5 ᠳ᠋ᠤᠭ᠋ᠠᠷ ᠰᠠᠷ᠎ᠠ ᠵᠢᠨ 7᠎ᠤ ᠡᠳᠦᠷ ᠳᠤᠮᠳᠠᠳᠤ ᠤᠯᠤᠰ᠎ᠤᠨ ᠨᠡᠶ᠋ᠢᠭᠡᠮ᠎ᠤᠨ ᠠᠵᠢᠯ᠎ᠤᠨ ᠬᠣᠯᠪᠣᠭ᠋ᠠᠲᠤ ᠬᠤᠷᠠᠯ᠎ᠤᠨ ᠵᠢᠯᠣᠭᠣᠳᠣᠯᠭ᠎ᠠ ᠪᠠᠷ 《ᠨᠡᠶ᠋ᠢᠲᠡ ᠵᠢᠨ ᠠᠰᠠᠷᠠᠮᠵᠢ ᠵᠢᠨ ᠴᠠᠭ᠎ᠤᠨ ᠰᠣᠨᠢᠨ》 ᠤ ᠬᠤᠷᠢᠶ᠎ᠠ᠎ᠠᠴᠠ ᠭᠣᠤᠯᠯᠠᠨ ᠡᠷᠭᠢᠯᠡᠭᠰᠡᠨ 《2019 ᠣᠨ᠎ᠳᠤ ᠳᠤᠮᠳᠠᠳᠤ ᠤᠯᠤᠰ᠎ᠤᠨ ᠬᠠᠮᠤᠭ᠎ᠤᠨ ᠭᠣᠶᠣ ᠨᠡᠶ᠋ᠢᠭᠡᠮ᠎ᠤᠨ ᠠᠵᠢᠯᠲᠠᠨ᠎ᠢ ᠡᠷᠢᠬᠦ》᠂ 《2019 ᠣᠨ᠎ᠤ ᠵᠠᠭᠤᠨ ᠬᠦᠴᠦᠷᠬᠡᠭ ᠨᠡᠶ᠋ᠢᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ》 ᠵᠢ ᠰᠢᠯᠭ᠋ᠠᠷᠠᠭᠤᠯᠬᠤ ᠠᠵᠢᠯᠯᠠᠭ᠎ᠠ᠎ᠳᠤ᠂ ᠮᠠᠨ᠎ᠤ ᠣᠷᠣᠨ᠎ᠤ ᠣᠷᠳᠣᠰ ᠬᠣᠲᠠ ᠵᠢᠨ ᠨᠡᠶ᠋ᠢᠭᠡᠮ᠎ᠤᠨ ᠠᠵᠢᠯ᠎ᠤᠨ ᠮᠡᠷᠭᠡᠵᠢᠯᠲᠡᠨ᠎ᠤ ᠬᠣᠯᠪᠣᠭ᠋ᠠᠲᠤ ᠬᠤᠷᠠᠯ᠎ᠤᠨ ᠳᠠᠷᠤᠭ᠎ᠠ ᠯᠢᠦ ᠵᠧᠨ ᠬᠤᠸᠠ 《2019 ᠣᠨ᠎ᠤ ᠳᠤᠮᠳᠠᠳᠤ ᠤᠯᠤᠰ᠎ᠤᠨ ᠠᠷᠪᠠᠨ ᠶᠡᠬᠡ ᠨᠡᠶ᠋ᠢᠭᠡᠮ᠎ᠤᠨ ᠠᠵᠢᠯᠲᠠᠨ》 ᠵᠶ᠋ᠠᠷ ᠦᠨᠡᠯᠡᠭᠳᠡᠪᠡ᠃ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠨᠡᠶ᠋ᠢᠭᠡᠮ᠎ᠤᠨ ᠠᠵᠢᠯ᠎ᠤᠨ ᠨᠡᠶ᠋ᠢᠭᠡᠮᠯᠢᠭ᠎ᠤᠨ ᠨᠠᠮ᠎ᠤᠨ ᠡᠭᠦᠷ᠎ᠤᠨ ᠱᠦᠵᠢ᠂ ᠨᠡᠶ᠋ᠢᠭᠡᠮᠯᠢᠭ᠎ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠤᠨ ᠳᠠᠷᠤᠭ᠎ᠠ ᠸᠠᠩ ᠵᠧᠨ 《2019 ᠣᠨ᠎ᠤ ᠲᠤᠮᠳᠠᠳᠤ ᠤᠯᠤᠰ᠎ᠤᠨ ᠵᠠᠭᠤᠨ ᠨᠡᠶ᠋ᠢᠭᠡᠮ᠎ᠤᠨ ᠠᠵᠢᠯᠲᠠᠨ》 ᠵᠶ᠋ᠠᠷ ᠦᠨᠡᠯᠡᠭᠳᠡᠪᠡ᠃ ᠬᠥᠬᠡᠬᠣᠲᠠ ᠵᠢᠨ ᠮᠦ᠍ ᠰᠢᠨ ᠨᠡᠶ᠋ᠢᠭᠡᠮ᠎ᠤᠨ ᠠᠵᠢᠯ᠎ᠤᠨ ᠤᠢ᠌ᠯᠡᠴᠢᠯᠡᠭᠡᠨ᠎ᠤ ᠲᠥᠪ᠎ᠨᠢ 《2019 ᠣᠨ᠎ᠤ ᠵᠠᠭᠤᠨ ᠬᠦᠴᠦᠷᠭᠡᠭ ᠨᠡᠶ᠋ᠢᠭᠡᠮ᠎ᠤᠨ ᠠᠵᠢᠯ᠎ᠤᠨ ᠤᠢ᠌ᠯᠡᠴᠢᠯᠡᠭᠡᠨ᠎ᠤ ᠪᠠᠶ᠋ᠢᠭᠤᠯᠤᠮᠵᠢ》᠎ᠪᠠᠷ ᠦᠨᠡᠯᠡᠭᠳᠡᠪᠡ᠃
2017 ᠣᠨ᠎ᠤ 3 ᠳ᠋ᠤᠭ᠋ᠠᠷ ᠰᠠᠷ᠎ᠠ᠎ᠳᠤ᠂ ᠯᠢᠦ ᠵᠧᠨ ᠬᠤᠸᠠ ᠣᠷᠳᠣᠰ ᠬᠣᠲᠠ ᠵᠢᠨ ᠨᠡᠶ᠋ᠢᠭᠡᠮ᠎ᠤᠨ ᠠᠵᠢᠯ᠎ᠤᠨ ᠮᠡᠷᠭᠡᠵᠢᠯᠳᠡᠨ᠎ᠤ ᠬᠣᠯᠪᠣᠭ᠋ᠠᠲᠤ ᠬᠤᠷᠠᠯ᠎ᠢ ᠡᠭᠦᠰᠭᠡᠨ ᠪᠠᠢ᠌ᠭᠤᠯᠵᠤ᠂ ᠲᠤᠰ ᠭᠠᠵᠠᠷ ᠣᠷᠣᠨ᠎ᠤ ᠨᠡᠶ᠋ᠢᠭᠡᠮ᠎ᠤᠨ ᠠᠵᠢᠯ᠎ᠢ ᠲᠤᠰᠬᠠᠶ᠋ᠢᠵᠢᠬᠤ᠂ ᠮᠡᠷᠭᠡᠵᠢᠬᠦ ᠲᠡᠰᠢ ᠠᠬᠢᠭᠤᠯᠵᠤ᠂ ᠣᠲᠣ ᠨᠢᠭᠡᠨᠲᠡ ᠣᠷᠳᠣᠰ ᠬᠣᠲᠠ ᠵᠢᠨ 5A ᠲᠠᠰ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠣᠯᠪᠠ᠃ ᠲᠡᠭᠦᠨ᠎ᠤ ᠤᠬᠠᠭ᠋ᠠᠯᠠᠨ ᠰᠡᠳᠦᠭᠰᠡᠨ 〈〈ᠲᠠᠯ᠎ᠠ ᠨᠤᠲᠤᠭ᠎ᠲᠤ᠎ᠬᠢ ᠨᠡᠶ᠋ᠢᠭᠡᠮ᠎ᠤᠨ ᠠᠵᠢᠯᠲᠠᠳ᠎ᠤᠨ ᠶᠠᠷᠢᠶ᠎ᠠ ᠵᠢᠨ ᠲᠠᠪᠴᠠᠩ〉〉᠎ᠨᠢ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠶᠡᠬᠡ ᠪᠤᠯᠤᠩ᠎ᠤᠨ ᠣᠷᠣᠨ ᠵᠢᠴᠢ ᠬᠦᠭᠡᠨᠠᠭᠤᠷ᠂ ᠨᠢᠩᠰᠢᠶᠠ᠂ ᠱᠠᠨᠰᠢ᠂ ᠦᠪᠤᠷ ᠮᠣᠩᠭᠣᠯ ᠵᠡᠷᠭᠡ ᠭᠠᠵᠠᠷ ᠣᠷᠣᠨ᠎ᠤ ᠨᠡᠶ᠋ᠢᠭᠡᠮ᠎ᠤᠨ ᠠᠵᠢᠯᠲᠠᠨ ᠤ ᠲᠤᠰᠬᠠᠶ ᠮᠡᠷᠭᠡᠵᠢᠯᠳᠡᠤᠨ᠎ᠤᠨ ᠣᠷᠣᠨ ᠪᠦᠰᠡ ᠵᠢᠨ ᠬᠠᠮᠵᠢᠯᠴᠠᠨ ᠬᠦᠭᠵᠢᠬᠦᠯᠬᠦ ᠪᠠᠶ᠋ᠢᠯᠳᠤᠬᠤ ᠪᠣᠳᠣᠯᠭ᠎ᠠ᠂ ᠨᠡᠶ᠋ᠢᠭᠡᠮ᠎ᠤᠨ ᠠᠵᠢᠯ᠎ᠤᠨ ᠰᠢᠨ᠎ᠡ ᠵᠢ ᠡᠭᠦᠳᠬᠦ ᠰᠣᠯᠢᠯᠴᠠᠭ᠎ᠠ ᠪᠣᠯᠤᠨ ᠨᠡᠶ᠋ᠢᠭᠡᠮ᠎ᠤᠨ ᠠᠵᠢᠯ᠎ᠤᠨ ᠪᠣᠳᠠᠲᠤ ᠶᠠᠪᠤᠳᠠᠯ᠎ᠤᠨ ᠴᠢᠳᠠᠪᠤᠷᠢ ᠵᠢ ᠳᠡᠯᠭᠡᠷᠡᠭᠦᠯᠬᠦ ᠲᠤᠬᠠᠢ ᠰᠤᠯᠢᠯᠴᠠᠭ᠎ᠠ ᠬᠢᠳᠡᠭ ᠴᠢᠬᠤᠯᠠ ᠲᠠᠪᠴᠠᠩ ᠪᠣᠯᠪᠠ᠃ ᠲᠡᠷᠡ᠎ᠨᠢ ᠪᠦᠬᠦ ᠣᠷᠣᠨ᠎ᠤ ᠨᠡᠶ᠋ᠢᠭᠡᠮ᠎ᠤᠨ ᠠᠵᠢᠯ᠎ᠤᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠵᠡᠶ᠃

(ᠯᠢᠦ ᠵᠧᠨ ᠬᠤᠸᠠ ᠭᠤᠸᠠᠩᠳᠦ᠋ᠩ᠎ᠤᠨ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯᠳᠡᠤᠨ᠎ᠲᠠᠢ ᠠᠵᠢᠯ ᠲᠥᠷᠥᠯ᠎ᠤᠨ ᠬᠦᠭᠵᠢᠯᠳᠡ ᠵᠢ ᠶᠠᠷᠢᠯᠴᠠᠪᠠ)
ᠣᠶ᠋ᠢᠷ᠎ᠠ ᠵᠢᠨ ᠵᠢᠯ᠎ᠳᠤ ᠸᠠᠩ ᠵᠸᠨ ᠨᠡᠶ᠋ᠢᠭᠡᠮ᠎ᠤᠨ ᠠᠵᠢᠯᠲᠠᠳ᠎ᠤᠨ ᠪᠦᠯᠬᠦᠮ ᠵᠢᠡᠨ ᠳᠠᠭ᠋ᠠᠭᠤᠯᠤᠨ ᠲᠤᠰᠬᠠᠶ᠋ᠢᠵᠢᠭᠰᠠᠨ ᠤᠢ᠌ᠯᠡᠴᠢᠯᠡᠭᠡᠨ᠎ᠤ ᠠᠷᠭ᠎ᠠ ᠪᠣᠯᠤᠨ ᠲᠥᠷᠥᠯ ᠵᠤᠢ᠌ᠯ᠎ᠤᠨ ᠡᠵᠡᠩᠨᠡᠯᠲᠡ ᠵᠢᠨ ᠠᠷᠭ᠎ᠠ᠎ᠪᠠᠷ ᠪᠦᠬᠦ ᠬᠣᠰᠢᠭᠤᠨ᠎ᠤ ᠨᠡᠶ᠋ᠢᠭᠡᠮ᠎ᠤᠨ ᠠᠵᠢᠯ᠎ᠤᠨ ᠲᠤᠰᠬᠠᠶ᠋ᠢᠵᠢᠬᠤ᠂ ᠳᠦᠷᠢᠮᠵᠢᠬᠦ᠂ ᠨᠡᠷᠡᠲᠦ ᠲᠥᠷᠥᠯ ᠲᠡᠮᠳᠡᠭᠵᠢᠬᠦ ᠲᠡᠰᠢ ᠬᠥᠭᠵᠢᠬᠦ ᠵᠢ ᠲᠠᠢ᠌ᠴᠢᠯᠠᠵᠠᠢ᠃ ᠣᠳᠣᠬᠠᠨ᠎ᠳᠤ᠂ ᠡᠵᠡᠨ ᠬᠣᠷᠣᠭ᠎ᠠ ᠬᠣᠰᠢᠭᠤᠨ᠎ᠤ ᠨᠡᠶ᠋ᠢᠭᠡᠮ᠎ᠤᠨ ᠠᠵᠢᠯ᠎ᠤᠨ ᠨᠡᠶ᠋ᠢᠭᠡᠮᠯᠢᠭ᠎ᠨᠢ ᠨᠢᠭᠡᠨᠲᠡ ᠪᠦᠬᠦ ᠬᠣᠰᠢᠭᠤᠨ᠎ᠤ ᠨᠡᠢ᠌ᠭᠡᠮ᠎ᠤᠨ ᠠᠵᠢᠯ᠎ᠤᠨ ᠠᠵᠢᠯᠲᠠᠨ᠎ᠤ ᠪᠣᠯᠪᠠᠰᠤᠷᠠᠯ᠎ᠤᠨ ᠰᠠᠭᠤᠷᠢᠨ ᠪᠣᠯᠤᠨ ᠰᠣᠯᠢᠯᠴᠠᠭ᠋ᠠᠨ᠎ᠤ ᠲᠥᠪ ᠪᠣᠯᠵᠤ᠂ ᠲᠠᠪᠤᠨ ᠵᠢᠯ᠎ᠤᠨ ᠲᠤᠷᠰᠢ ᠨᠡᠶ᠋ᠢᠲᠡ 120 ᠭᠠᠷᠤᠢ ᠪᠣᠯᠪᠠᠰᠤᠷᠠᠯ᠎ᠤᠨ ᠠᠩᠭᠢ ᠡᠷᠬᠢᠯᠡᠵᠤ᠂ ᠪᠣᠯᠪᠠᠰᠤᠷᠠᠯ᠎ᠳᠤ 7200 ᠭᠠᠷᠤᠶ ᠬᠥᠮᠦᠨ ᠤᠷᠤᠯᠴᠠᠵᠠᠢ᠃ ᠲᠡᠭᠦᠨ᠎ᠤ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯ᠎ᠤᠨ ᠠᠷᠭ᠎ᠠ᠎ᠪᠠᠷ ᠡᠭᠦᠳᠦᠨ ᠪᠠᠶ᠋ᠢᠭᠤᠯᠤᠭᠰᠠᠨ 《ᠡᠵᠡᠨ ᠬᠤᠷᠤᠭ᠎ᠠ ᠵᠢᠨ ᠵᠠᠯᠠᠭᠤᠴᠤᠳ᠎ᠲᠠᠢ ᠬᠠᠮᠲᠤ᠎ᠪᠠᠷ ᠦᠰᠦᠨ ᠪᠣᠶ᠋ᠢᠵᠢᠬᠤ》 ᠤᠢ᠌ᠯᠡᠴᠢᠯᠡᠭᠡᠨ᠎ᠢ ᠵᠠᠯᠠᠭᠤᠴᠤᠳ ᠪᠠᠭ᠋ᠠᠴᠤᠳ᠎ᠲᠤ ᠦᠢ᠍ᠯᠡᠴᠢᠯᠡᠬᠦ ᠲᠦᠷᠣᠯ ᠵᠦᠢ᠍ᠯ ᠪᠣᠯᠵᠤ᠂ 《ᠡᠵᠢ ᠵᠢᠨ ᠺᠯᠦ᠋ᠪ》᠎ᠨᠢ ᠭᠡᠷ᠎ᠲᠡᠭᠡᠨ ᠬᠣᠴᠣᠷᠤᠭᠰᠠᠨ ᠡᠮᠡᠭᠲᠡᠶ᠋ᠢᠴᠦᠳ᠎ᠲᠤ᠂ 《 ᠭᠡᠷ ᠵᠶ᠋ᠠᠨ ᠳᠤᠯᠠᠭ᠋ᠠᠯᠠᠬᠤ ᠲᠥᠯᠥᠪᠯᠡᠭᠡ》᠎ᠨᠢ ᠭᠡᠷ᠎ᠲᠤ ᠪᠠᠨ ᠬᠣᠴᠤᠷᠤᠭᠰᠠᠨ ᠨᠠᠰᠤᠲᠠᠢ᠌ᠴᠤᠳ᠎ᠲᠤ᠂ 《 ᠬᠣᠣᠰ ᠰᠠᠷᠠᠭᠤᠯ᠂ ᠬᠣᠶᠠᠷ ᠠᠳᠠᠯᠢᠳᠬᠠᠯ᠂ ᠬᠣᠶᠠᠷ ᠳᠡᠭᠡᠭᠰᠢᠯᠡᠯᠲᠡ》᠎ᠨᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠢ᠌ᠭᠤᠯᠤᠯᠳᠠ ᠵᠢᠨ ᠲᠥᠷᠥᠯ ᠵᠤᠢ᠌ᠯ ᠵᠡᠷᠭᠡ᠎ᠳᠤ ᠳᠤᠰ ᠳᠤᠰ ᠦᠢ᠍ᠯᠡᠴᠢᠯᠡᠭᠡ ᠬᠠᠩᠭ᠋ᠠᠵᠤ ᠂ ᠲᠤᠬᠠᠶ ᠵᠢᠨ ᠭᠠᠵᠠᠷ᠎ᠤᠨ ᠣᠯᠠᠨ ᠵᠦᠢ᠍ᠯ᠎ᠤᠨ ᠤᠢ᠌ᠯᠡᠴᠢᠯᠡᠭᠡᠨ᠎ᠤ ᠬᠡᠷᠡᠭᠴᠡᠭᠡ ᠵᠢ ᠪᠦᠲᠦᠮᠵᠢᠲᠡᠶ ᠬᠠᠩᠭ᠋ᠠᠪᠠ᠃

(ᠸᠠᠩ ᠵᠧᠨ ᠨᠡᠶ᠋ᠢᠭᠡᠮ᠎ᠤᠨ ᠠᠵᠢᠯᠲᠠᠨ ᠵᠢᠡᠨ ᠳᠠᠭ᠋ᠠᠭᠤᠯᠤᠨ ᠵᠠᠯᠠᠭᠤᠴᠤᠳ ᠪᠠᠭ᠋ᠠᠴᠤᠳ᠎ᠲᠤ ᠤᠢ᠌ᠯᠡᠴᠢᠯᠡᠬᠦ 《 ᠡᠵᠡᠨ ᠬᠤᠷᠤᠭ᠎ᠠ ᠵᠢᠨ ᠵᠠᠯᠠᠭᠤᠴᠤᠳ᠎ᠲᠠᠢ ᠬᠠᠮᠲᠤ᠎ᠪᠠᠷ ᠦᠰᠦᠨ ᠪᠣᠶ᠋ᠢᠵᠢᠬᠤ — ᠲᠤᠯᠤᠭ᠋ᠠᠨ ᠥᠩᠭᠡᠲᠦ ᠬᠢᠴᠢᠶᠡᠯ᠎ᠤᠨ ᠲᠠᠩᠬᠢᠮ》᠎ᠤᠨ ᠲᠥᠷᠥᠯ ᠵᠤᠢ᠌ᠯ᠎ᠢ ᠥᠷᠨᠢᠭᠦᠯᠪᠡ)
ᠬᠥᠬᠡᠬᠣᠲᠠ ᠵᠢᠨ ᠮᠦ᠍ ᠰᠢᠨ ᠨᠡᠶ᠋ᠢᠭᠡᠮ᠎ᠤᠨ ᠠᠵᠢᠯ᠎ᠤᠨ ᠤᠢ᠌ᠯᠡᠴᠢᠯᠡᠭᠡᠨ᠎ᠤ ᠲᠥᠪ 2015 ᠣᠨ᠎ᠤ 11 ᠳ᠋ᠦ᠍ᠭᠡᠷ ᠰᠠᠷ᠎ᠠ᠎ᠳᠤ ᠪᠠᠢ᠌ᠭᠤᠯᠤᠠᠠᠳᠠᠵᠠᠢ᠃ ᠣᠳᠣᠬᠠᠨ᠎ᠳᠤ ᠲᠤᠰ ᠲᠥᠪ᠎ᠨᠢ ᠨᠢᠭᠡᠨᠲᠡ ᠤᠯᠤᠰ᠎ᠤᠨ ᠲᠡᠰ᠎ᠤᠨ ᠨᠡᠶ᠋ᠢᠭᠡᠮ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ 4᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠶ᠋ᠢᠭᠡᠮ᠎ᠤᠨ ᠤᠢ᠌ᠯᠡᠴᠢᠯᠡᠭᠡᠨ᠎ᠤ ᠲᠥᠷᠥᠯ ᠵᠤᠢ᠌ᠯ 6᠂ ᠬᠣᠲᠠ᠂ ᠬᠤᠰᠢᠭᠤ (ᠰᠢᠶᠠᠨ ᠲᠣᠭᠣᠷᠢᠭ) ᠵᠢᠨ ᠲᠠᠰ᠎ᠤᠨ ᠨᠡᠶ᠋ᠢᠭᠡᠮ᠎ᠤᠨ ᠤᠢ᠌ᠯᠡᠴᠢᠯᠡᠭᠡᠨ᠎ᠤ ᠲᠥᠷᠥᠯ ᠵᠤᠢ᠌ᠯ 16 ᠵᠢ ᠲᠤᠰ ᠲᠤᠰ ᠡᠬᠦᠷᠭᠡᠯᠡᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠪᠤᠵᠠᠭ᠋ᠠᠢ᠌ᠷᠠᠭᠤᠯᠤᠨ ᠪᠣᠶ᠋ᠢᠵᠢᠭᠤᠯᠬᠤ᠂ ᠨᠡᠶ᠋ᠢᠭᠡᠮ᠎ᠤᠨ ᠠᠵᠢᠯᠲᠠᠨ ᠤ ᠴᠢᠳᠠᠪᠤᠷᠢᠲᠠᠨ᠎ᠢ ᠬᠥᠮᠦᠵᠢᠭᠦᠯᠬᠦ᠂ ᠭᠤᠷᠪᠠᠨ ᠬᠣᠷᠰᠢᠶ᠎ᠠ ᠬᠣᠯᠪᠣᠭ᠋ᠠᠯᠠᠨ ᠬᠥᠳᠡᠯᠦᠯᠴᠡᠬᠦ᠂ ᠨᠡᠶ᠋ᠢᠭᠡᠮ᠎ᠤᠨ ᠳᠤᠰᠠᠯᠠᠮᠵᠢ᠂ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠲᠡᠮᠵᠢᠬᠦ ᠵᠡᠷᠭᠡ ᠲᠠᠯ᠎ᠠ᠎ᠳᠤ ᠨᠡᠶ᠋ᠢᠭᠡᠮ᠎ᠤᠨ ᠠᠵᠢᠯ᠎ᠤᠨ ᠲᠤᠰᠬᠠᠶ ᠤᠢ᠌ᠯᠡᠴᠢᠯᠡᠭᠡ ᠬᠠᠩᠭ᠋ᠠᠵᠠᠢ᠃ ᠣᠶ᠋ᠢᠷ᠎ᠠ ᠵᠢᠨ ᠵᠢᠯ᠎ᠳᠤ ᠲᠡᠳᠡ ᠰᠢᠯᠢᠳᠡᠭ ᠰᠠᠶ᠋ᠢᠨ ᠳᠤᠷᠠᠴᠤᠳ᠎ᠤᠨ ᠪᠦᠯᠬᠦᠮ᠂ ᠰᠠᠶ᠋ᠢᠨ ᠳᠤᠷ᠎ᠠ ᠵᠢᠨ ᠰᠢᠯᠢᠳᠡᠭ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠠᠮᠤᠭ ᠰᠠᠶ᠋ᠢᠨ ᠳᠡᠮᠵᠢᠯᠭᠡ ᠵᠢᠨ ᠨᠢᠭᠡᠴᠢ ᠵᠡᠷᠭᠡ ᠢᠷᠠᠭᠤ ᠠᠯᠳᠠᠷ᠎ᠢ ᠬᠦᠷᠳᠡᠵᠡᠢ᠃ ᠲᠡᠭᠦᠨ᠎ᠤ ᠡᠷᠬᠢᠯᠡᠨ ᠬᠠᠮᠢᠶᠠᠷᠴᠤ ᠪᠠᠶ᠋ᠢᠭ᠎ᠠ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠲᠠ ᠵᠢᠨ ᠨᠠᠮ ᠪᠠ ᠣᠯᠠᠨ ᠲᠦᠮᠡᠨ᠎ᠤ ᠠᠵᠢᠯᠯᠠᠭ᠎ᠠ ᠵᠢᠨ ᠤᠢ᠌ᠯᠡᠴᠢᠯᠡᠭᠡᠨ᠎ᠤ ᠲᠥᠪ᠎ᠨᠢ ᠪᠥᠬᠥ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ ᠪᠠᠷ ᠰᠣᠩᠭᠣᠭᠳᠠᠪᠠ᠃

ᠬᠥᠬᠡᠬᠣᠲᠠ ᠵᠢᠨ ᠮᠦ᠍ ᠰᠢᠨ ᠨᠡᠶ᠋ᠢᠭᠡᠮ᠎ᠤᠨ ᠠᠵᠢᠯ᠎ᠤᠨ ᠤᠢ᠌ᠯᠡᠴᠢᠯᠡᠭᠡᠨ᠎ᠤ ᠲᠥᠪ᠎ᠤᠨ 2019 ᠣᠨ᠎ᠤ 《ᠭᠤᠷᠪᠠᠨ ᠣᠷᠣᠨ》᠎ᠤ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠵᠢᠨ ᠲᠥᠷᠥᠯ ᠵᠤᠢ᠌ᠯ᠎ᠳᠤ ᠤᠷᠤᠪᠠ