《ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ( ᠤᠤᠯ᠎ᠤᠨ ᠦᠪᠦᠷ ᠮᠣᠩᠭᠣᠯ᠎ᠤᠨ ᠢᠷᠠᠭᠤ ᠠᠯᠳᠠᠷᠲᠤ ᠴᠡᠷᠢᠭ᠎ᠤᠨ ᠵᠡᠮᠳᠡᠭ ᠮᠦᠴᠢ ᠵᠢᠨ ᠡᠷᠡᠭᠦᠯᠵᠢᠯ᠎ᠤᠨ ᠲᠥᠪ ) ᠮᠠᠨᠢ ᠨᠠᠳᠠ᠎ᠳᠤ᠎ᠪᠠᠨ 40 ᠭᠠᠷᠤᠢ ᠵᠢᠯ ᠬᠥᠯ ᠲᠡᠭᠰᠢᠷᠡᠭᠦᠯᠬᠦ ᠱᠠᠬᠠᠢ ᠦᠢ᠍ᠯᠡᠳᠴᠦ ᠥᠭᠭᠦᠭᠰᠡᠨ ᠶᠤᠮ᠂ ᠥᠨᠦ ᠵᠢᠯ ᠤᠨ ᠱᠠᠬᠠᠢ ᠨᠢ ᠦᠯᠢᠭᠡᠷ ᠠᠪᠴᠤ ᠬᠡᠪ ᠢ᠎ᠨᠢ ᠦᠭᠡᠷᠡᠴᠢᠯᠡᠬᠦ᠎ᠪᠠᠷ ᠳᠠᠮᠵᠢᠨ ᠨᠡᠩ ᠬᠦᠩᠭᠡᠨ ᠠᠪᠰᠠᠷᠬᠠᠨ ᠲᠠᠭ᠋ᠠᠯᠠᠮᠵᠢᠲᠠᠢ ᠪᠣᠯᠣᠭᠰᠠᠨ ᠶᠤᠮ》 ᠭᠡᠵᠦ ᠴᠢᠤᠢ ᠵᠢᠨ ᠱᠸᠩ ᠨᠠᠰᠤᠲᠠᠨ ᠰᠢᠯᠭ᠋ᠠᠨ ᠪᠠᠢ᠌ᠴᠠᠭ᠋ᠠᠬᠤ ᠰᠠᠯᠠᠭ᠎ᠠ᠎ᠳᠤ ᠬᠡᠮᠡᠷᠯᠢᠭ ᠲᠤᠭ ᠬᠦᠷᠭᠡᠵᠦ ᠢᠷᠡᠬᠦ᠎ᠳᠤ᠎ᠪᠠᠨ ᠰᠡᠳᠭᠢᠯ ᠢᠭᠳᠦᠯᠦᠨ ᠶᠠᠷᠢᠭᠰᠠᠨ ᠪᠢᠯᠡ᠃
ᠴᠢᠤᠢ ᠵᠢᠨ ᠱᠸᠩ ᠨᠠᠰᠤᠲᠠᠨ ᠬᠦᠬᠡᠬᠤᠲᠠ᠎ᠳᠤ ᠰᠠᠭᠣᠳᠠᠭ᠂ ᠠᠩᠬ᠎ᠠ ᠡᠷᠲᠡ ᠠᠭᠤᠷᠬᠠᠢ ᠵᠢᠨ ᠣᠷᠣᠨ᠎ᠳᠤ ᠠᠵᠢᠯᠯᠠᠬᠤ᠎ᠳᠤ᠎ᠪᠠᠨ ᠠᠵᠢᠯ᠎ᠠᠴᠠ ᠪᠣᠯᠣᠭᠰᠠᠨ ᠭᠡᠮᠲᠦᠯ᠎ᠠᠴᠠ ᠪᠣᠯᠵᠤ ᠬᠥᠯ ᠤᠨᠬᠢᠨᠢ ᠳᠦᠷᠰᠦ᠎ᠨᠢ ᠬᠤᠪᠢᠷᠠᠭ᠋ᠠᠳ᠂ ᠤᠯᠠᠨ ᠵᠢᠯ᠎ᠤᠨ ᠲᠤᠷᠰᠢᠳᠠ ᠡᠪᠡᠳᠴᠢᠨ ᠡᠮᠭᠡᠭ᠎ᠲᠤ ᠳᠠᠷᠤᠭᠳᠠᠨ᠂ ᠬᠦᠨᠳᠦ ᠵᠢ ᠡᠷᠭᠦᠬᠦ ᠠᠵᠢᠯ᠎ᠢ ᠬᠢᠵᠦ ᠳᠡᠢ᠌ᠯᠬᠦ᠎ᠪᠠᠨ ᠪᠣᠯᠢᠵᠠᠢ᠃ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠠᠴᠠ ᠴᠢᠤᠢ ᠵᠢᠨ ᠱᠸᠩ ᠨᠠᠰᠤᠲᠠᠨ᠎ᠤ ᠪᠠᠢ᠌ᠳᠠᠯ᠎ᠢ ᠣᠢ᠌ᠯᠠᠭ᠋ᠠᠵᠤ ᠮᠡᠳᠡᠭᠰᠡᠨ᠎ᠤ ᠳᠠᠷᠠᠭ᠎ᠠ᠂ ᠳᠡᠭᠡᠷ᠎ᠡ ᠵᠠᠭᠤᠨ᠎ᠤ ᠳᠠᠯᠠᠭ᠋ᠠᠳ ᠣᠨ᠎ᠠᠴᠠ ᠠᠪᠤᠭ᠋ᠠᠳ ᠵᠢᠯ ᠪᠣᠯᠭ᠋ᠠᠨ ᠲᠡᠭᠦᠨ ᠤ ᠬᠥᠯ᠎ᠨᠢ ᠳᠦᠷᠰᠦ ᠬᠤᠪᠢᠷᠠᠭᠰᠠᠨ᠎ᠠᠴᠠ ᠪᠣᠯᠵᠤ ᠠᠯᠬᠤᠵᠤ ᠬᠢᠰᠬᠢᠬᠦ᠎ᠳᠤ ᠳᠦᠭᠦᠮ ᠦᠬᠡᠢ ᠪᠠᠢ᠌ᠳᠠᠯᠳᠤᠨᠢ ᠴᠢᠭᠯᠡᠭᠦᠯᠦᠨ ᠬᠥᠯ ᠲᠡᠭᠰᠢᠷᠡᠬᠦᠯᠭᠦ ᠱᠠᠬᠠᠢ ᠦᠢ᠍ᠯᠡᠳᠴᠦ ᠥᠭᠭᠦᠭᠰᠡᠨ ᠶᠤᠮ᠃ 2020 ᠣᠨ᠎ᠳᠤ᠂ ᠰᠢᠯᠭ᠋ᠠᠨ ᠪᠠᠢ᠌ᠴᠠᠭ᠋ᠠᠬᠤ ᠰᠠᠯᠠᠭ᠎ᠠ ᠠᠴᠠ 3D ᠮᠡᠷᠭᠡᠵᠢᠯ ᠵᠶ᠋ᠡᠷ ᠬᠥᠯ᠎ᠢ ᠪᠦᠬᠦ ᠲᠠᠯ᠎ᠠ ᠪᠠᠷ ᠰᠢᠷᠪᠢᠨ ᠦᠢ᠍ᠯᠡᠳᠦᠭᠰᠡᠨ ᠬᠥᠯ ᠲᠡᠭᠰᠢᠷᠡᠭᠦᠯᠬᠦ ᠱᠠᠬᠠᠢ ᠵᠢ ᠲᠡᠭᠦᠨ᠎ᠳᠤ ᠬᠠᠩᠭ᠋ᠠᠪᠠ᠃ ᠤᠯᠠᠮᠵᠢᠯᠠᠯᠲᠤ ᠵᠤᠬᠢᠶᠠᠬᠤ ᠠᠷᠭ᠎ᠠ ᠲᠠᠢ ᠢᠯᠭ᠋ᠠᠭ᠎ᠠ ᠪᠦᠬᠦᠢ ᠡᠨᠡ ᠬᠦ᠌ ᠰᠢᠨ᠎ᠡ ᠵᠠᠭᠪᠤᠷ᠎ᠤᠨ ᠬᠥᠯ ᠲᠡᠭᠰᠢᠷᠡᠭᠦᠯᠬᠦ ᠱᠠᠬᠠᠢ ᠵᠢ ᠰᠢᠨ᠎ᠡ ᠬᠡᠪ᠎ᠤᠨ ᠬᠦᠩᠭᠡᠨ ᠠᠪᠰᠠᠷᠬᠠᠨ ᠮᠠᠲᠸᠷᠢᠶᠠᠯ ᠵᠶ᠋ᠠᠷ ᠦᠢ᠍ᠯᠡᠳᠦᠭᠰᠡᠨ ᠪᠠᠢ᠌ᠵᠤ᠂ ᠴᠢᠤᠢ ᠵᠢᠨ ᠱᠸᠩ ᠨᠠᠰᠤᠲᠠᠨ ᠡᠨᠡ ᠱᠠᠬᠠᠢ ᠵᠢ ᠡᠮᠦᠰᠴᠦ ᠦᠵᠡᠭᠰᠡᠨ᠎ᠤ ᠳᠠᠷᠠᠭ᠎ᠠ᠂ ᠲᠤᠰ ᠱᠠᠬᠠᠢ᠎ᠨᠢ ᠬᠦᠩᠭᠡᠨ ᠠᠪᠰᠠᠷᠬᠠᠨ ᠮᠦᠷᠲᠡᠭᠡᠨ ᠲᠠᠭ᠋ᠠᠯᠠᠮᠵᠢᠲᠠᠢ᠂ ᠦᠩᠭᠡᠷᠡᠭᠰᠡᠨ᠎ᠤ ᠲᠡᠷᠡ ᠬᠦ᠌ ᠮᠠᠰᠢ ᠬᠦᠨᠳᠦ ᠮᠦᠷᠲᠡᠭᠡᠨ ᠲᠠᠭ᠋ᠠᠯᠠᠮᠵᠢ᠎ᠪᠠᠷ ᠳᠤᠤᠷ᠎ᠠ ᠵᠡᠷᠭᠡ ᠠᠰᠠᠭᠤᠳᠠᠯ᠎ᠢ ᠰᠢᠢ᠍ᠳᠪᠦᠷᠢᠯᠡᠵᠦ ᠥᠭᠭᠦᠯ᠎ᠡ ᠭᠡᠵᠦ ᠰᠡᠳᠭᠢᠯ ᠳᠤᠭᠳᠤᠯᠤᠨ ᠶᠠᠷᠢᠭᠰᠠᠨ ᠠᠵᠢ᠃ 2021 ᠣᠨ᠎ᠤ7 ᠳ᠋ᠤᠭ᠋ᠠᠷ ᠰᠠᠷ᠎ᠠ ᠵᠢᠨ1᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ100 ᠵᠢᠯ᠎ᠤᠨ ᠣᠢ ᠲᠤᠬᠢᠶᠠᠯᠳᠤᠭᠰᠠᠨ ᠡᠨᠡ ᠡᠳᠦᠷ᠂ ᠴᠢᠤᠢ ᠵᠢᠨ ᠱᠸᠩ ᠨᠠᠰᠤᠲᠠᠨ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠲᠤ ᠨᠢᠭᠡᠨ ᠬᠡᠮᠡᠷᠯᠢᠭ ᠲᠤᠭ ᠬᠦᠷᠭᠡᠨ ᠢᠷᠡᠵᠦ᠂ ᠬᠡᠮᠡᠷᠯᠢᠭ ᠲᠤᠭ ᠳᠡᠭᠡᠷᠡᠬᠢ 《ᠵᠡᠮᠳᠡᠭᠴᠦᠳ᠎ᠢ ᠬᠠᠯᠠᠮᠵᠢᠯᠠᠨ ᠰᠡᠳᠭᠢᠯ᠎ᠢ ᠳᠤᠯᠠᠭ᠋ᠠᠯᠠᠵᠤ᠂ ᠨᠢᠮᠪᠠᠢ ᠦᠢ᠍ᠯᠡᠴᠢᠯᠡᠨ ᠬᠠᠢ᠌ᠷ᠎ᠠ᠎ᠪᠠᠨ ᠵᠤᠷᠢᠭᠤᠯᠪᠠᠢ》 ᠭᠡᠬᠦ ᠦᠰᠦᠭ ᠵᠶ᠋ᠡᠷ ᠵᠶ᠋ᠡᠨ ᠲᠥᠪ᠎ᠤᠨ ᠤᠯᠠᠨ ᠵᠢᠯ᠎ᠤᠨ ᠲᠤᠷᠰᠢᠬᠢ ᠦᠢ᠍ᠯᠡᠴᠢᠯᠡᠭᠡ ᠪᠣᠯᠣᠨ ᠳᠡᠮᠵᠢᠯᠭᠡ᠎ᠳᠤ ᠭᠦᠨ ᠲᠠᠯᠠᠷᠬᠠᠯ ᠵᠶ᠋ᠠᠨ ᠢᠯᠡᠷᠬᠡᠢ᠌ᠯᠡᠭᠰᠡᠨ ᠪᠢᠯᠡ᠃
ᠨᠠᠮ᠎ᠤᠨ ᠲᠡᠦᠬᠡ ᠵᠢᠨ ᠰᠣᠷᠣᠯᠴᠠᠯᠭ᠎ᠠ ᠬᠦᠮᠦᠵᠢᠯ᠎ᠢ ᠦᠷᠨᠢᠭᠦᠯᠦᠭᠰᠡᠨ᠎ᠠᠴᠠ ᠨᠠᠭ᠋ᠠᠰᠢ᠂ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ 《ᠨᠠᠮ᠎ᠤᠨ ᠲᠡᠦᠬᠡ ᠵᠢ ᠰᠣᠷᠣᠯᠴᠠᠨ ᠶᠤᠰᠤ ᠤᠴᠢᠷ᠎ᠢ ᠣᠢ᠌ᠯᠠᠭ᠋ᠠᠵᠤ᠂ ᠨᠠᠮ᠎ᠤᠨ ᠲᠡᠦᠬᠡ ᠵᠢ ᠰᠣᠷᠣᠯᠴᠠᠨ ᠢᠲᠡᠭᠡᠯ ᠵᠶ᠋ᠡᠨ ᠨᠡᠮᠡᠭᠳᠡᠭᠦᠯᠵᠦ᠂ ᠨᠠᠮ᠎ᠤᠨ ᠲᠡᠦᠬᠡ ᠵᠢ ᠰᠣᠷᠣᠯᠴᠠᠨ ᠶᠤᠰᠤ ᠰᠤᠷᠲᠠᠬᠤᠨ᠎ᠢ ᠳᠡᠭᠡᠳᠦᠯᠡᠵᠦ᠂ ᠨᠠᠮ᠎ᠤᠨ ᠲᠡᠦᠬᠡ ᠵᠢ ᠰᠣᠷᠣᠯᠴᠠᠨ ᠴᠢᠷᠮᠠᠢ᠌ᠨ ᠦᠢ᠍ᠯᠡᠳᠦᠯᠭᠡᠵᠢᠭᠦᠯᠬᠦ》 ᠵᠢᠨ ᠲᠤᠭᠤᠷᠢᠨ᠎ᠳᠤ᠂ ᠠᠵᠢᠯ᠎ᠤᠨ ᠴᠢᠳᠠᠮᠵᠢ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠦᠢ᠍ᠯᠡᠴᠢᠯᠡᠭᠡ ᠬᠦᠷᠲᠡᠭᠴᠢᠳ᠎ᠤᠨ ᠵᠶ᠋ᠡᠨ ᠲᠤᠯᠭ᠋ᠠᠮᠳᠠᠯ ᠵᠣᠪᠠᠨᠢᠯ ᠪᠠᠷᠠᠯᠠᠯ᠎ᠢ ᠲᠦᠪᠯᠡᠷᠡᠭᠦᠯᠵᠦ᠂ ᠨᠠᠮ᠎ᠤᠨ ᠲᠡᠦᠬᠡ ᠵᠢᠨ ᠰᠣᠷᠣᠯᠴᠠᠯᠭ᠎ᠠ ᠬᠦᠮᠦᠵᠢᠯ ᠢ ᠠᠵᠢᠯ ᠵᠶ᠋ᠠᠨ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ 《ᠵᠣᠪᠠᠨᠢᠯ᠎ᠢ ᠠᠷᠢᠯᠭ᠋ᠠᠨ ᠰᠡᠳᠭᠢᠯ᠎ᠢ᠎ᠨᠢ ᠳᠤᠯᠠᠭ᠋ᠠᠯᠠᠵᠤ ᠨᠠᠮ᠎ᠤᠨ ᠠᠴᠢ ᠵᠢ ᠳᠠᠮᠵᠢᠭᠤᠯᠬᠤ》᠎ᠪᠠᠷ ᠭᠣᠣᠯ ᠰᠡᠳᠦᠪ ᠵᠶ᠋ᠡᠨ ᠪᠤᠯᠭ᠋ᠠᠭᠰᠠᠨ 《ᠪᠢ ᠣᠯᠠᠨ ᠲᠦᠮᠡᠨ᠎ᠳᠤ ᠪᠣᠲᠠᠲᠤ ᠶᠠᠪᠤᠳᠠᠯ ᠬᠢᠵᠦ ᠥᠭᠭᠦᠨ᠎ᠡ》 ᠭᠡᠬᠦ ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠦᠷᠨᠢᠭᠦᠯᠵᠦ᠂ ᠬᠦᠴᠢᠷᠲᠡᠯᠲᠡᠢ ᠤᠯᠠᠨ ᠲᠦᠮᠡᠨ᠎ᠤ ᠵᠣᠪᠠᠨᠢᠰᠢᠷᠠᠯᠲᠠᠢ ᠶᠠᠪᠤᠳᠠᠯ ᠢ ᠰᠡᠳᠭᠢᠯ ᠲᠠᠯᠪᠢᠨ ᠂ ᠬᠠᠢ᠌ᠷ᠎ᠠ᠎ᠪᠠᠨ ᠵᠤᠷᠢᠭᠤᠯᠵᠤ᠂ ᠬᠦᠴᠦ᠎ᠪᠠᠨ ᠵᠠᠷᠤᠴᠠᠭᠤᠯᠤᠨ ᠰᠢᠢ᠍ᠳᠪᠦᠷᠢᠯᠡᠵᠦ ᠥᠭᠭᠦᠭᠰᠡᠨ ᠶᠤᠮ᠃ ᠡᠯ᠎ᠡ ᠲᠥᠷᠦᠯ᠎ᠤᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠦᠷᠲᠡᠭᠡᠬᠦ ᠡᠲᠡᠭᠡᠳ ᠵᠶ᠋ᠡᠨ ᠬᠦᠲᠦᠯᠦᠨ ᠳᠠᠭ᠋ᠠᠭᠤᠯᠵᠤ᠂ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠵᠶ᠋ᠠᠨ ᠦᠭᠡ ᠵᠢ ᠰᠣᠨᠣᠰᠴᠤ᠂ ᠨᠠᠮ ᠵᠶ᠋ᠠᠨ ᠪᠠᠲᠤ᠎ᠲᠠᠭᠠᠨ ᠤᠷᠤᠭᠰᠢᠯᠠᠭᠤᠯᠵᠤ᠂ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ ᠪᠠ ᠠᠮᠤᠷ ᠠᠮᠤᠭᠤᠯᠠᠩ ᠲᠦᠷᠦᠭᠳᠡᠯ᠎ᠢ᠎ᠨᠢ ᠦᠨᠡᠨ ᠬᠦ᠌ ᠨᠡᠮᠡᠭᠳᠡᠭᠦᠯᠦᠭᠰᠡᠨ ᠪᠠᠢ᠌ᠨ᠎ᠠ᠃
《ᠪᠢ ᠣᠯᠠᠨ ᠲᠦᠮᠡᠨ᠎ᠳᠤ ᠪᠣᠲᠠᠲᠤ ᠶᠠᠪᠤᠳᠠᠯ ᠬᠢᠵᠦ ᠥᠭᠭᠦᠨ᠎ᠡ》 ᠭᠡᠬᠦ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠠᠬᠢᠭᠤᠯᠬᠤ᠎ᠪᠠᠷ᠂ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠦᠪᠦᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠮᠵᠢᠯᠭᠡ᠎ᠪᠠᠷ᠂ ᠲᠥᠷᠦ ᠵᠢᠨ ᠪᠣᠳᠣᠯᠭ᠎ᠠ᠎ᠪᠠᠷ ᠵᠤᠪᠠᠨᠢᠯ᠎ᠢ᠎ᠨᠢ ᠠᠷᠢᠯᠭ᠋ᠠᠨ ᠬᠦᠴᠢᠷᠳᠡᠯ᠎ᠢ᠎ᠨᠢ ᠰᠢᠢ᠍ᠳᠪᠦᠷᠢᠯᠡᠵᠦ᠂ 2021 ᠣᠨ ᠠᠴᠠ ᠨᠠᠭ᠋ᠠᠰᠢ᠂ ᠨᠦᠬᠦᠴᠡᠯ᠎ᠳᠤ ᠨᠡᠢ᠌ᠴᠡᠭᠰᠡᠨ ᠵᠤᠬᠢᠬᠤ ᠨᠠᠰᠤᠨ᠎ᠤ ᠬᠡᠦᠭᠡᠳ᠎ᠢ ᠬᠡᠦᠭᠡᠳ᠎ᠤᠨ ᠬᠥᠯ ᠲᠡᠭᠰᠢᠷᠡᠭᠦᠯᠬᠦ ᠱᠠᠬᠠᠢ ᠵᠢ ᠣᠨᠣᠴᠠᠲᠠᠢ᠎ᠪᠠᠷ ᠲᠣᠬᠢᠷᠠᠭᠤᠯᠤᠨ ᠲᠠᠭ᠋ᠠᠷᠠᠭᠤᠯᠬᠤ ᠬᠦᠷᠢᠶ᠎ᠡ ᠴᠠᠷᠠᠭ᠋ᠠᠨ᠎ᠳᠤ ᠣᠷᠣᠭᠣᠯᠵᠣ᠂ 《ᠭᠡᠦᠭᠡᠳ ᠪᠣᠯᠭ᠋ᠠᠨ ᠦᠪᠡᠷ᠎ᠤᠨ ᠭᠡᠰᠡᠨ ᠱᠠᠬᠠᠢ᠎ᠲᠠᠢ ᠪᠠᠢ᠌ᠬᠤ》 ᠵᠢ ᠦᠨᠡᠨ ᠬᠦ᠌ ᠪᠠᠲᠤᠯᠠᠭᠰᠠᠨ ᠶᠤᠮ᠃ ᠣᠳᠣ ᠪᠣᠯᠲᠠᠯ᠎ᠠ᠎ᠪᠠᠨ᠂ ᠬᠥᠯ ᠲᠡᠭᠰᠢᠷᠡᠭᠦᠯᠬᠦ ᠱᠠᠬᠠᠢ ᠵᠢ ᠣᠨᠣᠴᠠᠲᠠᠢ᠎ᠪᠠᠷ ᠲᠣᠬᠢᠷᠠᠭᠤᠯᠤᠨ ᠲᠠᠭ᠋ᠠᠷᠠᠭᠤᠯᠬᠤ ᠬᠦᠷᠢᠶ᠎ᠡ ᠴᠠᠷᠠᠭ᠋ᠠᠨ᠎ᠳᠤ ᠣᠷᠣᠭᠣᠯᠤᠭᠰᠠᠨ ᠬᠡᠦᠭᠡᠳ 500 ᠪᠣᠯᠵᠠᠢ᠃ ᠦᠪᠦᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ ᠨᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠲᠠᠢ ᠬᠣᠯᠪᠣᠭ᠋ᠠᠯᠠᠨ ᠴᠠᠭ ᠲᠤᠬᠠᠢᠳᠤᠨᠢ ᠠᠵᠢᠯᠲᠠᠨ ᠵᠶ᠋ᠠᠨ ᠵᠤᠬᠢᠶᠠᠨ ᠪᠠᠢ᠌ᠭᠤᠯᠵᠤ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ᠂ ᠠᠰᠠᠷᠠᠮᠵᠢ ᠵᠢᠨ ᠬᠦᠷᠢᠶᠡᠯᠡᠩ᠎ᠳᠤ ᠭᠦᠨᠵᠡᠭᠡᠢ᠌ᠷᠡᠵᠦ᠂ ᠠᠯᠬᠤᠮ ᠵᠶ᠋ᠠᠷ ᠵᠶ᠋ᠠᠨ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠡᠮᠵᠢᠶᠡᠯᠡᠵᠦ᠂ ᠡᠮᠦᠨᠡᠬᠢ ᠬᠤᠭᠤᠴᠠᠭ᠋ᠠᠨ᠎ᠤ ᠠᠩᠬ᠎ᠠ ᠠᠯᠬᠤᠮ ᠤᠨ ᠰᠢᠭᠰᠢᠨ ᠪᠠᠢ᠌ᠴᠠᠭ᠋ᠠᠯᠲᠠ᠎ᠳᠤ᠎ᠪᠠᠨ ᠰᠠᠭᠤᠷᠢᠯᠠᠨ᠂ ᠤᠷᠤᠰᠢᠵᠤ ᠪᠠᠢ᠌ᠭ᠎ᠠ ᠠᠰᠠᠭᠤᠳᠠᠯ᠎ᠢ᠎ᠨᠢ ᠢᠯᠡᠷᠡᠭᠦᠯᠦᠨ ᠰᠢᠢ᠍ᠳᠪᠦᠷᠢᠯᠡᠪᠡ᠃ ᠬᠠᠮᠢᠶ᠎ᠠ ᠪᠦᠬᠦᠢ ᠠᠵᠢᠯᠲᠠᠨ ᠨᠢᠭᠡᠨᠲᠡ ᠪᠦᠬᠦ ᠣᠷᠣᠨ᠎ᠤ ᠡᠯ᠎ᠡ ᠠᠢ᠌ᠮᠠᠭ ᠬᠤᠲᠠ ᠵᠢᠨ ᠬᠡᠦᠭᠡᠳ᠎ᠤᠨ ᠠᠰᠠᠷᠠᠮᠵᠢ ᠵᠢᠨ ᠬᠦᠷᠢᠶᠡᠯᠡᠩ ᠵᠶ᠋ᠡᠷ ᠰᠤᠷᠪᠤᠯᠵᠢᠯᠠᠨ ᠶᠠᠪᠤᠵᠤ᠂ ᠬᠡᠦᠭᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠲᠦᠷᠦᠯᠬᠢ ᠵᠢᠨ ᠲᠡᠨᠡᠭ ᠮᠣᠨᠣᠭ ᠡᠪᠡᠳᠴᠢᠨ᠂ ᠳᠠᠷᠢᠬᠢᠨ᠎ᠤ ᠰᠠ ᠡᠪᠡᠳᠴᠢᠨ᠂ ᠦᠰᠦᠯᠲᠡ ᠪᠣᠢ᠌ᠵᠢᠯᠲᠠ᠎ᠨᠢ ᠤᠳᠠᠭ᠋ᠠᠨ ᠵᠡᠷᠭᠡ ᠡᠪᠡᠳᠴᠢᠨ᠎ᠤ ᠰᠢᠨᠵᠢ᠎ᠲᠠᠢ ᠬᠡᠦᠭᠡᠳ᠎ᠢ ᠨᠢᠭᠡᠳ ᠨᠢᠭᠡ᠎ᠪᠠᠷ ᠬᠡᠮᠵᠢᠨ᠂ ᠬᠡᠪ ᠠᠪᠣᠭᠰᠠᠨ ᠶᠤᠮ᠃ ᠳᠠᠷᠠᠭ᠋ᠠᠴᠢ ᠪᠠᠷ ᠵᠡᠮᠳᠡᠭ ᠬᠡᠦᠭᠡᠳ᠎ᠤᠳ᠎ᠲᠤ ᠬᠥᠯ ᠲᠡᠭᠰᠢᠷᠡᠭᠦᠯᠬᠦ ᠱᠠᠬᠠᠢ ᠵᠢ ᠣᠨᠣᠴᠠᠲᠠᠢ᠎ᠪᠠᠷ ᠲᠣᠬᠢᠷᠠᠭᠤᠯᠤᠨ ᠲᠠᠭ᠋ᠠᠷᠠᠭᠤᠯᠵᠤ᠂ ᠬᠡᠦᠭᠡᠳ᠎ᠤᠳ᠎ᠲᠤ ᠬᠥᠯ᠎ᠢ᠎ᠨᠢ ᠬᠡᠮᠵᠢᠨ ᠪᠠᠢ᠌ᠵᠤ ᠦᠢ᠍ᠯᠡᠳᠦᠭᠰᠡᠨ ᠬᠥᠯ ᠲᠡᠭᠰᠢᠷᠡᠭᠦᠯᠬᠦ ᠱᠠᠬᠠᠢ ᠡᠮᠦᠰᠦᠭᠦᠯᠵᠦ᠂ ᠦᠰᠦᠯᠲᠡ ᠪᠣᠢ᠌ᠵᠢᠯᠲᠠ ᠵᠢᠨ ᠶᠠᠪᠤᠴᠠ᠎ᠳᠤ᠎ᠨᠢ ᠠᠯᠬᠤᠴᠠ ᠬᠢᠰᠬᠢᠴᠡ ᠵᠠᠢ᠎ᠨᠢ ᠦᠨᠡᠨ ᠬᠦ᠌ ᠰᠠᠢ᠌ᠵᠢᠷᠠᠭᠤᠯᠤᠨ᠂ ᠠᠯᠭᠤᠷ ᠠᠭ᠋ᠠᠵᠢᠮ ᠵᠶ᠋ᠠᠷ ᠬᠡᠪ᠎ᠤᠨ ᠪᠠᠢ᠌ᠳᠠᠯᠳᠤᠨᠢ ᠣᠷᠣᠭᠤᠯᠵᠤ᠂ ᠨᠡᠢ᠌ᠭᠡᠮ᠎ᠳᠤ ᠨᠢ ᠪᠤᠴᠠᠭᠤᠯᠵᠤ᠂ ᠨᠡᠢ᠌ᠭᠡᠮ᠎ᠤᠨ ᠠᠵᠢᠯᠯᠠᠭ᠎ᠠ᠎ᠳᠤ ᠣᠷᠣᠯᠴᠠᠭᠤᠯᠬᠤ ᠪᠣᠯᠣᠨ᠎ᠠ᠃ 《ᠵᠤᠪᠠᠨᠢᠯ᠎ᠢ᠎ᠨᠢ ᠠᠷᠢᠯᠭ᠋ᠠᠨ ᠰᠡᠳᠭᠢᠯ᠎ᠢ᠎ᠨᠢ ᠳᠤᠯᠠᠭ᠋ᠠᠯᠠᠵᠤ ᠨᠠᠮ᠎ᠤᠨ ᠠᠴᠢ ᠵᠢ ᠳᠠᠮᠵᠢᠭᠤᠯᠬᠤ》 ᠠᠵᠢᠯᠯᠠᠭ᠎ᠠ ᠵᠢ ᠦᠷᠨᠢᠭᠦᠯᠦᠭᠰᠡᠨ᠎ᠠᠴᠠ ᠨᠠᠭ᠋ᠠᠰᠢ᠂ ᠰᠢᠯᠭ᠋ᠠᠨ ᠪᠠᠢ᠌ᠴᠠᠭ᠋ᠠᠬᠤ ᠰᠠᠯᠠᠭ᠎ᠠ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠬᠥᠯ ᠲᠡᠭᠰᠢᠷᠡᠭᠦᠯᠬᠦ ᠬᠡᠷᠡᠭᠴᠡᠭᠡ ᠱᠠᠭ᠋ᠠᠷᠳᠠᠯᠭ᠎ᠠ ᠪᠦᠬᠦᠢ ᠬᠡᠦᠭᠡᠳ᠎ᠲᠤ ᠪᠤᠳᠠᠳᠤ ᠶᠠᠪᠤᠳᠠᠯ ᠬᠢᠵᠦ᠂ ᠦᠶᠦᠭ ᠳᠤᠯᠠᠭ᠋ᠠᠨ ᠬᠦᠷᠲᠠᠭᠡᠭᠰᠡᠨ ᠪᠢᠯᠡ᠃ ᠬᠡᠮᠵᠢᠯᠲᠡ ᠬᠢᠵᠦ ᠶᠠᠷᠢᠯᠴᠠᠬᠤ ᠶᠠᠪᠤᠴᠠ᠎ᠳᠤ᠎ᠪᠠᠨ᠂ ᠬᠡᠦᠭᠡᠳ ᠪᠣᠯᠣᠨ ᠬᠢᠨᠠᠨ ᠬᠠᠷᠠᠭ᠋ᠠᠯᠵᠠᠭᠴᠢ᠎ᠳᠤ ᠬᠦᠷᠲᠡᠭᠰᠡᠨ ᠲᠤᠰᠠᠯᠠᠮᠵᠢ ᠵᠢᠨ ᠠᠷᠭ᠎ᠠ ᠵᠠᠮ ᠪᠠ ᠲᠤᠰᠠᠯᠠᠮᠵᠢ ᠵᠢᠨ ᠪᠠᠢ᠌ᠳᠠᠯ ᠢ᠎ᠨᠢ ᠳᠤᠳᠤᠷᠬᠠᠢ ᠮᠡᠳᠡᠭᠦᠯᠦᠨ᠂ ᠲᠤᠰᠠᠯᠠᠮᠵᠢ ᠵᠢᠨ ᠨᠦᠬᠦᠴᠡᠯ᠎ᠳᠤ ᠨᠡᠢ᠌ᠴᠡᠭᠰᠡᠨ ᠬᠡᠦᠭᠡᠳ᠎ᠢ ᠴᠠᠭ ᠲᠤᠬᠠᠢ ᠳᠤᠨᠢ ᠪᠠᠲᠤᠯᠠᠭ᠎ᠠ ᠵᠢᠨ ᠬᠦᠷᠢᠶ᠎ᠡ ᠴᠠᠷᠠᠭ᠋ᠠᠨ᠎ᠳᠤ ᠣᠷᠣᠭᠣᠯᠣᠭᠰᠠᠨ ᠳ᠋ᠠᠭ᠃ ᠮᠦᠨ ᠬᠦ᠌ ᠬᠠᠢ᠌ᠷ᠎ᠠ ᠬᠠᠯᠠᠮᠵᠢ ᠵᠢᠨ ᠲᠤᠭᠳᠠᠯᠴᠠᠭ᠎ᠠ ᠵᠢ ᠪᠠᠢ᠌ᠭᠤᠯᠤᠨ᠂ ᠳᠤᠭᠲᠠᠭᠰᠠᠨ ᠬᠤᠭᠤᠴᠠᠭ᠋ᠠᠨ᠎ᠳᠤ ᠬᠠᠷᠢᠴᠠᠵᠦ᠂ ᠬᠥᠯ ᠲᠡᠭᠰᠢᠷᠡᠬᠦᠯᠬᠦ ᠱᠠᠬᠠᠢ᠎ᠪᠠᠨ ᠲᠠᠭ᠋ᠠᠷᠠᠭᠤᠯᠤᠨ ᠡᠮᠦᠰᠦᠭᠰᠡᠨ ᠪᠠᠢ᠌ᠳᠠᠯ᠎ᠢ᠎ᠨᠢ ᠰᠠᠢ᠌ᠲᠤᠷ ᠡᠵᠡᠮᠳᠡᠨ᠂ ᠴᠠᠭ ᠲᠤᠬᠠᠢᠳᠤᠨᠢ ᠰᠣᠯᠢᠨ ᠥᠭᠴᠦ᠂ ᠬᠦᠳᠡᠯᠦᠩᠭᠦᠢ ᠬᠠᠮᠢᠶᠠᠷᠤᠯᠲᠠ ᠵᠢᠨ ᠤᠷᠲᠤ ᠬᠣᠭᠤᠴᠠᠭ᠎ᠠ ᠬᠦᠴᠦᠨ ᠪᠦᠬᠦᠢ ᠲᠤᠭᠲᠠᠯᠴᠠᠭ᠎ᠠ ᠵᠢ ᠪᠠᠢ᠌ᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠲᠤᠰᠠᠯᠠᠬᠤ᠂ ᠦᠶᠦᠭ ᠳᠤᠯᠠᠭ᠋ᠠᠨ ᠵᠶ᠋ᠠᠷ ᠲᠤᠰᠠᠯᠠᠬᠤ ᠵᠢ ᠪᠡᠶᠡᠯᠡᠭᠦᠯᠦᠭᠰᠡᠨ ᠪᠠᠢ᠌ᠨ᠎ᠠ᠃
ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠨᠠᠮ᠎ᠤᠨ ᠵᠠᠭᠤᠨ ᠵᠢᠯ᠎ᠤᠨ ᠲᠡᠦᠬᠡ ᠵᠢ ᠰᠣᠷᠣᠯᠴᠠᠬᠤ᠎ᠪᠠᠷ ᠳᠠᠮᠵᠢᠨ᠂ ᠪᠦᠬᠦ ᠠᠵᠢᠯᠲᠠᠨ ᠵᠶ᠋ᠠᠨ ᠬᠦᠲᠦᠯᠦᠨ ᠳᠠᠭ᠋ᠠᠭᠤᠯᠵᠤ᠂ ᠢᠮᠠᠭᠲᠠ ᠦᠪᠡᠷ᠎ᠤᠨ ᠪᠡᠶ᠎ᠡ᠎ᠳᠤ᠎ᠪᠠᠨ ᠡᠷᠡᠯᠬᠡᠭᠯᠡᠨ ᠬᠤᠪᠢᠰᠬᠠᠯ ᠬᠢᠬᠦ ᠵᠤᠷᠢᠭ ᠰᠠᠨᠠᠭ᠎ᠠ᠎ᠪᠠᠷ ᠨᠠᠮᠴᠢ ᠴᠢᠨᠠᠷ ᠢ᠎ᠨᠢ ᠳᠠᠪᠳᠠᠨ ᠪᠤᠯᠪᠠᠰᠤᠷᠠᠭᠤᠯᠵᠤ᠂ ᠲᠠᠰᠤᠷᠠᠯᠲᠠ ᠦᠬᠡᠢ ᠦᠪᠡᠷ ᠪᠢᠪᠠᠨ ᠠᠷᠢᠭᠣᠳᠬᠠᠨ᠂ ᠦᠪᠡᠷ ᠪᠢᠪᠠᠨ ᠳᠡᠭᠦᠯᠳᠡᠷᠵᠢᠭᠦᠯᠵᠦ᠂ ᠦᠪᠡᠷ ᠪᠢᠪᠠᠨ ᠦᠭᠡᠷᠡᠴᠢᠯᠡᠨ ᠰᠢᠨᠡᠴᠢᠯᠡᠵᠦ᠂ ᠦᠪᠡᠷ ᠪᠢᠪᠠᠨ ᠳᠡᠭᠡᠭᠰᠢᠯᠡᠭᠦᠯᠦᠭᠰᠡᠨ ᠰᠡᠨᠵᠡᠢ᠃ ᠮᠦᠨ ᠬᠦ᠌ ᠲᠥᠪ᠎ᠤᠨ ᠡᠳ᠋ᠰᠢᠭᠦᠯᠦᠨ ᠦᠢ᠍ᠯᠡᠳᠬᠦ ᠴᠢᠳᠠᠪᠤᠷᠢ ᠵᠢ ᠴᠢᠷᠮᠠᠢ᠌ᠨ ᠳᠡᠭᠡᠭᠰᠢᠯᠡᠭᠦᠯᠵᠦ᠂ ᠰᠠᠭᠤᠷᠢ ᠡᠷᠡᠭᠦᠯᠵᠢᠯ᠎ᠤᠨ ᠲᠤᠰᠠᠯᠠᠬᠤ ᠪᠠᠭ᠋ᠠᠵᠢ ᠨᠢ ᠦᠪᠡᠷ ᠵᠶ᠋ᠡᠨ ᠡᠵᠡᠨ ᠮᠡᠳᠡᠨ ᠦᠢ᠍ᠯᠡᠳᠪᠦᠷᠢᠯᠡᠬᠦ ᠴᠢᠭᠯᠡᠯ ᠲᠡᠢ᠌ᠰᠢ ᠭᠦᠭᠵᠢᠨ᠂ ᠲᠡᠷᠢᠭᠦᠨ᠎ᠤ ᠤᠷ᠎ᠠ ᠮᠡᠷᠭᠡᠵᠢᠯ᠎ᠢ ᠰᠣᠷᠣᠯᠴᠠᠬᠣ ᠵᠢᠨ ᠵᠡᠷᠭᠡ ᠪᠠᠷ ᠤᠯᠠᠮᠵᠢᠯᠠᠯᠲᠤ ᠮᠡᠷᠭᠡᠰᠢᠯ ᠵᠶ᠋ᠡᠨ ᠪᠠᠳᠠᠷᠠᠭᠤᠯᠵᠤ᠂ ᠦᠷᠡᠭᠡᠨ ᠳᠡᠯᠭᠡᠷ ᠲᠤᠬᠢᠷᠠᠭᠰᠠᠨ ᠬᠡᠷᠡᠭᠴᠡᠭᠡ ᠪᠦᠬᠦᠢ ᠰᠢᠨ᠎ᠡ ᠬᠡᠪ᠎ᠤᠨ ᠬᠥᠯ ᠲᠡᠭᠰᠢᠷᠡᠭᠦᠯᠬᠦ ᠱᠠᠬᠠᠢ ᠵᠢ ᠰᠤᠳᠤᠯᠤᠨ ᠡᠭᠦᠳᠴᠦ᠂ ᠬᠡᠷᠡᠭᠴᠡᠭᠡ ᠱᠠᠭ᠋ᠠᠷᠳᠠᠯᠭ᠎ᠠ ᠪᠦᠬᠦᠢ ᠵᠡᠮᠳᠡᠭᠴᠦᠳ᠎ᠲᠤ ᠤᠯᠠᠨ ᠠᠷᠭ᠎ᠠ ᠵᠠᠮ ᠵᠶ᠋ᠠᠷ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠢ ᠣᠢ᠌ᠯᠠᠭ᠋ᠠᠭᠤᠯᠵᠤ᠂ ᠨᠠᠮ ᠪᠣᠯᠣᠨ ᠠᠷᠠᠳ ᠲᠦᠮᠡᠨ᠎ᠤ ᠴᠢᠰᠤ ᠮᠢᠬᠠᠨ᠎ᠤ ᠬᠠᠷᠢᠴᠠᠭ᠎ᠠ ᠵᠢ ᠤᠯᠠᠮ ᠴᠢᠩᠭ᠋ᠠᠳᠬᠠᠨ᠂ ᠣᠯᠠᠨ ᠲᠦᠮᠡᠨ᠎ᠤ ᠵᠣᠯ ᠵᠢᠷᠭ᠋ᠠᠯᠲᠤ ᠲᠥᠷᠦᠭᠳᠡᠯ᠎ᠢ ᠦᠨᠡᠨ ᠬᠦ᠌ ᠨᠡᠮᠡᠭᠳᠡᠭᠦᠯᠬᠦ ᠴᠢᠬᠤᠯᠠᠲᠠᠢ᠃