ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠤᠷᠠᠯ 2 ᠳ᠋ᠤᠭ᠋ᠠᠷ ᠰᠠᠷ᠎ᠠ ᠵᠢᠨ 10᠎ᠤ ᠡᠳᠦᠷ᠂ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ ᠣᠢ᠌ᠯᠠᠭ᠋ᠠᠭᠰᠠᠨ ᠵᠶ᠋ᠠᠷ 2025 ᠣᠨ᠎ᠢ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 《ᠬᠡᠷᠡᠭᠯᠡᠭᠡ ᠵᠢ ᠬᠥᠭᠵᠢᠭᠡᠬᠦ ᠣᠨ》 ᠵᠶ᠋ᠠᠷ ᠲᠣᠭᠲᠠᠭ᠋ᠠᠵᠤ᠂ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ᠎ᠬᠢᠨ 5 ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠵᠦ᠂ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠬᠡᠷᠡᠭᠯᠡᠭᠡ ᠵᠢᠨ ᠲᠠᠰ ᠳᠡᠪᠰᠢᠬᠦ ᠵᠢ ᠴᠢᠷᠮᠠᠢ᠌ᠨ ᠠᠬᠢᠭᠤᠯᠬᠤ᠎ᠪᠠᠷ ᠪᠠᠢ᠌ᠨ᠎ᠠ᠃
ᠬᠦᠷᠢᠶ᠎ᠡ ᠬᠡᠪᠴᠢᠶ᠎ᠡ ᠵᠢ ᠬᠦᠴᠦᠯᠡᠨ ᠥᠷᠭᠡᠳᠬᠡᠵᠦ᠂ ᠬᠡᠷᠡᠭᠯᠡᠭᠡᠨ᠎ᠤ ᠡᠳ᠋᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠤᠨ᠎ᠠ᠃ ᠲᠣᠭ᠎ᠠ ᠪᠠᠷᠢᠮᠲᠠ᠎ᠠᠴᠠ ᠦᠵᠡᠪᠡᠯ 2024 ᠣᠨ᠎ᠳᠤ ᠥᠪᠥᠷ ᠮᠣᠩᠭᠣᠯ᠎ᠤᠨ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ᠂ ᠭᠡᠷ᠎ᠤᠨ ᠴᠢᠮᠡᠭᠯᠡᠯ ᠲᠣᠭᠣᠭ᠋ᠠᠨ ᠭᠡᠷ᠎ᠤᠨ ᠡᠷᠡᠭᠦᠯ ᠬᠠᠮᠠᠭ᠋ᠠᠯᠠᠯ ᠬᠠᠭᠤᠴᠢᠨ ᠵᠶ᠋ᠠᠷ ᠰᠢᠨ᠎ᠡ ᠵᠢ ᠰᠣᠯᠢᠵᠤ᠂ 37.3 ᠳ᠋ᠦᠩᠰᠢᠭᠤᠷ ᠲᠥᠭᠥᠷᠢᠭ᠎ᠤᠨ ᠨᠥᠬᠥᠪᠦᠷᠢ ᠮᠥᠩᠭᠥ ᠵᠢ ᠬᠠᠷᠭᠤᠭᠤᠯᠤᠨ ᠳᠠᠩᠰᠠᠨ᠎ᠠᠴᠠ ᠭᠠᠷᠭ᠋ᠠᠵᠤ᠂ ᠨᠡᠶ᠋ᠢᠲᠡ 300 ᠭᠠᠷᠤᠢ ᠳ᠋ᠦᠩᠰᠢᠭᠤᠷ ᠲᠥᠭᠥᠷᠢᠭ᠎ᠤᠨ ᠬᠡᠷᠡᠭᠯᠡᠭᠡ ᠵᠢ ᠳᠠᠶ᠋ᠢᠴᠢᠯᠠᠵᠤ᠂ ᠬᠥᠮᠥᠨ ᠳᠤᠮᠳᠠᠴᠢ ᠵᠢᠨ ᠬᠡᠷᠡᠭᠯᠡᠭᠡ 1250 ᠲᠥᠭᠥᠷᠢᠭ᠎ᠲᠤ ᠬᠦᠷᠴᠦ᠂ ᠠᠰᠢᠭ ᠬᠦᠷᠳᠡᠭᠰᠡᠨ ᠣᠯᠠᠨ ᠲᠦᠮᠡᠨ᠎ᠳᠤ ᠵᠠᠭᠤᠨ ᠲᠦᠮᠨ ᠵᠢ ᠳᠠᠪᠠᠭᠰᠠᠨ ᠪᠠᠢ᠌ᠨ᠎ᠠ᠃ 2025 ᠣᠨ᠎ᠳᠤ ᠥᠪᠥᠷ ᠮᠣᠩᠭᠣᠯ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢ ᠰᠠᠢ᠌ᠲᠤᠷ ᠬᠡᠷᠡᠭᠵᠢᠭᠦᠯᠵᠦ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠭᠡᠷ᠎ᠤᠨ ᠬᠡᠷᠡᠭᠰᠡᠯ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠥᠷᠥᠯ᠎ᠤᠨ ᠦᠢ᠍ᠯᠡᠳᠬᠦᠨ᠎ᠳᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠬᠡᠪᠴᠢᠶ᠎ᠡ ᠵᠢ ᠥᠷᠭᠡᠳᠬᠡᠵᠦ᠂ ᠭᠠᠷ ᠤᠲᠠᠰᠤ᠂ ᠭᠠᠷ ᠺᠣᠮᠫᠢᠦ᠋ᠲ᠋ᠧᠷ᠂ ᠣᠶᠤᠨᠲᠤ ᠪᠠᠭᠤᠪᠴᠢ ᠤᠳᠠᠰᠤ ᠵᠡᠷᠭᠡ ᠵᠢ ᠳᠡᠮᠵᠢᠬᠦ ᠬᠡᠪᠴᠢᠶᠡᠨ᠎ᠳᠤ ᠣᠷᠣᠭᠤᠯᠵᠤ᠂ ᠨᠥᠬᠥᠪᠦᠷᠢ ᠥᠭᠬᠦ ᠶᠠᠪᠤᠴᠠ ᠵᠢ ᠰᠢᠯᠢᠳᠡᠭᠵᠢᠭᠦᠯᠦᠨ᠂ ᠨᠠᠩ ᠣᠯᠠᠨ ᠬᠡᠷᠡᠭᠯᠡᠭᠴᠢᠳ᠎ᠲᠤ ᠠᠰᠢᠭ ᠬᠦᠷᠲᠡᠭᠡᠨ᠎ᠡ᠃
ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠪᠡ᠃ 《ᠠᠮᠢᠵᠢᠷᠠᠯ᠎ᠤᠨ ᠬᠦᠴᠦᠨ᠎ᠲᠠᠢ ᠥᠪᠥᠷ ᠮᠣᠩᠭᠣᠯ · ᠬᠡᠷᠡᠭᠯᠡᠭᠡ ᠵᠢ ᠡᠳ᠋ᠯᠡᠬᠦ》᠎ᠪᠠᠷ ᠭᠣᠣᠯ ᠰᠡᠳᠦᠪ ᠪᠣᠯᠭ᠋ᠠᠵᠤ᠂ ᠭᠣᠣᠯᠳᠠᠯᠭ᠎ᠠ᠎ᠲᠠᠢ ᠴᠠᠭ ᠬᠤᠭᠤᠴᠠᠭ᠎ᠠ ᠵᠢ ᠲᠣᠪᠤᠢ᠌ᠯᠭ᠋ᠠᠨ᠂ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠲᠠᠢ ᠬᠣᠯᠪᠤᠭ᠋ᠠᠯᠠᠨ ᠬᠥᠳᠡᠯᠦᠯᠴᠡᠵᠦ᠂ ᠣᠯᠠᠨ ᠬᠡᠯᠪᠡᠷᠢ ᠪᠦᠬᠦᠢ᠂ ᠠᠷᠠᠳ ᠣᠯᠠᠨ᠎ᠤ ᠦᠵᠡᠵᠦ ᠰᠣᠨᠢᠷᠬᠠᠬᠤ ᠳᠤᠷᠠᠲᠠᠢ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠢ᠌ᠮᠠᠭ ᠬᠣᠲᠠ ᠵᠢ ᠵᠢᠯᠣᠭᠣᠳᠤᠨ 《ᠬᠦᠬᠡᠬᠤᠳᠠ᠎ᠠᠴᠠ ᠬᠠᠷᠠᠭ᠋ᠠᠯᠵᠠᠯ᠎ᠲᠠᠢ ᠬᠤᠳᠠᠯᠳᠤᠨ ᠠᠪᠬᠤ》 《ᠪᠤᠭᠤᠳᠤ᠎ᠠᠴᠠ ᠬᠠᠷᠠᠭ᠋ᠠᠯᠵᠠᠯ᠎ᠲᠠᠢ ᠬᠤᠳᠠᠯᠳᠤᠨ ᠠᠪᠬᠤ》 《ᠤᠷᠳᠤᠰ ᠬᠤᠳᠠ ᠵᠢᠨ᠎ᠬᠢᠨ ᠬᠠᠷᠠᠭ᠋ᠠᠯᠵᠠᠯᠠᠯ᠎ᠳᠤ ᠪᠤᠷᠤᠯᠠᠭᠤᠯᠭ᠎ᠠ》 ᠵᠡᠷᠭᠡ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠪᠣᠶ ᠪᠣᠯᠭ᠋ᠠᠵᠤ᠂ ᠪᠥᠬᠥ ᠵᠢᠯ᠎ᠤᠨ ᠡᠯ᠎ᠡ ᠲᠥᠷᠥᠯ᠎ᠤᠨ ᠬᠡᠷᠡᠭᠯᠡᠭᠡ ᠵᠢ ᠠᠬᠢᠭᠤᠯᠬᠤ ᠠᠵᠢᠯᠯᠠᠭ᠎ᠠ᠎ᠪᠠᠷ ᠬᠡᠷᠡᠭᠯᠡᠭᠡ ᠵᠢ 500 ᠳ᠋ᠦᠩᠰᠢᠭᠤᠷ ᠲᠥᠭᠥᠷᠢᠭ᠎ᠠᠴᠠ ᠳᠡᠭᠡᠭᠰᠢ ᠳᠠᠢ᠌ᠴᠢᠯᠠᠬᠤ᠎ᠪᠠᠷ ᠴᠢᠷᠮᠠᠢ᠌ᠨ᠎ᠠ᠃
ᠰᠢᠨ᠎ᠡ ᠬᠡᠯᠪᠡᠷᠢ ᠵᠢᠨ ᠬᠡᠷᠡᠭᠯᠡᠭᠡ ᠵᠢ ᠲᠦᠷᠭᠡᠨ ᠪᠣᠢ᠌ᠵᠢᠭᠤᠯᠤᠨ᠎ᠠ᠃ ᠠᠩᠬ᠎ᠠ ᠲᠠᠷᠬᠠᠭ᠋ᠠᠬᠤ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ ᠠᠩᠬ᠎ᠠ ᠲᠠᠷᠬᠠᠭ᠋ᠠᠬᠤ ᠪᠠ ᠠᠩᠬᠠᠨ᠎ᠤ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠬᠦ ᠵᠢ ᠳᠡᠮᠵᠢᠵᠦ᠂ ᠥᠨᠳᠥᠷ ᠡᠨᠧᠷᠭᠢ ᠵᠢᠨ ᠲᠠᠰ᠎ᠤᠨ ᠣᠨᠴᠠᠯᠢᠭᠲᠤ ᠠᠩᠬᠠᠨ᠎ᠤ ᠳᠡᠯᠭᠡᠭᠦᠷ ᠨᠡᠭᠡᠭᠡᠨ᠎ᠡ᠃ ᠰᠦᠯᠵᠢᠶᠡᠨ᠎ᠤ ᠬᠡᠷᠡᠭᠯᠡᠭᠡ ᠵᠢ ᠦᠷᠭᠦᠯᠵᠢᠯᠡᠨ ᠠᠬᠢᠭᠤᠯᠵᠤ᠂ ᠳᠠᠪᠠᠭᠤᠯᠢᠭ ᠠᠵᠤ ᠦᠢ᠍ᠯᠡᠰ᠂ ᠣᠨᠴᠠᠯᠢᠭᠲᠤ ᠪᠦᠲᠦᠭᠡᠭᠳᠡᠬᠦᠨ᠎ᠢ ᠡᠯᠸᠺᠲᠷᠤᠨᠴᠢᠯᠠᠨ ᠥᠭᠡᠷᠡᠴᠢᠯᠡᠬᠦ ᠠᠵᠢᠯᠯᠠᠭ᠎ᠠ ᠵᠢ ᠬᠡᠷᠡᠭᠵᠢᠭᠦᠯᠦᠨ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠰᠢᠭ ᠰᠢᠮ᠎ᠡ ᠵᠢᠨ ᠴᠢᠨᠠᠷᠵᠢᠭᠤᠨ ᠪᠦᠲᠦᠭᠡᠭᠳᠡᠬᠦᠨ᠎ᠤ ᠥᠷᠲᠡᠭ᠎ᠢ ᠭᠦᠨ ᠠᠭᠤᠳᠠᠯᠵᠤ᠂ 《ᠰᠦᠯᠵᠢᠶᠡᠨ ᠳᠡᠭᠡᠷᠡᠬᠢ ᠵᠢᠯ᠎ᠤᠨ ᠪᠠᠷᠠᠭ᠎ᠠ ᠬᠤᠳᠠᠯᠳᠤᠨ ᠠᠪᠬᠤ ᠡᠳᠤᠷ》 《ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠡᠳᠤᠷ》 ᠵᠡᠷᠭᠡ ᠰᠦᠯᠵᠢᠶᠡᠨ ᠳᠡᠭᠡᠷᠡᠬᠢ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ 100 ᠲᠠᠯᠠᠪᠠᠶ᠎ᠠᠴᠠ ᠳᠡᠭᠡᠭᠰᠢ ᠵᠣᠬᠢᠶᠠᠨ ᠪᠠᠢ᠌ᠭᠤᠯᠤᠨ ᠡᠷᠭᠢᠯᠡᠨ᠎ᠡ᠃ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠋ᠠᠨ᠎ᠤ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠰᠦᠯᠵᠢᠶᠡᠨ᠎ᠤ ᠤᠳᠤ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠬᠥᠮᠥᠵᠢᠭᠦᠯᠦᠨ᠂ ᠠᠵᠤ ᠠᠬᠤᠢ᠌ᠯᠠᠯ᠎ᠢ ᠵᠢᠯᠤᠭᠣᠳᠴᠤ ᠪᠠᠢ᠌ᠭ᠋ᠠᠳ ᠥᠪᠡᠷᠲᠡᠭᠡᠨ ᠡᠵᠡᠩᠨᠡᠵᠦ ᠰᠢᠭᠤᠳ ᠨᠡᠪᠲᠡᠷᠡᠭᠦᠯᠬᠦ᠎ᠪᠠᠷ ᠲᠠᠡᠭᠰᠠᠯᠠᠭᠤᠯᠵᠤ᠂ ᠰᠦᠯᠵᠢᠶᠡᠨ᠎ᠤ ᠤᠳᠤ ᠵᠢᠨ ᠡᠬᠢ ᠪᠠᠶᠠᠯᠢᠭ᠎ᠢ ᠰᠠᠢ᠌ᠲᠤᠷ ᠬᠡᠷᠡᠭᠯᠡᠨ ᠥᠪᠥᠷ ᠮᠣᠩᠭᠣᠯ᠎ᠤᠨ ᠡᠬᠢ ᠰᠤᠷᠪᠤᠯᠵᠢ ᠵᠢ ᠡᠷᠢᠵᠦ᠂ ᠪᠥᠬᠥ ᠵᠢᠯ᠎ᠤᠨ ᠰᠢᠭᠤᠳ ᠨᠡᠪᠲᠡᠷᠡᠭᠦᠯᠬᠦ ᠪᠠᠷᠠᠭ᠋ᠠᠨ᠎ᠤ ᠶᠡᠷᠦᠩᠬᠡᠢ ᠬᠡᠮᠵᠢᠶ᠎ᠡ ᠵᠢ 130 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃
ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠲᠦᠷᠭᠡᠨ ᠪᠠᠢ᠌ᠭᠤᠯᠤᠨ᠎ᠠ᠃ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ᠎ᠢ ᠦᠷᠭᠦᠯᠵᠢᠯᠡᠨ ᠠᠬᠢᠭᠤᠯᠵᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠬᠤ 《ᠳᠠᠭ᠋ᠠᠭᠤᠯᠤᠭᠴᠢ》 ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠢ ᠨᠡᠭᠡᠭᠡᠬᠦ ᠠᠵᠢᠯ᠎ᠢ ᠠᠬᠢᠭᠤᠯᠵᠤ᠂ 《ᠭᠠᠳᠠᠭ᠋ᠠᠳᠤ ᠠᠷᠠᠯᠵᠢᠶᠠᠨ᠎ᠤ ᠰᠢᠯᠢᠳᠡᠭ ᠪᠦᠲᠦᠭᠡᠭᠳᠡᠬᠦᠨ᠎ᠤ ᠳᠤᠮᠳᠠᠳᠤ ᠵᠢᠨ ᠪᠠᠩᠬᠢ》 ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠠᠳᠠᠭ᠋ᠠᠳᠤ᠎ᠳᠤ ᠭᠠᠷᠭ᠋ᠠᠬᠤ ᠵᠢ ᠳᠣᠲᠣᠭ᠋ᠠᠳᠤ᠎ᠳᠤ᠎ᠪᠠᠨ ᠪᠣᠷᠣᠯᠠᠭᠤᠯᠬᠤ ᠲᠠᠪᠴᠠᠩ᠎ᠢ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠠᠬᠢᠭᠤᠯᠵᠤ᠂ ᠠᠷᠠᠯᠵᠢᠶ᠎ᠠ ᠬᠤᠳᠠᠯᠳᠤᠭ᠋ᠠᠨ᠎ᠤ ᠬᠦᠷᠢᠶ᠎ᠡ ᠴᠠᠷᠠᠭ᠎ᠠ᠎ᠳᠤ᠎ᠬᠢ ᠢᠲᠡᠭᠡᠮᠵᠢ᠂ ᠪᠠᠷᠢᠮᠵᠢᠶ᠎ᠠ ᠵᠢᠨ ᠰᠢᠰᠲᠸᠮ᠎ᠢ ᠲᠡᠭᠦᠯᠳᠡᠷᠵᠢᠭᠦᠯᠦᠨ᠂ ᠤᠯᠤᠰ᠎ᠤᠨ ᠲᠠᠰ᠎ᠤᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠪᠠᠷᠢᠮᠵᠢᠶᠠᠵᠢᠭᠤᠯᠬᠤ᠎ᠪᠠᠷ ᠴᠢᠷᠮᠠᠢ᠌ᠨ᠎ᠠ᠃
ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠤᠤᠷᠵᠢᠯ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠥᠬᠡᠬᠣᠲᠠ ᠵᠢᠨ ᠪᠥᠬᠥ ᠤᠯᠤᠰ᠎ᠤᠨ ᠣᠲᠣ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠤᠷᠰᠢᠯᠲᠠ ᠵᠢᠨ ᠴᠡᠭ ᠵᠶ᠋ᠡᠷ ᠨᠡᠷ᠎ᠡ ᠮᠡᠳᠡᠬᠦᠯᠬᠦ ᠵᠢ ᠲᠡᠮᠵᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠰᠢᠨ᠎ᠡ ᠵᠢ ᠡᠬᠦᠳᠬᠦ ᠲᠤᠷᠰᠢᠯᠳᠠ ᠵᠢᠨ ᠴᠡᠭ᠎ᠢ ᠪᠤᠢ᠌ᠵᠢᠭᠤᠯᠤᠨ᠎ᠠ᠃ ᠨᠥᠬᠥᠴᠡᠯ ᠪᠦᠬᠦᠢ ᠠᠢ᠌ᠮᠠᠭ ᠬᠣᠲᠠ ᠵᠢᠨ᠎ᠬᠢᠨ ᠪᠥᠬᠥ ᠤᠯᠤᠰ᠎ᠤᠨ ᠭᠠᠷ ᠳᠠᠮᠵᠢᠭᠰᠠᠨ ᠲᠠᠸᠠᠷ᠎ᠤᠨ ᠭᠦᠢ᠍ᠯᠭᠡᠭᠡᠨ᠎ᠤ ᠲᠤᠷᠰᠢᠯᠲᠠ ᠵᠢᠨ ᠴᠡᠭ ᠵᠶ᠋ᠡᠷ ᠮᠡᠳᠡᠭᠦᠯᠬᠦ ᠠᠵᠢᠯ ᠥᠷᠨᠢᠭᠦᠯᠬᠦ ᠵᠢ ᠳᠡᠮᠵᠢᠨ᠎ᠡ᠃ ᠡᠯ᠎ᠡ ᠠᠢ᠌ᠮᠠᠭ ᠬᠣᠲᠠ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠣᠨᠴᠠᠯᠢᠭᠲᠤ ᠠᠩᠬᠠᠷᠤᠯ ᠵᠶ᠋ᠠᠨ ᠲᠥᠪᠯᠡᠷᠡᠭᠦᠯᠦᠨ᠂ 《ᠲᠦᠮᠡᠨ ᠳᠡᠯᠭᠡᠭᠦᠷ》᠎ᠤᠨ ᠥᠭᠡᠷᠡᠴᠢᠯᠡᠯᠲᠡ ᠵᠢᠨ ᠠᠯᠬᠤᠴᠠ ᠵᠢ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ 2025 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢᠨ 《ᠲᠤᠷᠰᠢᠯᠲᠠ ᠵᠢᠨ ᠰᠢᠶᠠᠨ》᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠬᠤᠳᠠ ᠵᠢᠨ ᠬᠤᠳᠠᠯᠳᠤᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠠᠷᠠᠳ᠎ᠲᠤ ᠨᠢᠭᠡ ᠮᠥᠴᠡ ᠵᠢᠨ ᠲᠤᠳᠤᠷ᠎ᠠ ᠲᠦᠬᠦᠮ ᠦᠵᠡᠭᠦᠯᠬᠦ ᠠᠮᠢᠳᠤᠷᠠᠯ᠎ᠤᠨ ᠬᠦᠷᠢᠶᠡᠨ᠎ᠤ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠥᠷᠨᠢᠭᠦᠯᠦᠨ᠎ᠡ᠃ ᠬᠠᠭᠤᠴᠢᠨ ᠨᠠᠷᠠᠲᠤ ᠲᠡᠮᠳᠡᠭᠲᠦ ᠵᠢᠨ 《ᠣᠷᠣᠭᠤᠯᠬᠤ ᠪᠠ ᠭᠠᠷᠭ᠋ᠠᠬᠤ ᠵᠢ᠎ᠨᠢ ᠭᠠᠷᠭ᠋ᠠᠬᠤ》 ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ 《ᠬᠠᠭᠤᠴᠢᠨ ᠨᠠᠷᠠᠲᠤ ᠲᠡᠮᠳᠡᠭᠲᠦ ᠵᠢᠨ ᠤᠢ》 ᠵᠢ ᠡᠷᠭᠢᠯᠡᠨ᠂ ᠮᠠᠨ᠎ᠤ ᠤᠯᠤᠰ᠎ᠤᠨ 《 ᠴᠠᠭ᠎ᠤᠨ ᠦᠡᠭᠭᠡ ᠵᠢ ᠲᠠᠭ᠋ᠠᠬᠰᠠᠨ ᠪᠠᠷᠠᠭ᠎ᠠ》 ᠵᠢᠨ ᠬᠡᠷᠡᠭᠯᠡᠭᠡᠨ᠎ᠤ ᠬᠠᠯᠠᠮᠰᠢᠯ᠎ᠢ ᠦᠷᠭᠦᠯᠵᠢᠯᠡᠨ ᠪᠣᠢ᠌ᠵᠢᠭᠤᠯᠤᠨ᠎ᠠ᠃