ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠤᠷᠤᠨ ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠶᠢᠰᠦᠨ ᠠᠷᠭ᠎ᠠ᠎ᠪᠠᠷ ᠠᠬᠢᠭᠤᠯᠬᠤ᠎ᠪᠠᠷ ᠪᠣᠶ
ᠨᠡᠶᠢᠲᠡᠯᠡᠭᠰᠡᠨ ᠴᠠᠭ᠄ 2025-04-07

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ᠎ᠬᠢᠨ 4  ᠳ᠋ᠤᠬᠡᠷ ᠰᠠᠷ᠎ᠠ ᠵᠢᠨ 2᠎ᠤᠨ ᠡᠳᠦᠷ  《ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠤᠯᠠᠮ ᠴᠢᠨᠠᠬᠰᠢᠳᠠ ᠳᠡᠮᠵᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠣᠳᠣᠬᠠᠨ᠎ᠤ ᠰᠦ ᠵᠢᠨ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠲᠠᠢ ᠤᠶᠠᠯᠳᠤᠭᠤᠯᠤᠨ ᠰᠦ ᠵᠢᠨ ᠦᠢ᠍ᠯᠡᠰ᠎ᠤᠨ ᠡᠵᠡᠨ᠎ᠢ ᠦᠷᠭᠦᠯᠵᠢᠯᠡᠨ ᠬᠠᠪᠰᠤᠷᠴᠤ ᠪᠡᠷᠬᠡ ᠪᠣᠭᠣᠮᠲᠠ ᠵᠢ ᠲᠤᠭᠤᠯᠤᠭᠤᠯᠬᠤ ᠪᠤᠯᠤᠨ᠎ᠠ᠃ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠬᠡᠷᠡᠭᠵᠢᠭᠦᠯᠦᠨ᠎ᠡ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠵᠶ᠋ᠡᠷ ᠬᠢᠵᠠᠭ᠋ᠠᠷᠯᠠᠨ᠎ᠠ᠃
   《ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠤᠯᠠᠮ ᠴᠢᠨᠠᠬᠰᠢᠳᠠ ᠳᠡᠮᠵᠢᠬᠦ ᠲᠤᠬᠠᠢ ᠮᠡᠳᠡᠭᠳᠡᠯ》᠎ᠳᠤ ᠣᠳᠣᠬᠠᠨ᠎ᠤ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠥᠷᠢᠰᠦᠯᠳᠦᠭᠡᠨ᠎ᠳᠤ ᠴᠢᠭᠯᠡᠭᠦᠯᠦᠨ᠂ 9 ᠠᠷᠭ᠎ᠠ ᠳᠤᠷᠠᠳᠴᠤ᠂ ᠰᠠᠭ᠋ᠠᠯᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃
    ᠲᠡᠳᠬᠦᠨ ᠳᠡᠮᠵᠢᠬᠦ ᠭᠣᠣᠯ ᠴᠣᠭᠴᠠ ᠵᠢᠨ ᠲᠠᠯ᠎ᠠ᠎ᠪᠠᠷ᠂ ᠲᠡᠵᠢᠭᠡᠨ ᠦᠷᠡᠵᠢᠭᠦᠯᠬᠦ ᠲᠠᠯᠠᠪᠠᠶ ᠵᠢᠨ ᠲᠡᠵᠢᠭᠡᠯ ᠡᠪᠡᠰᠦ ᠪᠣᠷᠳᠣᠭ᠋ᠠᠨ᠎ᠤ ᠵᠢᠭᠡᠯᠡᠯᠭᠡ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠵᠢᠨ ᠬᠥᠭᠵᠢᠯᠲᠡ ᠲᠡᠵᠢᠭᠡᠪᠦᠷᠢ ᠡᠳ᠋ᠰᠢᠭᠦᠯᠭᠡ ᠵᠢ ᠨᠢᠭᠡ ᠴᠣᠭᠴᠠᠵᠢᠭᠤᠯᠬᠤ ᠵᠡᠷᠭᠡ᠎ᠳᠤ ᠨᠥᠬᠥᠪᠦᠷᠢ ᠥᠭᠴᠦ᠂ ᠲᠦᠭᠦᠬᠡᠢ ᠰᠢᠨ᠎ᠡ ᠰᠦᠨ᠎ᠤ ᠦᠨ᠎ᠡ ᠬᠠᠩᠰᠢ ᠵᠢᠨ ᠵᠢᠭ᠋ᠠᠯᠲᠠ ᠲᠣᠭ᠎ᠠ ᠵᠢᠨ ᠳᠠᠭ᠋ᠠᠳᠬᠠᠯ᠎ᠢ ᠰᠢᠨ᠎ᠡ ᠵᠢ ᠡᠭᠦᠳᠦᠨ  ᠲᠦᠭᠦᠬᠡᠢ ᠰᠢᠨ᠎ᠡ ᠰᠦᠨ᠎ᠤ ᠨᠤᠨᠳᠠᠭ ᠰᠦᠷᠴᠢᠬᠦ ᠨᠥᠬᠥᠪᠦᠷᠢ ᠵᠢ 3 ᠰᠠᠷ᠎ᠠ᠎ᠠᠴᠠ 6 ᠰᠠᠷ᠎ᠠ ᠪᠣᠯᠭ᠋ᠠᠨ ᠤᠷᠲᠤᠳᠬᠠᠵᠤ᠂ ᠰᠦᠨ᠎ᠤ ᠠᠵᠤ ᠠᠬᠤᠢ᠌ᠯᠠᠯ᠎ᠤᠨ ᠢᠯᠡᠭᠦᠦ ᠰᠦ ᠬᠤᠷᠢᠶᠠᠬᠤ ᠵᠢ ᠵᠤᠷᠢᠵᠢᠭᠤᠯᠪᠠ᠃ ᠰᠢᠨ᠎ᠡ ᠵᠢ ᠡᠭᠦᠳᠬᠦ ᠬᠥᠭᠵᠢᠯᠲᠡ ᠵᠢᠨ ᠲᠠᠯ᠎ᠠ᠎ᠪᠠᠷ᠂ ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠳᠡᠮᠵᠢᠵᠦ᠂ ᠪᠢᠰᠢᠯᠠᠭ᠂ ᠴᠠᠭ᠋ᠠᠨ ᠢᠳᠡᠭᠡᠨ᠎ᠤ ᠰᠡᠯᠡᠭᠦᠴᠡᠯ᠎ᠤᠨ ᠢᠳᠡᠭᠡᠨ ᠵᠡᠷᠭᠡ ᠣᠨᠴᠠᠯᠢᠭᠲᠤ ᠴᠠᠭ᠋ᠠᠨ ᠢᠳᠡᠭᠡᠨ᠎ᠢ ᠪᠤᠰᠢᠭᠤᠬᠠᠨ ᠦᠢ᠍ᠯᠡᠳᠳᠪᠤᠷᠢᠯᠡᠵᠤ᠂ ᠵᠦᠷᠢᠶᠡᠴᠢᠯᠡᠭᠰᠡᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠬᠡᠷᠡᠭᠯᠡᠭᠡ ᠵᠢ ᠠᠬᠢᠭᠤᠯᠬᠤ ᠲᠠᠯ᠎ᠠ᠎ᠪᠠᠷ᠂ 《ᠰᠠᠭ᠋ᠠᠯᠢ ᠵᠢᠨ ᠠᠵᠤ ᠠᠬᠤᠢ᠌ᠯᠠᠯ᠎ᠤᠨ ᠤᠷᠤᠯᠳᠤᠭ᠋ᠠᠨ ᠶᠠᠪᠤᠭᠤᠯᠬᠤ》 ᠵᠡᠷᠭᠡ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠵᠢ ᠥᠷᠨᠢᠭᠦᠯᠵᠦ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠴᠠᠭ᠋ᠠᠨ ᠢᠳᠡᠭᠡᠨ᠎ᠢ ᠬᠤᠳᠠᠯᠳᠤᠨ ᠠᠪᠴᠤ ᠲᠠᠷᠬᠠᠭ᠋ᠠᠬᠤ ᠡᠷᠴᠢᠮ ᠵᠶ᠋ᠡᠨ ᠴᠢᠩᠭ᠋ᠠᠷᠠᠭᠤᠯᠬᠤ ᠵᠢ ᠵᠣᠷᠢᠭᠵᠢᠭᠤᠯᠤᠨ᠂ ᠴᠠᠭ᠋ᠠᠨ ᠢᠳᠡᠭᠡᠨ᠎ᠢ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ ᠵᠡᠷᠭᠡ ᠪᠠᠢ᠌ᠭᠤᠯᠤᠮᠵᠢ᠎ᠳᠤ ᠣᠷᠣᠭᠤᠯᠬᠤ ᠵᠢ ᠠᠬᠢᠭᠤᠯᠵᠤ᠂ 《ᠰᠤᠷᠤᠭᠴᠢᠳ᠎ᠤᠨ ᠤᠤᠭᠤᠬᠤ ᠰᠦ ᠵᠢᠨ ᠲᠥᠯᠥᠪᠯᠡᠭᠡ》 ᠵᠢᠨ ᠬᠠᠮᠤᠷᠬᠤ ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠨ᠂ ᠪᠥᠬᠥ ᠠᠷᠠᠳ ᠵᠶ᠋ᠠᠷ ᠵᠶ᠋ᠠᠨ ᠰᠦ ᠦᠦᠭᠤᠬᠤ ᠳᠠᠳᠬᠠᠯ᠎ᠲᠠᠢ ᠪᠣᠯᠬᠤ᠎ᠳᠤ ᠬᠦᠴᠦ ᠨᠡᠮᠡᠷᠢᠯᠡᠨ᠎ᠡ᠃ ᠪᠡᠯᠡ ᠮᠥᠩᠭᠥ ᠰᠣᠯᠢᠵᠤ ᠥᠭᠬᠦ ᠲᠠᠯ᠎ᠠ᠎ᠪᠠᠷ᠂ ᠲᠠᠰ ᠳᠠᠷᠠᠭ᠋ᠠᠯᠠᠯ᠎ᠢ ᠰᠢᠯᠢᠳᠡᠭᠵᠢᠭᠦᠯᠬᠦ᠂ ᠲᠠᠰ ᠳᠠᠷᠠᠭ᠋ᠠᠯᠠᠯ᠎ᠢ ᠬᠥᠳᠡᠯᠦᠩᠭᠦᠢ᠎ᠪᠠᠷ ᠳᠡᠭᠡᠭᠰᠢᠯᠡᠭᠦᠯᠬᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠰᠢᠭᠤᠳ ᠬᠦᠷᠭᠡᠬᠦ ᠵᠡᠷᠭᠡ ᠠᠷᠭ᠎ᠠ ᠎ᠪᠠᠷ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠰᠣᠯᠢᠵᠤ ᠥᠭᠬᠦ ᠬᠦᠴᠦᠨ᠎ᠲᠠᠢ ᠬᠤᠭᠤᠴᠠᠭ᠎ᠠ ᠵᠢ ᠲᠡᠭᠡᠭᠰᠢᠯᠡᠬᠦᠯᠬᠦ᠎ᠪᠠᠷ ᠪᠤᠯᠤᠬᠰᠠᠨ ᠪᠠᠢ᠌ᠨ᠎ᠠ᠃
  





   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠠᠴᠠ ᠮᠠᠨ᠎ᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠬᠣᠶᠠᠳᠤᠭ᠋ᠠᠷ ᠪᠦᠯᠦᠭ ᠨᠥᠬᠥᠪᠦᠷᠢ 8.44 ᠳ᠋ᠦᠩᠰᠢᠭᠤᠷ ᠲᠥᠭᠥᠷᠢᠭ ᠪᠠᠭᠤᠯᠭ᠋ᠠᠪᠠ
ᠯᠢ ᠺᠸ ᠴᠢᠶᠠᠩ ᠠ᠋ᠮᠨᠡᠵᠤ ᠠᠰᠠᠷᠠᠬᠤ ᠵᠢ ᠤᠶᠠᠯᠳᠤᠭᠤᠯᠬᠤ ᠳᠦᠷᠦᠯ ᠵᠦᠢ᠍ᠯ᠎ᠢ ᠨᠢᠭᠡ ᠴᠤᠩᠬᠤ ᠳᠡᠭᠡᠷ᠎ᠡ ᠬᠦᠢ᠍ᠴᠡᠳᠭᠡᠵᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ ᠭᠡᠵᠡᠢ
ᠤᠯᠠᠭ᠋ᠠᠨᠬᠠᠳᠠ ᠬᠣᠲᠠ ᠵᠢᠨ᠎ᠬᠢᠨ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠬᠡᠤᠬᠡᠳ ᠪᠠ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠪᠠᠢ᠌ᠭᠤᠯᠬᠤ ᠠᠵᠢᠯ᠎ᠢ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
 
            