4 ᠳ᠋ᠤᠭᠡᠷ ᠰᠠᠷ᠎ᠠ ᠵᠢᠨ 23᠎ᠤ ᠡᠳᠦᠷ ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠬᠣᠷᠢᠶ᠎ᠠ ᠲᠠᠢ ᠬᠠᠮᠲᠤᠷᠠᠨ 《ᠬᠢᠵᠢᠭ᠎ᠢ ᠡᠰᠡᠷᠭᠦᠴᠡᠭᠰᠡᠨ ᠥᠯᠢᠭᠡᠷ ᠰᠣᠨᠣᠰᠴᠤ᠂ ᠪᠡᠷᠬᠡᠰᠢᠶᠡᠯ᠎ᠢ ᠰᠦᠷᠭᠡᠤᠯᠡᠭᠰᠡᠨ ᠪᠠᠭ᠋ᠠᠲᠤᠷᠴᠤᠳ᠎ᠲᠤ ᠬᠦᠨᠳᠦᠳᠬᠡᠯ ᠵᠶ᠋ᠠᠨ ᠳᠡᠪᠰᠢᠭᠦᠯᠤᠨ᠂ ᠵᠣᠷᠢᠭᠲᠠᠶ᠎ᠪᠠᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠭᠰᠡᠨ ᠠᠷᠠᠳ᠎ᠤᠨ ᠶᠠᠪᠤᠳᠠᠯ᠎ᠤᠨ ᠬᠥᠮᠦᠨ ᠪᠣᠯᠬᠤ》 ᠭᠣᠤᠯ ᠰᠡᠳᠦᠪᠲᠦ ᠨᠠᠮ᠎ᠤᠨ ᠡᠳᠤᠷ ᠤᠨ ᠠᠵᠢᠯᠯᠠᠭ᠎ᠠ ᠥᠷᠨᠢᠭᠦᠯᠵᠦ᠂ ᠣᠷᠳᠣᠰ ᠬᠣᠲᠠ ᠵᠢᠨ ᠠᠩᠬᠠᠳᠠᠭᠴᠢ ᠬᠤᠪᠸᠢ ᠵᠢ ᠲᠤᠰᠠᠯᠠᠬᠤ ᠡᠮᠴᠢᠯᠡᠭᠡᠨ ᠤ ᠠᠩᠭᠢ ᠵᠢᠨ ᠳᠠᠷᠤᠭ᠎ᠠ᠂ ᠦᠬᠠᠨ᠎ᠤ ᠵᠢᠶᠠᠩ ᠬᠠᠨ᠎ᠤ ᠹᠠᠩ ᠽᠠᠩ ᠡᠮᠨᠡᠯᠭᠡ ᠵᠢᠨ ᠬᠣᠷᠢᠶᠠᠨ᠎ᠤ ᠰᠤᠪᠢᠯᠠᠯᠲᠠ ᠵᠢᠨ ᠳᠤᠭᠤᠢ᠌ᠯᠠᠩ᠎ᠤᠨ ᠳᠠᠷᠤᠭ᠎ᠠ — ᠳ᠋ᠦᠩᠱ᠌ᠧᠩ ᠲᠣᠭᠣᠷᠢᠭ᠎ᠤᠨ ᠠᠷᠠᠳ᠎ᠤᠨ ᠡᠮᠨᠡᠯᠭᠡ ᠵᠢᠨ ᠬᠣᠷᠢᠶᠠᠨ᠎ᠤ ᠬᠦᠨᠳᠦ ᠡᠪᠡᠳᠴᠢᠲᠡᠨ᠎ᠤ ᠠᠨᠠᠭ᠋ᠠᠬᠤ ᠤᠬᠠᠭ᠋ᠠᠨ᠎ᠤ ᠰᠠᠯᠠᠭ᠋ᠠᠨ᠎ᠤ ᠰᠤᠪᠢᠯᠠᠭᠴᠢ ᠵᠢᠨ ᠳᠠᠷᠤᠭ᠎ᠠ ᠮᠠ ᠯᠠᠨ ᡁᠢ ᠨᠥᠬᠥᠷ᠎ᠢ ᠤᠷᠢᠵᠤ ᠬᠢᠵᠢᠭ᠎ᠢ ᠡᠰᠡᠷᠭᠦᠴᠡᠭᠰᠡᠨ ᠥᠯᠢᠭᠡᠷ᠎ᠢ᠎ᠨᠢ ᠶᠠᠷᠢᠭᠤᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠡᠭᠦᠷ᠎ᠤᠨ 21 ᠨᠠᠮ᠎ᠤᠨ ᠬᠡᠰᠢᠭᠦᠨ ᠠᠵᠢᠯᠯᠠᠭ᠎ᠠ᠎ᠳᠤ ᠣᠷᠣᠯᠴᠠᠪᠠ᠃
ᠮᠠ ᠯᠠᠨ ᡁᠢ ᠰᠤᠪᠢᠯᠠᠭᠴᠢ ᠵᠢᠨ ᠳᠠᠷᠤᠭ᠎ᠠ ᠤᠷᠳᠤᠰ ᠬᠤᠳᠠ ᠵᠢᠨ ᠬᠤᠪᠸᠢ ᠵᠢ ᠲᠤᠰᠠᠯᠠᠬᠤ ᠡᠮᠨᠡᠯᠭᠡ ᠵᠢᠨ ᠠᠩᠬᠢ ᠵᠢᠨ ᠦᠬᠠᠨ᠎ᠤ ᠵᠢᠶᠠᠩ ᠬᠠᠨ᠎ᠤ ᠹᠠᠩ ᠽᠠᠩ ᠡᠮᠨᠡᠯᠭᠡ ᠵᠢᠨ ᠬᠣᠷᠢᠶᠠᠨ᠎ᠳᠤ᠎ᠬᠢ ᠬᠢᠵᠢᠭ᠎ᠢ ᠡᠰᠡᠷᠭᠦᠴᠡᠭᠰᠡᠨ ᠦᠩᠭᠡᠷᠡᠯᠲᠡ᠎ᠪᠠᠨ ᠶᠠᠷᠢᠵᠤ᠂ ᠬᠠᠮᠤᠭ᠎ᠤᠨ ᠭᠤᠶᠤ ᠪᠡᠷᠬᠡᠰᠢᠶᠡᠯ᠎ᠢ ᠰᠦᠷᠭᠡᠤᠯᠡᠭᠰᠡᠨ ᠪᠠᠭ᠋ᠠᠲᠤᠷ ᠬᠥᠮᠦᠰ᠎ᠤᠨ ᠲᠡᠮᠡᠴᠡᠯ᠎ᠤᠨ ᠳᠦᠷᠰᠦ ᠪᠠᠶ᠋ᠢᠳᠠᠯ᠎ᠢ ᠢᠯᠡᠷᠡᠭᠦᠯᠵᠡᠢ᠃
ᠨᠠᠮ᠎ᠤᠨ ᠡᠭᠦᠷ᠎ᠤᠨ ᠱᠦᠵᠢ ᠬᠤᠸᠠᠩ ᠶᠦᠩ ᠭᠤᠸᠠᠩ ᠳ᠋ᠦᠩᠨᠡᠯᠲᠡ᠎ᠳᠡᠭᠡᠨ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠥᠬᠥ ᠨᠠᠮ᠎ᠤᠨ ᠬᠡᠰᠢᠭᠦᠨ ᠮᠠ ᠯᠠᠨ ᡁᠢ ᠰᠤᠪᠢᠯᠠᠭᠴᠢ ᠵᠢᠨ ᠳᠠᠷᠤᠭ᠎ᠠ ᠵᠢᠨ ᠭᠣᠶᠠᠴᠢ ᠥᠬᠡᠶ᠎ᠪᠠᠷ ᠠᠵᠢᠯ ᠦᠢ᠍ᠯᠡᠰ ᠵᠶ᠋ᠠᠨ ᠳᠡᠭᠡᠳᠦᠯᠡᠨ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠰᠤᠷᠤᠯᠴᠠᠵᠤ᠂ ᠡᠯ᠎ᠡ ᠵᠦᠢ᠍ᠯ ᠤᠨ ᠠᠵᠢᠯ᠎ᠤᠨ ᠳᠤᠮᠳᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠤᠯ ᠵᠶ᠋ᠠᠨ ᠪᠠᠳᠠᠷᠠᠭᠤᠯᠬᠤ ᠬᠡᠷᠡᠭᠲᠠᠢ ᠭᠡᠵᠤ ᠵᠢᠭ᠋ᠠᠵᠤ ᠭᠠᠷᠭ᠋ᠠᠭᠰᠠᠨ ᠪᠠᠢ᠌ᠨ᠎ᠠ᠃