠠᠷᠤᠢ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ ᠮᠠᠨ᠎ᠤ ᠤᠷᠤᠨ᠎ᠤ ᠡᠪᠡᠳᠴᠢᠨ ᠡᠮᠭᠡᠭ᠎ᠢ ᠰᠡᠷᠬᠡᠢ᠌ᠯᠡᠬᠦ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠳᠡᠮᠵᠢᠪᠡ
ᠨᠡᠶᠢᠲᠡᠯᠡᠭᠰᠡᠨ ᠴᠠᠭ᠄ 2024-09-19

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠠᠷ  2023᠂ 2024 ᠤᠨ᠎ᠳᠤ ᠲᠥᠪ᠎ᠤᠨ ᠡᠳ᠋᠎ᠤᠨ ᠵᠠᠰᠠᠭ᠎ᠠᠴᠠ 2.7734 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ  ᠮᠠᠨ᠎ᠤ ᠤᠷᠤᠨ᠎ᠤ ᠡᠪᠡᠳᠴᠢᠨ ᠡᠮᠭᠡᠭ ᠰᠡᠷᠭᠡᠢ᠌ᠯᠡᠨ ᠬᠢᠵᠠᠭ᠋ᠠᠷᠯᠠᠬᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ᠃
    ᠡᠪᠡᠳᠴᠢᠨ ᠡᠮᠭᠡᠭ᠎ᠢ ᠰᠡᠷᠬᠡᠢ᠌ᠯᠡᠬᠦ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠣᠣᠯᠳᠠᠯᠭ᠎ᠠ᠎ᠲᠠᠢ ᠪᠠᠳᠠᠷᠠᠭᠤᠯᠬᠤ ᠵᠢᠨ ᠲᠥᠯᠥᠭᠡ ᠤᠯᠤᠰ᠎ᠠᠴᠠ ᠡᠮᠴᠢᠯᠡᠭᠡᠨ᠎ᠤ ᠦᠢ᠍ᠯᠡᠴᠢᠯᠡᠭᠡ ᠬᠢᠭᠡᠳ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ (ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠴᠢᠳᠠᠪᠤᠷᠢ ᠵᠢᠨ ᠪᠠᠢ᠌ᠭᠤᠯᠤᠯᠲᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠎ᠢ ᠬᠦᠮᠤᠵᠢᠬᠦᠯᠤᠨ ᠲᠡᠭᠡᠭᠰᠢᠯᠡᠬᠦᠯᠬᠦ) ᠲᠤᠰᠬᠠᠢ ᠪᠡᠯᠡ ᠮᠥᠩᠭᠥ ᠭᠠᠷᠭ᠋ᠠᠵᠤ᠂ ᠡᠯ᠎ᠡ ᠭᠠᠵᠠᠷ᠎ᠤᠨ ᠡᠪᠡᠳᠴᠢᠨ ᠡᠮᠭᠡᠭ᠎ᠢ ᠰᠡᠷᠬᠡᠢ᠌ᠯᠡᠬᠦ ᠴᠢᠳᠠᠪᠤᠷᠢ ᠵᠢᠨ ᠪᠠᠢ᠌ᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ ᠵᠢ ᠳᠡᠮᠵᠢᠬᠦ᠎ᠳᠤ ᠬᠡᠷᠡᠭᠯᠡᠪᠡ᠃ 2023 ᠣᠨ᠎ᠳᠤ ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ 1.1471 ᠳ᠋ᠦᠩᠰᠢᠭᠤᠷ ᠲᠥᠭᠥᠷᠢᠭ᠎ᠤᠨ ᠰᠢᠯᠵᠢᠭᠦᠯᠦᠨ ᠥᠭᠬᠦ ᠪᠡᠯᠡ ᠮᠥᠩᠭᠥ ᠪᠠᠭᠤᠯᠭ᠋ᠠᠵᠤ᠂ ᠥᠪᠥᠷ ᠮᠣᠩᠭᠣᠯ᠎ᠤᠨ ᠬᠠᠯᠳᠠᠪᠤᠷᠢᠲᠤ ᠡᠪᠡᠳᠴᠢᠨ᠎ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠪᠠᠴᠢᠮ᠎ᠢ ᠠᠷᠭ᠋ᠠᠴᠠᠭ᠋ᠠᠬᠤ ᠵᠢᠯᠤᠭᠣᠳᠬᠤ ᠴᠢᠳᠠᠪᠤᠷᠢ ᠵᠢ ᠳᠡᠭᠡᠭᠰᠢᠯᠡᠭᠦᠯᠬᠦ᠂ ᠬᠠᠯᠳᠠᠪᠤᠷᠢᠲᠤ ᠡᠪᠡᠳᠴᠢᠨ᠎ᠤ ᠪᠠᠴᠢᠮ᠎ᠢ ᠠᠷᠭ᠋ᠠᠴᠠᠭ᠋ᠠᠬᠤ ᠡᠩᠨᠡᠭᠡ ᠵᠢᠨ ᠴᠢᠳᠠᠪᠤᠷᠢ ᠵᠢᠨ ᠪᠠᠢ᠌ᠭᠤᠯᠤᠯᠲᠠ᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠴᠢᠳᠠᠪᠤᠷᠢ ᠵᠢᠨ ᠪᠠᠢ᠌ᠭᠤᠯᠤᠯᠲᠠ ᠵᠡᠷᠭᠡ 8 ᠵᠦᠢ᠍ᠯ᠎ᠤᠨ ᠠᠵᠢᠯ᠎ᠢ ᠥᠷᠨᠢᠭᠦᠯᠬᠦ ᠵᠢ ᠳᠡᠮᠵᠢᠬᠦ᠎ᠳᠤ ᠬᠡᠷᠡᠭᠯᠡᠪᠡ᠃ 2024 ᠣᠨ᠎ᠳᠤ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠵᠢᠭᠦᠯᠦᠨ ᠥᠭᠬᠦ ᠪᠡᠯᠡ ᠮᠥᠩᠭᠥ ᠵᠢ 1.6263 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠡᠵᠡᠮᠳᠡᠬᠦ ᠶᠡᠷᠦᠩᠬᠡᠢ᠌ᠯᠡᠭᠰᠡᠨ ᠴᠢᠳᠠᠪᠤᠷᠢ ᠵᠢ ᠳᠡᠭᠡᠭᠰᠢᠯᠡᠭᠦᠯᠬᠦ ᠠᠵᠢᠯ᠎ᠢ ᠳᠡᠮᠵᠢᠬᠦ ᠬᠡᠪᠴᠢᠶᠡᠨ᠎ᠳᠤ ᠤᠯᠠᠮ ᠴᠢᠨᠠᠬᠰᠢᠳᠠ ᠨᠢᠭᠡ ᠠᠯᠬᠤᠮ ᠣᠷᠣᠭᠤᠯᠪᠠ᠃
    ᠪᠡᠯᠡ ᠮᠥᠩᠭᠥ ᠵᠢᠨ ᠳᠡᠮᠵᠢᠯᠭᠡ᠎ᠪᠠᠷ ᠳᠡᠮᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ ᠡᠮᠭᠡᠭ᠎ᠢ  ᠰᠡᠷᠬᠡᠢ᠌ᠯᠡᠬᠦ ᠬᠠᠮᠢᠶ᠎ᠠ ᠪᠦᠬᠦᠢ ᠠᠵᠢᠯ ᠢᠳᠡᠪᠬᠢᠲᠡᠢ ᠠᠬᠢᠴᠠ᠎ᠲᠠᠢ ᠪᠣᠯᠪᠠ᠃ 2023 ᠣᠨ᠎ᠳᠤ᠂ ᠪᠥᠬᠥ ᠣᠷᠣᠨ᠎ᠳᠤ ᠬᠠᠯᠳᠠᠪᠤᠷᠢᠲᠤ ᠡᠪᠡᠳᠴᠢᠨ᠎ᠤ ᠪᠠᠴᠢᠮ᠎ᠢ ᠠᠷᠭ᠋ᠠᠴᠠᠭ᠋ᠠᠬᠤ 117 ᠰᠠᠯᠪᠤᠷᠢ ᠲᠤᠭᠤᠢ᠌ᠯᠠᠡᠭ᠎ᠢ ᠪᠠᠢ᠌ᠭᠤᠯᠵᠤ᠂ ᠪᠥᠬᠥ ᠣᠷᠣᠨ᠎ᠤ ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠦᠨᠳᠦᠰᠦᠨ ᠱᠠᠲᠤᠨ᠎ᠤ ᠬᠠᠯᠳᠠᠪᠤᠷᠢᠲᠤ ᠡᠪᠡᠳᠴᠢᠨ᠎ᠤ ᠪᠠᠴᠢᠮ᠎ᠢ ᠠᠷᠭ᠋ᠠᠴᠠᠭ᠋ᠠᠬᠤ ᠰᠠᠯᠪᠤᠷᠢ ᠲᠤᠭᠤᠢ᠌ᠯᠠᠡᠭ᠎ᠤᠨ ᠪᠠᠢ᠌ᠭᠤᠯᠤᠯᠲᠠ ᠵᠢ ᠪᠦᠷᠬᠦᠭᠦᠯᠪᠡ᠃ ᠬᠢᠨᠠᠨ ᠬᠡᠮᠵᠢᠵᠦ ᠰᠡᠷᠡᠮᠵᠢᠯᠡᠭᠦᠯᠬᠦ ᠡᠩᠨᠡᠭᠡ ᠵᠢᠨ ᠲᠤᠰᠬᠠᠢ ᠮᠡᠷᠭᠡᠵᠢᠯ᠎ᠤᠨ ᠭᠣᠣᠯᠯᠠᠭᠴᠢ ᠬᠦᠴᠦᠨ᠎ᠢ ᠬᠥᠮᠥᠵᠢᠭᠦᠯᠬᠦ ᠪᠠ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ (ᠬᠠᠷᠠᠯᠲᠠ) ᠵᠢ ᠪᠡᠶᠡᠯᠡᠭᠦᠯᠦᠭᠰᠡᠨ ᠨᠣᠷᠮ᠎ᠠ ᠵᠢ 100%᠎ᠳᠤ ᠬᠦᠷᠪᠡ᠃ ᠲᠤᠷᠰᠢᠯᠲᠠ ᠵᠢᠨ ᠲᠠᠰᠤᠭ᠎ᠤᠨ 21 ᠵᠦᠢ᠍ᠯ᠎ᠤᠨ ᠡᠪᠡᠳᠴᠢᠨ ᠡᠭᠦᠰᠬᠡᠭᠴᠢ᠂ ᠫᠠᠷᠠᠮᠧᠲᠷ᠂ ᠲᠥᠷᠥᠯ ᠵᠦᠢ᠍ᠯ᠎ᠤᠨ ᠪᠠᠢ᠌ᠴᠠᠭ᠋ᠠᠨ ᠰᠢᠯᠭ᠋ᠠᠬᠤ ᠶᠠᠰᠤ ᠴᠢᠨᠠᠷ᠎ᠤᠨ ᠬᠢᠨᠠᠨ ᠰᠢᠯᠭ᠋ᠠᠯᠲᠠ ᠵᠢ ᠪᠡᠶᠡᠯᠡᠬᠦᠯᠦᠭᠰᠡᠨ ᠪᠠᠢ᠌ᠨ᠎ᠠ᠃ 2024 ᠣᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ ᠬᠣᠶᠠᠳᠤᠭ᠋ᠠᠷ ᠳᠡᠰ ᠪᠠ ᠲᠡᠭᠦᠨ᠎ᠠᠴᠠ ᠳᠡᠭᠡᠭᠰᠢᠬᠢ ᠡᠮᠨᠡᠯᠭᠡ ᠵᠢᠨ ᠬᠣᠷᠢᠶᠠᠨ᠎ᠤ ᠤᠯᠤᠰ᠎ᠤᠨ ᠬᠠᠯᠳᠠᠪᠤᠷᠢᠲᠤ ᠡᠪᠡᠳᠴᠢᠨ᠎ᠤ ᠣᠶᠤᠨᠴᠢ ᠬᠢᠨᠠᠨ ᠬᠡᠮᠵᠢᠯᠲᠡ ᠵᠢᠨ ᠰᠡᠷᠡᠮᠵᠢᠯᠡᠭᠦᠯᠬᠦ ᠤᠷᠢᠳᠠᠴᠢ ᠵᠥᠭᠡᠯᠡᠨ ᠲᠤᠨᠤᠭ᠎ᠤᠨ ᠪᠦᠷᠬᠦᠴᠡ ᠵᠢᠨ ᠨᠤᠷᠮ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠬᠠᠤᠯᠢ ᠬᠡᠷᠡᠭᠵᠢᠭᠦᠯᠬᠦ ᠨᠥᠬᠥᠴᠡᠯ᠎ᠢ ᠤᠯᠠᠮ ᠰᠠᠢ᠌ᠵᠢᠷᠠᠭᠤᠯᠤᠭ᠋ᠠᠳ ᠵᠢᠱ᠌ᠢᠶ᠎ᠡ ᠦᠵᠡᠭᠦᠯᠬᠦ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠵᠡᠷᠭᠡ ᠵᠢ ᠲᠡᠭᠦᠯᠳᠡᠷᠵᠢᠭᠦᠯᠬᠦ᠎ᠪᠠᠷ ᠲᠥᠯᠥᠪᠯᠡᠵᠦ ᠪᠤᠢ᠃

 




    
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠨᠥᠴᠢᠨ ᠬᠡᠦᠬᠡᠳ᠎ᠢ ᠦᠰᠬᠡᠬᠦ ᠪᠠᠲᠤᠯᠠᠭ᠎ᠠ ᠵᠢᠨ ᠪᠠᠷᠢᠮᠵᠢᠶ᠎ᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
ᠡᠳ᠋᠎ᠤᠨ ᠵᠠᠰᠠᠭ᠎ᠤᠨ ᠶᠠᠮᠤᠨ ᠮᠠᠨ᠎ᠤ ᠣᠷᠣᠨ᠎ᠳᠤ 12.5 ᠳ᠋ᠦᠩᠰᠢᠭᠤᠷ ᠲᠥᠭᠥᠷᠢᠭ ᠪᠠᠭᠤᠯᠭ᠋ᠠᠵᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠦᠯᠪᠡ
ᠥᠪᠥᠷ ᠮᠣᠩᠭᠣᠯ᠎ᠤᠨ ᠳᠥᠷᠪᠡᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠠᠷᠭ᠎ᠠ ᠪᠠ ᠦᠷ᠎ᠡ ᠪᠦᠲᠦᠮᠵᠢ ᠵᠢ ᠨᠡᠢ᠌ᠲᠡᠯᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠄ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ
ᠥᠪᠥᠷ ᠮᠣᠩᠭᠣᠯ᠎ᠤᠨ ᠥᠨᠥᠴᠢᠨ ᠬᠡᠦᠬᠡᠳ᠎ᠢ ᠦᠰᠬᠡᠬᠦ ᠪᠠᠲᠤᠯᠠᠭ᠎ᠠ ᠵᠢᠨ ᠪᠠᠷᠢᠮᠵᠢᠶ᠎ᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠷᠣᠯᠠᠭᠤᠯᠤᠭᠰᠠᠨ᠎ᠨᠢ 8.1 ᠳ᠋ᠦᠩᠰᠢᠭᠤᠷ ᠲᠥᠭᠥᠷᠢᠭ᠎ᠲᠤ ᠬᠦᠷᠪᠡ
 
            