ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ᠎ᠬᠢᠨ 《ᠲᠤᠳᠤᠨᠤ ᠰᠠᠨᠠᠭᠤᠯᠤᠮᠵᠢ ᠵᠢᠨ ᠺᠠᠷᠲ》᠎ᠢ ᠤᠯᠠᠷᠢᠯ ᠤᠯᠠᠷᠢᠯ ᠵᠶ᠋ᠠᠷ ᠲᠠᠷᠬᠠᠭ᠋ᠠᠵᠤ᠂ ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ ᠣᠢ᠌ᠯᠠᠭ᠋ᠠᠭᠳᠠᠬᠤᠨ᠎ᠢ ᠨᠠᠢ᠌ᠳᠠᠪᠤᠷᠢᠵᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2025-02-14

    ᠰᠢ ᠵᠢᠨ ᠫᠢᠩ ᠶᠡᠷᠦᠩᠬᠡᠢ ᠱᠦᠵᠢ ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠠᠷᠠᠳ᠎ᠤᠨ ᠰᠡᠳᠬᠢᠯ᠎ᠲᠠᠢ ᠬᠣᠯᠪᠣᠭᠳᠠᠵᠤ ᠪᠠᠢ᠌ᠳᠠᠭ᠂ ᠠᠷᠠᠳ᠎ᠤᠨ ᠰᠡᠳᠬᠢᠯ ᠪᠣᠯ ᠬᠠᠮᠤᠭ᠎ᠤᠨ ᠶᠡᠬᠡ ᠤᠯᠤᠰ ᠲᠥᠷᠥ ᠮᠥᠨ ᠭᠡᠳᠡᠭ᠎ᠢ ᠴᠢᠬᠤᠯᠠᠴᠢᠯᠠᠨ ᠵᠢᠭ᠋ᠠᠪᠤᠷᠢᠯᠠᠭ᠋ᠠᠳ ᠬᠦᠴᠢᠷᠳᠡᠯᠲᠡᠢ ᠣᠯᠠᠨ ᠲᠦᠮᠡᠨ᠎ᠢ ᠣᠨᠴᠠᠭ᠋ᠠᠶ ᠬᠠᠯᠠᠮᠵᠢᠯᠠᠬᠤ ᠵᠢ ᠱᠠᠭ᠋ᠠᠷᠳᠠᠳᠠᠭ ᠶᠤᠮ᠃ ᠡᠲᠡᠭᠡᠷ ᠴᠢᠬᠤᠯᠠ ᠥᠭᠦᠯᠡᠯᠲᠡ ᠵᠢ ᠪᠣᠳᠠᠲᠠᠢ ᠠᠵᠢᠯ᠎ᠤᠨ ᠭᠣᠭᠴᠣᠭ᠎ᠠ᠎ᠳᠤ ᠬᠡᠷᠬᠢᠨ ᠨᠠᠢ᠌ᠳᠠᠪᠤᠷᠢᠵᠢᠭᠤᠯᠬᠤ ᠪᠣᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠢᠯᠠᠩᠭᠤᠶ᠎ᠠ ᠡᠮᠦᠨ᠎ᠡ ᠹᠷᠣᠨᠲ᠎ᠤᠨ ᠠᠵᠢᠯᠲᠠᠳ᠎ᠤᠨ ᠡᠷᠬᠡᠪᠰᠢ ᠬᠠᠷᠢᠭᠤᠯᠬᠤ ᠬᠡᠷᠡᠭᠲᠡᠢ ᠠᠰᠠᠭᠤᠳᠠᠯ ᠪᠣᠯᠣᠨ᠎ᠠ᠃ ᠡᠯ᠎ᠡ ᠭᠠᠵᠠᠷ᠎ᠤᠨ᠎ᠬᠢᠨ ᠣᠯᠠᠨ ᠵᠢᠯ᠎ᠤᠨ ᠲᠤᠷᠰᠢ  ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠵᠡᠷᠭᠡ ᠠᠵᠢᠯ᠎ᠤᠨ ᠳᠤᠮᠳᠠ ᠲᠤᠰᠠᠯᠠᠬᠤ ᠪᠡᠯᠡ ᠮᠥᠩᠭᠥ ᠵᠢ ᠶᠡᠷᠦ᠎ᠳᠤ᠎ᠪᠠᠨ ᠺᠠᠷᠲ ᠵᠶ᠋ᠠᠷ ᠣᠯᠭᠣᠬᠤ ᠠᠷᠭ᠎ᠠ ᠵᠢ ᠬᠡᠷᠡᠭᠯᠡᠬᠡᠳ ᠠᠷᠠᠳ᠎ᠤᠨ ᠶᠠᠪᠤᠳᠠᠯ᠎ᠤᠨ ᠠᠵᠢᠯᠲᠠᠨ ᠪᠣᠯᠣᠨ ᠦᠢ᠍ᠯᠡᠴᠢᠯᠡᠬᠡ ᠬᠦᠷᠳᠡᠭᠰᠡᠳ᠎ᠤᠨ ᠠᠭᠤᠯᠵᠠᠬᠤ᠎ᠨᠢ ᠴᠦᠬᠡᠷᠡᠵᠤ 《ᠲᠠᠷᠤᠪᠴᠢ》᠎ᠪᠠᠷ 《ᠠᠭᠤᠯᠵᠠᠯᠳᠠ  》 ᠵᠢ ᠣᠷᠣᠯᠠᠭᠤᠯᠬᠤ ᠠᠰᠠᠭᠤᠳᠠᠯ ᠣᠷᠣᠰᠢᠵᠤ ᠪᠠᠢ᠌ᠨ᠎ᠠ᠃ ᠡᠨᠡ ᠬᠦ᠌ ᠠᠰᠠᠭᠤᠳᠠᠯ᠎ᠳᠤ ᠴᠢᠭᠯᠡᠭᠦᠯᠦᠨ 2024 ᠣᠨ᠎ᠤ 1 ᠳ᠋ᠤᠬᠡᠷ ᠰᠠᠷ᠎ᠠ᠎ᠠᠴᠠ ᠨᠠᠭ᠋ᠠᠰᠢ ᠬᠦᠢ᠍ᠵᠸᠤ ᠵᠢᠨ ᠵᠤᠸᠠᠡᠭ ᠦᠨᠳᠤᠰᠤᠳᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠬᠡᠪᠴᠢᠶᠡᠨ᠎ᠳᠤ ᠤᠯᠠᠷᠢᠯ ᠪᠦᠷᠢ᠎ᠳᠤ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠲᠦᠷ ᠴᠠᠭ᠎ᠤᠨ  ᠲᠤᠰᠠᠯᠠᠮᠵᠢ ᠬᠦᠷᠳᠡᠭᠰᠡᠳ ᠵᠡᠷᠭᠡ ᠬᠥᠮᠥᠰ᠎ᠲᠤ ᠳᠣᠲᠣᠨᠣ ᠰᠠᠨᠠᠭᠤᠯᠤᠮᠵᠢ ᠵᠢᠨ ᠺᠠᠷᠲ ᠲᠠᠷᠬᠠᠭ᠋ᠠᠭᠰᠠᠨ ᠪᠠᠢ᠌ᠨ᠎ᠠ᠃ ᠢᠩᠭᠢᠵᠦ ᠬᠢᠬᠦ᠎ᠨᠢ ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ ᠣᠢ᠌ᠯᠠᠭ᠋ᠠᠭᠳᠠᠬᠤᠨ᠎ᠢ ᠨᠠᠷᠢᠨ ᠨᠠᠢ᠌ᠳᠠᠪᠤᠷᠢᠵᠢᠭᠤᠯᠬᠤ᠎ᠳᠤ ᠠᠰᠢᠭᠲᠠᠢ ᠪᠥᠭᠡᠳ ᠣᠯᠠᠨ ᠵᠦᠢ᠍ᠯ᠎ᠤᠨ ᠦᠨ᠎ᠡ ᠥᠷᠲᠡᠭ᠎ᠢ ᠠᠬᠤᠭᠤᠯᠵᠤ ᠪᠠᠢ᠌ᠭ᠎ᠠ ᠶᠤᠮ᠃
    ᠦᠢ᠍ᠯᠡᠴᠢᠯᠡᠬᠡ ᠬᠦᠷᠳᠡᠭᠰᠡᠳ᠎ᠤᠨ ᠲᠠᠯ᠎ᠠ᠎ᠠᠴᠠ ᠠᠪᠴᠤ ᠦᠵᠡᠪᠡᠯ ᠲᠦᠷᠦ ᠵᠢᠨ ᠪᠣᠳᠣᠯᠭ᠎ᠠ ᠵᠢ ᠣᠢ᠌ᠯᠠᠭ᠋ᠠᠬᠤ ᠨᠤᠷᠮ᠎ᠠ ᠵᠢ ᠳᠡᠭᠡᠭᠰᠢᠯᠡᠭᠦᠯᠵᠦ ᠪᠣᠯᠬᠤ ᠪᠥᠭᠡᠳ ᠨᠠᠮ ᠪᠠ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠵᠢ ᠨᠡᠩ ᠰᠢᠭᠤᠳ ᠣᠢ᠌ᠯᠠᠭ᠋ᠠᠵᠤ ᠪᠣᠯᠬᠤ ᠶᠤᠮ᠃ ᠳᠣᠲᠣᠨᠣ ᠰᠠᠨᠠᠭᠤᠯᠤᠮᠵᠢ ᠵᠢᠨ ᠺᠠᠷᠲ᠎ᠢ ᠠᠵᠢᠯᠲᠠᠳ ᠨᠢᠭᠤᠷᠲᠠᠨ ᠲᠠᠷᠬᠠᠭ᠋ᠠᠵᠤ᠂ ᠬᠣᠯᠪᠣᠭᠳᠠᠯ ᠪᠦᠬᠦᠢ ᠠᠭᠤᠯᠭ᠎ᠠ ᠵᠢ ᠨᠢᠭᠤᠷᠲᠠᠨ ᠲᠠᠢ᠌ᠯᠪᠤᠷᠢᠯᠠᠳᠠᠭ᠎ᠠᠴᠠ ᠬᠦᠴᠢᠷᠳᠡᠯ᠎ᠲᠠᠢ ᠤᠯᠠᠨ ᠲᠦᠮᠡᠨ᠎ᠳᠤ ᠨᠠᠮ ᠵᠠᠰᠠᠭ᠎ᠤᠨ ᠨᠢᠳᠤᠨ᠎ᠳᠤ ᠦᠷᠳᠤᠵᠤ ᠪᠠᠢ᠌ᠭ᠎ᠠ᠂ ᠬᠦᠨᠳᠤᠳᠬᠡᠭᠳᠡᠵᠤ ᠪᠠᠢ᠌ᠭ᠎ᠠ ᠬᠠᠯᠠᠮᠵᠢᠯᠠᠬᠳᠠᠵᠤ ᠪᠠᠢ᠌ᠭ᠎ᠠ ᠵᠢ ᠦᠨᠡᠨ ᠬᠦ᠌ ᠮᠡᠳᠡᠷᠡᠭᠦᠯᠵᠦ᠂ ᠨᠠᠮ ᠪᠠ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠵᠢ ᠦᠨᠡᠨ ᠬᠦ᠌  ᠮᠡᠳᠡᠷᠡᠬᠦᠯᠬᠦ ᠪᠢᠯᠨ᠃ ᠡᠨᠡ᠎ᠨᠢ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠡᠷᠴᠢᠮ᠎ᠢ ᠬᠠᠷᠠᠭᠤᠯᠵᠤ ᠪᠠᠢ᠌ᠬᠤ᠎ᠪᠠᠷ ᠪᠠᠷᠠᠬᠤ ᠦᠭᠡᠢ ᠮᠥᠨ ᠬᠠᠯᠠᠭᠤᠨ ᠳᠤᠯᠠᠭ᠋ᠠᠨ᠎ᠢ ᠬᠠᠷᠠᠭᠤᠯᠵᠤ ᠪᠠᠢ᠌ᠨ᠎ᠠ᠃ ᠬᠦᠴᠢᠷᠳᠡᠯ᠎ᠲᠠᠢ ᠣᠯᠠᠨ ᠲᠦᠮᠡᠨ ᠺᠠᠷᠲ ᠳᠡᠭᠡᠷ᠎ᠡ ᠲᠡᠮᠳᠡᠭᠯᠡᠭᠰᠡᠨ ᠮᠡᠳᠡᠭᠡ ᠵᠠᠩᠭᠢ᠎ᠪᠠᠷ ᠳᠡᠮᠵᠢᠨ ᠪᠠᠰᠠ ᠲᠤᠰᠠᠯᠠᠮᠵᠢ ᠵᠢᠨ ᠪᠡᠯᠡ ᠮᠥᠩᠭᠥᠨ᠎ᠤ ᠲᠣᠭ᠎ᠠ᠂ ᠪᠡᠯᠡ ᠮᠥᠩᠭᠥ ᠰᠢᠯᠵᠢᠭᠦᠯᠦᠨ ᠥᠭᠬᠦ ᠠᠷᠭ᠎ᠠ ᠵᠠᠮ᠎ᠢ ᠲᠣᠳᠣᠷᠬᠠᠢ ᠣᠢ᠌ᠯᠠᠭ᠋ᠠᠵᠤ ᠪᠣᠯᠣᠨ᠎ᠠ᠂ ᠡᠭᠦᠨ᠎ᠤ ᠬᠠᠮᠲᠤ ᠬᠣᠲᠠ᠂  ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠭᠤᠷᠪᠠᠨ ᠱᠠᠲᠤᠨ᠎ᠤ ᠦᠢ᠍ᠯᠡᠴᠢᠯᠡᠭᠡᠨ᠎ᠤ  ᠪᠠᠢ᠌ᠡᠭᠭᠤ ᠵᠢᠨ ᠤᠲᠠᠰᠤ ᠪᠠ 《12345 + 6》 ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠰᠬᠠᠢ ᠤᠳᠠᠰᠤ 《  ᠬᠦᠢ᠍ᠵᠸᠤ ᠵᠢᠨ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠮᠵᠢ ᠭᠤᠶᠤᠴᠢᠯᠠᠬᠤ》  ᠮᠡᠷᠬᠡᠨ ᠴᠤᠬᠤᠷ᠎ᠢ ᠤᠯᠵᠤ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠵᠠᠷᠤᠯᠭ᠎ᠠ ᠵᠢᠨ ᠬᠡᠯᠪᠡᠷᠢ ᠵᠢᠨ ᠬᠦᠴᠢᠷᠳᠡᠯ᠂ ᠲᠦᠷ ᠴᠠᠭ᠎ᠤᠨ ᠲᠤᠰᠠᠯᠠᠮᠵᠢ ᠵᠡᠷᠭᠡ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠠ ᠰᠦᠯᠵᠢᠶᠡᠨ ᠳᠡᠭᠡᠷ᠎ᠡ ᠳᠠᠩᠰᠠᠯᠠᠭᠤᠯᠵᠤ ᠲᠤᠰᠠᠯᠠᠮᠵᠢ ᠭᠤᠶᠤᠴᠢᠯᠠᠬᠤ ᠵᠡᠷᠭᠡ ᠴᠢᠳᠠᠮᠵᠢ ᠵᠢ ᠰᠢᠭᠤᠳ ᠤᠩᠰᠢᠵᠤ᠂ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠵᠢ ᠳᠡᠭᠡᠭᠰᠢᠯᠡᠭᠦᠯᠪᠡ᠃
     ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷ᠎ᠤᠨ ᠬᠤᠪᠢ᠎ᠠᠴᠠ ᠦᠵᠡᠪᠡᠯ᠂ ᠺᠠᠳ᠋ᠷ ᠣᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠵᠤ᠂ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠠᠬᠢᠭᠤᠯᠪᠠ᠃ ᠰᠤᠮᠤ ᠰᠢᠶᠠᠩ ᠪᠠᠯᠭ᠋ᠠᠰᠤᠨ᠎ᠤ ᠠᠵᠢᠯᠲᠠᠳ ᠲᠣᠰᠬᠣᠨ᠎ᠤ ᠠᠷᠠᠳ᠎ᠤᠨ ᠵᠥᠪᠯᠡᠯ᠎ᠤᠨ ᠺᠠᠳ᠋ᠷ᠂ ᠲᠣᠰᠬᠣᠨ᠎ᠳᠤ ᠰᠠᠭᠤᠭ᠎ᠠ ᠠᠵᠢᠯᠲᠠᠨ᠂ ᠰᠦᠯᠵᠢᠶᠡᠨ᠎ᠤ ᠠᠵᠢᠯᠲᠠᠨ ᠵᠡᠷᠭᠡ ᠵᠢ ᠵᠣᠬᠢᠶᠠᠨ ᠪᠠᠢ᠌ᠭᠤᠯᠵᠤ ᠳᠣᠲᠣᠨᠣ ᠰᠠᠨᠠᠭᠤᠯᠤᠮᠵᠢ ᠵᠢᠨ ᠺᠠᠷᠲ ᠣᠯᠭᠣᠨ᠎ᠠ᠃ ᠬᠠᠮᠢᠶ᠎ᠠ ᠪᠦᠬᠦᠢ ᠬᠥᠮᠥᠰ 《ᠨᠢᠭᠡ ᠡᠷᠦᠬᠡ᠎ᠳᠤ ᠨᠢᠭᠡ ᠺᠠᠷᠲ》᠎ᠤᠨ ᠶᠣᠰᠣᠭ᠋ᠠᠷ ᠬᠦᠴᠢᠷᠳᠡᠯᠲᠡᠢ ᠣᠯᠠᠨ ᠲᠦᠮᠡᠨ᠎ᠤ ᠨᠡᠷ᠎ᠡ᠂  ᠲᠤᠰᠠᠯᠠᠮᠵᠢ ᠵᠢᠨ ᠲᠥᠷᠥᠯ᠂ ᠡᠬᠢᠯᠡᠵᠦ ᠭᠥᠷᠳᠡᠬᠦ ᠴᠠᠭ ᠬᠤᠭᠤᠴᠠᠭ᠎ᠠ ᠪᠠ ᠨᠥᠬᠥᠪᠦᠷᠢ ᠵᠢᠨ ᠪᠡᠯᠡ ᠮᠥᠩᠭᠥ ᠵᠢ ᠨᠠᠷᠢᠨ ᠲᠣᠳᠣᠷᠬᠠᠢ ᠲᠠᠭᠯᠠᠨ ᠪᠢᠴᠢᠬᠦ ᠵᠢᠨ ᠬᠠᠮᠲᠤ  ᠲᠤᠰᠠᠯᠠᠮᠵᠢ ᠬᠦᠷᠳᠡᠭᠰᠡᠳ᠎ᠤᠨ ᠭᠥᠷᠳᠡᠬᠦ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠠ ᠪᠣᠳᠠᠲᠠᠢ ᠠᠵᠢᠯ᠎ᠤᠨ ᠬᠤᠪᠢᠷᠠᠯᠲᠠ ᠵᠢ ᠦᠨᠳᠦᠰᠦᠯᠡᠨ ᠳᠣᠲᠣᠨᠣ ᠰᠠᠨᠠᠭᠤᠯᠤᠮᠵᠢ ᠵᠢᠨ ᠺᠠᠷᠲ᠎ᠤᠨ ᠠᠭᠤᠯᠭ᠎ᠠ ᠵᠢ ᠴᠠᠭ ᠲᠤᠬᠠᠢ᠎ᠳᠤ᠎ᠨᠢ ᠰᠢᠨᠡᠳᠬᠡᠨ᠎ᠡ᠃ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷ ᠳᠣᠲᠣᠨᠣ ᠰᠠᠨᠠᠭᠤᠯᠤᠮᠵᠢ ᠵᠢᠨ ᠺᠠᠷᠲ ᠲᠠᠷᠬᠠᠭ᠋ᠠᠬᠤ᠎ᠪᠠᠷ ᠠᠵᠠ ᠲᠣᠬᠢᠶᠠᠯ ᠪᠣᠯᠭ᠋ᠠᠵᠤ᠂ ᠯᠠᠪᠳᠠᠭᠤᠨ ᠲᠣᠭᠲᠠᠭᠤᠨ ᠠᠯᠢᠪᠠ ᠬᠦᠴᠢᠷ᠎ᠢ ᠲᠤᠭᠤᠯᠵᠤ᠂ ᠬᠤᠯᠨ ᠵᠠᠮ ᠬᠦᠭᠡᠬᠡᠵᠤ ᠣᠯᠠᠨ ᠲᠦᠮᠡᠨ᠎ᠤ ᠭᠡᠷ᠎ᠲᠤ᠎ᠨᠢ ᠪᠤᠶᠤ ᠲᠠᠷᠢᠶᠠᠨ ᠵᠠᠬ᠎ᠠ᠎ᠳᠤ᠎ᠨᠢ ᠬᠦᠷᠬᠡᠳᠡᠭ ᠪᠤᠯᠪᠠ᠃ ᠡᠨᠡ ᠬᠦ᠌ ᠠᠵᠢᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠲᠠᠢ ᠨᠡᠡᠭ ᠣᠢ᠌ᠷᠠᠲᠤᠭᠤᠯᠵᠤ᠂ ᠣᠯᠠᠨ ᠲᠦᠮᠡᠨ᠎ᠯᠤᠭ᠎ᠠ ᠵᠢᠨ ᠬᠠᠢ᠌ᠷ᠎ᠠ ᠰᠡᠳᠬᠢᠯᠭᠡ ᠵᠢᠨ ᠬᠤᠯᠪᠤᠭ᠎ᠠ ᠨᠡᠡᠭ ᠪᠠᠳᠤᠵᠢᠨ ᠦᠨᠳᠦᠰᠦᠨ ᠱᠠᠲᠤᠨ᠎ᠳᠤ ᠪᠠᠭᠤᠵᠤ᠂ ᠠᠷᠠᠳ᠎ᠤᠨ ᠪᠠᠢ᠌ᠳᠠᠯ᠎ᠢ ᠪᠠᠢ᠌ᠴᠠᠭ᠋ᠠᠬᠤ ᠦᠢ᠍ᠯᠡᠳᠦᠯ ᠭᠠᠷᠭ᠋ᠠᠵᠤ᠂ ᠵᠠᠰᠠᠭ᠎ᠤᠨ ᠣᠷᠳᠣᠨ᠎ᠤ ᠰᠠᠢ᠌ᠨ ᠰᠠᠢ᠌ᠬᠠᠨ ᠳᠦᠷᠢ ᠲᠥᠷᠬᠦ ᠵᠢ ᠪᠤᠶ ᠪᠣᠯᠭ᠋ᠠᠵᠤ᠂ ᠣᠯᠠᠨ ᠲᠦᠮᠡᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠤᠬᠠᠢ ᠢᠲᠡᠭᠡᠯ᠎ᠢ ᠨᠡᠮᠡᠭᠳᠡᠭᠦᠯᠦᠭᠰᠡᠨ ᠪᠠᠢ᠌ᠨ᠎ᠠ᠃ ᠡᠭᠦᠨ᠎ᠤ ᠬᠠᠮᠲᠤ ᠪᠠᠰᠠ  ᠲᠤᠰᠠᠯᠠᠮᠵᠢ ᠬᠦᠷᠳᠡᠭᠰᠡᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠠᠢ᠌ᠳᠠᠯ᠎ᠢ ᠴᠠᠭ ᠲᠤᠬᠠᠢ ᠎ᠳᠤ᠎ᠨᠢ ᠡᠵᠡᠮᠰᠢᠵᠦ᠂  ᠲᠤᠰᠠᠯᠠᠮᠵᠢ ᠵᠢᠨ ᠪᠡᠯᠡ ᠮᠥᠩᠭᠥ ᠵᠢᠨ ᠣᠨᠣᠪᠴᠢᠲᠠᠶ ᠪᠠᠢ᠌ᠬᠤ ᠡᠰᠡᠬᠦ᠂ ᠬᠦᠴᠢᠷᠳᠡᠯ᠎ᠲᠠᠢ ᠤᠯᠠᠨ ᠲᠦᠮᠡᠨ᠎ᠳᠤ ᠴᠠᠭ ᠲᠤᠬᠠᠢ᠎ᠳᠤ᠎ᠨᠢ ᠥᠭᠭᠦᠭᠰᠡᠨ ᠡᠰᠡᠬᠦ᠂ ᠡᠯ᠎ᠡ ᠲᠠᠯ᠎ᠠ ᠵᠢᠨ ᠨᠥᠬᠥᠴᠡᠯ᠎ᠢ ᠰᠠᠢ᠌ᠵᠢᠷᠠᠭᠤᠯᠤᠭᠰᠠᠨ ᠡᠰᠡᠬᠦ᠂ ᠪᠤᠰᠤᠳ ᠭᠡᠨᠡᠳᠲᠡ ᠵᠢᠨ ᠬᠦᠴᠢᠷᠳᠡᠯ᠎ᠲᠠᠢ ᠪᠠᠢ᠌ᠳᠠᠯ ᠣᠷᠣᠰᠢᠵᠤ ᠪᠠᠢ᠌ᠬᠤ ᠡᠰᠡᠬᠦ ᠵᠢ ᠣᠢ᠌ᠯᠠᠭ᠋ᠠᠵᠤ ᠴᠢᠳᠠᠨ᠎ᠠ ᠃
     ᠨᠡᠢ᠌ᠭᠡᠮ ᠲᠣᠭᠣᠷᠢᠭ᠎ᠤᠨ ᠬᠥᠷᠰᠢ ᠵᠡᠷᠭᠡᠯᠡᠳᠡᠭᠡ ᠵᠢᠨ᠎ᠬᠢᠨ᠎ᠤ ᠲᠠᠯ᠎ᠠ᠎ᠠᠴᠠ ᠦᠵᠡᠪᠡᠯ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠨᠡᠩ ᠢᠯᠡ ᠲᠣᠳᠣ ᠪᠣᠯᠭ᠋ᠠᠨ᠎ᠠ᠃ ᠳᠣᠲᠣᠨᠣ ᠰᠠᠨᠠᠭᠤᠯᠤᠮᠵᠢ ᠵᠢᠨ ᠺᠠᠷᠲ ᠲᠠᠷᠬᠠᠭ᠋ᠠᠬᠤ ᠠᠷᠭ᠎ᠠ᠎ᠨᠢ ᠪᠤᠰᠤᠳᠴᠢ ᠳᠡᠭᠡᠷ᠎ᠡ᠎ᠪᠠᠨ ᠪᠠᠰᠠ ᠴᠤ᠌ ᠨᠡᠢ᠌ᠭᠡᠮ᠎ᠤᠨ  ᠲᠤᠰᠠᠯᠠᠮᠵᠢ ᠵᠢᠨ ᠠᠵᠢᠯ᠎ᠢ ᠨᠡᠢ᠌ᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠬᠢᠨᠠᠯᠲᠠ ᠵᠢᠨ ᠳᠣᠣᠷ᠎ᠠ ᠲᠠᠯᠪᠢᠵᠤ᠂ ᠲᠤᠰᠠᠯᠠᠮᠵᠢ ᠬᠦᠷᠳᠡᠭᠰᠡᠳ᠎ᠤᠨ ᠬᠥᠷᠰᠢ ᠵᠡᠷᠭᠡᠯᠡᠳᠡᠭᠡ ᠵᠢᠨ᠎ᠬᠢᠨ᠎ᠢ ᠲᠤᠰᠠᠯᠠᠮᠵᠢ ᠬᠦᠷᠳᠡᠭᠰᠡᠳ᠎ᠤᠨ   ᠪᠡᠶ᠎ᠡ ᠬᠡᠮ᠎ᠤᠨ ᠮᠡᠳᠡᠭᠡ ᠵᠠᠩᠭᠢ᠂ ᠠᠵᠤ ᠠᠬᠤᠢ ᠵᠢᠨ ᠪᠠᠢ᠌ᠳᠠᠯ᠂ ᠡᠳ᠋ ᠬᠥᠷᠥᠩᠭᠡ ᠵᠢᠨ ᠪᠠᠢ᠌ᠳᠠᠯ᠂ ᠠᠮᠢᠳᠤᠷᠠᠯ᠎ᠤᠨ ᠪᠠᠢ᠌ᠳᠠᠯ ᠵᠡᠷᠭᠡ ᠵᠢ ᠬᠢᠨᠠᠨ ᠬᠠᠷᠭᠤᠭᠤᠯᠬᠤ ᠠᠵᠢᠯ᠎ᠳᠤ ᠣᠷᠣᠯᠴᠠᠭᠤᠯᠵᠤ᠂  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠵᠢᠯᠲᠠᠨ᠎ᠤ ᠲᠥᠷᠥ ᠵᠢᠨ ᠪᠣᠳᠣᠯᠭ᠎ᠠ ᠵᠢ ᠨᠠᠩ ᠴᠢᠩᠭ᠎ᠠ ᠬᠡᠷᠡᠭᠵᠢᠭᠦᠯᠬᠦ ᠵᠢ ᠠᠬᠢᠭᠤᠯᠬᠤ ᠶᠠᠪᠤᠳᠠᠯ ᠪᠣᠯᠣᠨ᠎ᠠ᠃ ᠣᠷᠣᠯᠭ᠎ᠠ ᠪᠠ ᠡᠳ᠋ ᠬᠥᠷᠥᠩᠭᠡ ᠵᠢᠨ ᠬᠤᠪᠢᠷᠠᠯᠲᠠ ᠵᠡᠷᠭᠡ ᠰᠢᠯᠲᠠᠭ᠋ᠠᠨ᠎ᠠᠴᠠ ᠪᠣᠯᠵᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠢ ᠠᠰᠠᠷᠠᠨ ᠲᠡᠵᠢᠭᠡᠬᠦ ᠵᠡᠷᠭᠡ ᠲᠥᠷᠥ ᠵᠢᠨ ᠪᠣᠳᠣᠯᠭ᠎ᠠ ᠵᠢᠨ ᠨᠥᠬᠥᠴᠡᠯ᠎ᠳᠤ ᠨᠡᠢ᠌ᠴᠡᠬᠦ ᠦᠭᠡᠢ ᠪᠣᠯᠤᠭᠰᠠᠨ ᠪᠠᠢ᠌ᠪᠠᠯ ᠡᠷᠬᠢᠨ ᠲᠣᠭᠣᠷᠢᠨ᠎ᠤ ᠣᠯᠠᠨ ᠲᠦᠮᠡᠨ ᠶᠡᠷᠦ᠎ᠳᠤ᠎ᠪᠠᠨ ᠲᠡᠷᠡ ᠳᠠᠷᠤᠢ᠎ᠳᠤ᠎ᠨᠢ ᠮᠡᠳᠡᠬᠦ ᠵᠢᠨ ᠬᠠᠮᠲᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠠᠵᠢᠯᠲᠠᠳ᠎ᠲᠤ ᠴᠠᠭ ᠲᠤᠬᠠᠢ᠎ᠳᠤ᠎ᠨᠢ ᠣᠯᠵᠤ ᠮᠡᠳᠡᠬᠦ ᠪᠠ ᠵᠣᠬᠢᠴᠠᠩᠭᠤᠢ ᠲᠣᠬᠢᠷᠠᠭᠤᠯᠤᠯᠲᠠ ᠬᠢᠬᠦ ᠵᠢ ᠰᠠᠨᠠᠭᠤᠯᠵᠤ᠂ ᠲᠥᠷᠥ ᠵᠢᠨ ᠪᠣᠳᠣᠯᠭ᠎ᠠ ᠵᠢᠨ ᠢᠯᠡ ᠲᠣᠳᠣ ᠵᠢᠨ ᠬᠡᠮᠵᠢᠶ᠎ᠡ ᠪᠠ ᠲᠥᠪ ᠭᠣᠥᠯᠴᠢ ᠴᠢᠨᠠᠷ᠎ᠢ ᠳᠡᠭᠡᠭᠰᠢᠯᠡᠭᠦᠯᠦᠭᠰᠡᠨ ᠪᠠᠢ᠌ᠨ᠎ᠠ᠃
    ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢᠨ ᠬᠡᠮᠵᠢᠶ᠎ᠡ᠎ᠠᠴᠠ ᠦᠵᠡᠪᠡᠯ ᠨᠡᠪᠲᠡᠷᠡᠯᠴᠡᠭᠡ ᠪᠠ ᠬᠠᠮᠲᠤᠷᠠᠯᠴᠠᠭ᠎ᠠ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠠᠷᠠᠳ᠎ᠤᠨ ᠶᠠᠪᠤᠳᠠᠯ᠎ᠤᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠎ᠳᠤ ᠡᠯ᠎ᠡ ᠰᠠᠯᠠᠭ᠎ᠠ ᠮᠥᠴᠢᠷ᠎ᠤᠨ ᠳᠡᠮᠵᠢᠯᠭᠡ ᠬᠠᠮᠵᠢᠯᠴᠠᠭ᠎ᠠ ᠵᠢ ᠱᠠᠭ᠋ᠠᠷᠳᠠᠨ᠎ᠠ᠃ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠮᠢᠳᠤ ᠬᠦᠴᠦᠨ ᠪᠣᠯᠤᠭᠰᠠᠨ᠎ᠤ ᠬᠤᠪᠢ᠎ᠳᠤ ᠳᠣᠲᠣᠨᠣ ᠰᠠᠨᠠᠭᠤᠯᠤᠮᠵᠢ ᠵᠢᠨ ᠺᠠᠷᠲ ᠣᠯᠭᠣᠬᠤ ᠳᠤᠮᠳᠠ ᠴᠢᠬᠤᠯᠠ ᠳᠦᠷᠢ ᠵᠢ ᠲᠣᠭᠯᠠᠵᠠᠢ᠃ ᠳᠣᠲᠣᠨᠣ ᠰᠠᠨᠠᠭᠤᠯᠤᠮᠵᠢ ᠵᠢᠨ ᠺᠠᠷᠲ᠎ᠨᠢ ᠲᠡᠳᠡᠨ᠎ᠤ ᠳᠤᠭᠤᠢ᠌ᠯᠠᠩ ᠳᠠᠭ᠋ᠠᠭ᠋ᠠᠴᠢᠯᠠᠨ ᠡᠷᠦᠬᠡ ᠬᠣᠯᠪᠤᠭ᠋ᠠᠯᠠᠨ ᠣᠯᠠᠨ ᠲᠦᠮᠡᠨ᠎ᠢ ᠰᠤᠷᠪᠤᠯᠵᠢᠯᠠᠬᠤ ᠨᠢᠭᠡ ᠵᠦᠢ᠍ᠯ᠎ᠤᠨ ᠪᠣᠳᠠᠲᠠᠢ ᠵᠢ ᠡᠷᠬᠢᠮᠯᠡᠭᠰᠡᠨ ᠠᠷᠭ᠎ᠠ ᠪᠣᠯᠵᠠᠢ᠃ ᠡᠭᠦᠨ᠎ᠤ ᠬᠠᠮᠲᠤ ᠪᠠᠰᠠ 《ᠬᠤᠷᠠᠯ ᠵᠶ᠋ᠠᠷ ᠪᠣᠯᠪᠠᠰᠤᠷᠠᠯ᠎ᠢ ᠣᠷᠣᠯᠠᠭᠤᠯᠬᠤ》 ᠠᠷᠭ᠎ᠠ ᠵᠢ ᠠᠪᠴᠤ᠂ ᠬᠤᠷᠠᠯ ᠵᠶ᠋ᠠᠷ ᠪᠣᠯᠪᠠᠰᠤᠷᠠᠯ ᠬᠢᠬᠦ ᠪᠠ ᠰᠤᠷᠤᠯᠴᠠᠬᠤ ᠵᠡᠷᠭᠡ ᠠᠷᠭ᠎ᠠ ᠵᠢ ᠠᠰᠢᠭᠯᠠᠨ᠂ ᠲᠣᠰᠬᠣᠨ᠎ᠤ ᠠᠷᠠᠳ᠎ᠤᠨ ᠵᠥᠪᠯᠡᠯ᠂ ᠨᠡᠢ᠌ᠭᠡᠮ ᠲᠣᠭᠣᠷᠢᠭ᠎ᠤᠨ ᠠᠵᠢᠯᠲᠠᠳ᠎ᠲᠤ ᠤᠬᠠᠭᠤᠯᠭ᠎ᠠ ᠬᠢᠵᠦ᠂ ᠳᠣᠲᠣᠨᠣ ᠰᠠᠨᠠᠭᠤᠯᠤᠮᠵᠢ ᠵᠢᠨ ᠺᠠᠷᠲ᠎ᠤᠨ ᠦᠢ᠍ᠯᠡᠳᠦᠯ᠎ᠢ ᠲᠣᠳᠣᠷᠬᠠᠢ᠌ᠯᠠᠨ ᠶᠠᠷᠢᠵᠤ᠂ ᠲᠡᠳᠡᠨ ᠵᠶ᠋ᠡᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠷᠦᠬᠡ᠎ᠳᠤ ᠬᠦᠷᠴᠦ ᠬᠠᠷᠭᠤᠭᠤᠯᠤᠨ ᠪᠠᠢ᠌ᠴᠠᠭ᠋ᠠᠬᠤ ᠦᠶ᠎ᠡ᠎ᠳᠤ ᠬᠠᠮᠲᠤ᠎ᠳᠤ᠎ᠨᠢ ᠲᠠᠷᠬᠠᠭ᠋ᠠᠬᠤ ᠵᠢ ᠬᠦᠰᠡᠪᠡ᠃ ᠦᠨᠳᠦᠰᠦᠨ ᠱᠠᠲᠤᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ  ᠴᠦ᠍ ᠡᠭᠦᠨ᠎ᠠᠴᠠ ᠡᠬᠦᠳᠤᠬᠡᠳ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠣᠢ᠌ᠯᠠᠭ᠋ᠠᠯᠲᠠ ᠪᠠ ᠲᠠᠨᠢᠯᠲᠠ᠎ᠪᠠᠨ ᠭᠦᠨᠵᠡᠭᠡᠢ᠌ᠷᠡᠭᠦᠯᠦᠨ᠂ ᠬᠠᠮᠲᠤᠷᠠᠨ ᠠᠵᠢᠯᠯᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠵᠥᠪ ᠲᠠᠯ᠎ᠠ ᠵᠢᠨ ᠢᠳᠡᠪᠬᠢᠲᠡᠢ ᠤᠬᠠᠭᠤᠯᠭ᠎ᠠ ᠵᠢᠨ ᠦᠢ᠍ᠯᠡᠳᠦᠯ ᠭᠠᠷᠭ᠋ᠠᠬᠰᠠᠨ ᠶᠤᠮ᠃
    ᠡᠯ᠎ᠡ ᠭᠠᠵᠠᠷ᠎ᠤᠨ᠎ᠬᠢᠨ  ᠠᠪᠤᠨ ᠦᠵᠡᠬᠦ᠎ᠳᠤ ᠪᠠᠭ᠎ᠠ ᠪᠣᠯᠪᠠᠴᠤ ᠲᠤᠰᠠᠲᠠᠢ ᠠᠵᠢᠯ᠎ᠤᠨ ᠠᠷᠭ᠎ᠠ ᠵᠢ ᠢᠯᠡᠭᠦᠬᠡᠨ ᠲᠥᠯᠥᠪᠯᠡᠵᠦ᠂ ᠣᠯᠠᠨ ᠲᠠᠯ᠎ᠠ ᠵᠢᠨ ᠬᠦᠴᠦᠨ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ᠂ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠰᠤᠷᠲᠠᠯ᠎ᠤᠨ ᠲᠠᠯ᠎ᠠ᠎ᠪᠠᠷ ᠰᠢᠨ᠎ᠡ ᠵᠢ ᠡᠭᠦᠳᠴᠦ ᠪᠠᠢ᠌ᠭ᠋ᠠᠳ ᠦᠨᠳᠦᠰᠦᠨ ᠱᠠᠲᠤᠨ᠎ᠤ ᠠᠵᠢᠯ᠎ᠢ ᠥᠷᠨᠢᠭᠦᠯᠵᠦ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠠᠵᠢᠯ᠎ᠢ ᠣᠯᠠᠨ ᠲᠦᠮᠡᠨ᠎ᠤ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ ᠭᠡᠵᠦ ᠰᠠᠨᠠᠭᠤᠯᠵᠤ ᠪᠠᠢ᠌ᠨ᠎ᠠ᠃


     ᠡᠬᠡ ᠪᠢᠴᠢᠭ᠎ᠤᠨ ᠤᠭ ᠢᠷᠡᠯᠳᠡ᠎ᠨᠢ  《ᠲᠤᠮᠳᠠᠳᠤ ᠤᠯᠤᠰ᠎ᠤᠨ ᠠᠷᠠᠳ᠎ᠤᠨ ᠶᠠᠪᠤᠳᠠᠯ》 ᠰᠡᠳᠬᠦᠯ




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ᠎ᠬᠢᠨ ᠡᠮᠡᠭᠲᠡᠢ᠌ᠴᠦᠳ ᠬᠡᠦᠬᠡᠳ᠎ᠤᠨ ᠦᠢ᠍ᠯᠡᠰ᠎ᠤᠨ ᠬᠦᠭᠵᠢᠬᠦᠯᠤᠯᠳᠡ ᠵᠢ ᠲᠡᠮᠵᠢᠬᠦ᠎ᠪᠠᠷ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠳᠤ 5907 ᠲᠦᠮᠡᠨ ᠲᠥᠭᠥᠷᠢᠭ ᠪᠠᠭᠤᠯᠭ᠋ᠠᠵᠠᠢ
ᠮᠠᠨ᠎ᠤ ᠤᠷᠤᠨ ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠶᠢᠰᠦᠨ ᠠᠷᠭ᠎ᠠ᠎ᠪᠠᠷ ᠠᠬᠢᠭᠤᠯᠬᠤ᠎ᠪᠠᠷ ᠪᠣᠶ
ᠲᠥᠪ᠎ᠠᠴᠠ ᠮᠠᠨ᠎ᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠬᠣᠶᠠᠳᠤᠭ᠋ᠠᠷ ᠪᠦᠯᠦᠭ ᠨᠥᠬᠥᠪᠦᠷᠢ 8.44 ᠳ᠋ᠦᠩᠰᠢᠭᠤᠷ ᠲᠥᠭᠥᠷᠢᠭ ᠪᠠᠭᠤᠯᠭ᠋ᠠᠪᠠ
ᠯᠢ ᠺᠸ ᠴᠢᠶᠠᠩ ᠠ᠋ᠮᠨᠡᠵᠤ ᠠᠰᠠᠷᠠᠬᠤ ᠵᠢ ᠤᠶᠠᠯᠳᠤᠭᠤᠯᠬᠤ ᠳᠦᠷᠦᠯ ᠵᠦᠢ᠍ᠯ᠎ᠢ ᠨᠢᠭᠡ ᠴᠤᠩᠬᠤ ᠳᠡᠭᠡᠷ᠎ᠡ ᠬᠦᠢ᠍ᠴᠡᠳᠭᠡᠵᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ ᠭᠡᠵᠡᠢ
ᠤᠯᠠᠭ᠋ᠠᠨᠬᠠᠳᠠ ᠬᠣᠲᠠ ᠵᠢᠨ᠎ᠬᠢᠨ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠬᠡᠤᠬᠡᠳ ᠪᠠ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠪᠠᠢ᠌ᠭᠤᠯᠬᠤ ᠠᠵᠢᠯ᠎ᠢ ᠠᠬᠢᠭᠤᠯᠵᠤ ᠪᠠᠢ᠌ᠨ᠎ᠠ
 
            