ᠵᠦᠩ ᠵᠸᠨ ᠵᠢᠶᠦ᠋ᠨ ᠵᠤᠬᠢᠶᠠᠪᠠ ᠽᠠᠨᠳᠠᠨ ᠣᠷᠴᠢᠭᠤᠯᠪᠠ
ᠤᠯᠠᠭ᠋ᠠᠨᠴᠠᠪ᠎ᠤᠨ ᠰᠢᠩ ᠾᠧ ᠰᠢᠶᠠᠨ᠎ᠤ ᠦᠨᠳᠦᠰᠦᠲᠡᠨ᠎ᠤ ᠪᠦᠯᠬᠦᠮᠳᠡᠯ ᠰᠢᠶᠠᠩ᠎ᠤᠨ ᠠᠷᠪᠠᠨ ᠳᠦᠷᠪᠡᠨ ᠰᠤᠮᠤ ᠲᠣᠰᠬᠣᠨ ᠤ ᠬᠥᠮᠦᠨ ᠪᠤᠯᠭ᠋ᠠᠨ ᠲᠠᠨᠢᠳᠠᠭ ᠨᠢᠭᠡᠨ ᠪᠤᠯ ᠳᠠᠷᠤᠢ ᠴᠤᠯᠮᠤᠨ᠃ 2017 ᠣᠨ᠎ᠤ 6 ᠰᠠᠷ᠎ᠠ᠎ᠳᠤ᠂ ᠳᠦᠴᠢᠨ ᠭᠤᠷᠪᠠᠲᠠᠢ ᠴᠤᠯᠮᠤᠨ ᠠᠷᠪᠠᠨ ᠳᠦᠷᠪᠡᠨ ᠰᠤᠮᠤ ᠲᠣᠰᠬᠣᠨ᠎ᠤ ᠨᠠᠮ᠎ᠤᠨ ᠡᠭᠦᠷ᠎ᠤᠨ ᠱᠦᠵᠢ ᠵᠢᠨ ᠲᠤᠰᠢᠶᠠᠯ᠎ᠳᠤ ᠲᠣᠮᠢᠯᠠᠭᠳᠠᠪᠠ᠃ ᠡᠢ᠌ᠨ ᠬᠦ᠌᠂ ᠴᠤᠯᠮᠤᠨ ᠠᠷᠪᠠᠨ ᠳᠦᠷᠪᠡᠨ ᠰᠤᠮᠤ ᠲᠣᠰᠬᠣᠨ᠎ᠤ ᠦᠨᠳᠦᠰᠦᠲᠡᠨ᠎ᠤ ᠪᠦᠯᠬᠦᠮᠳᠡᠯ᠎ᠤᠨ 《ᠠᠨᠠᠷ᠎ᠤᠨ ᠦᠷ᠎ᠡ》 ᠵᠢ ᠨᠡᠩ ᠰᠠᠢ᠌ᠬᠠᠨ ᠨᠢᠭᠲᠠᠷᠠᠭᠤᠯᠬᠤ᠎ᠪᠠᠷ ᠵᠣᠷᠢᠭ ᠰᠢᠭᠤᠳᠴᠠᠶ᠃ ᠠᠩᠬ᠎ᠠ ᠲᠤᠰᠢᠶᠠᠯ᠎ᠢ ᠬᠠᠷᠢᠭᠤᠴᠠᠬᠤ ᠦᠶ᠎ᠡ᠎ᠳᠤ᠎ᠨᠢ ᠲᠤᠬᠢᠶᠠᠯᠳᠤᠭᠰᠠᠨ ᠲᠣᠰᠬᠣᠨ᠎ᠤ ᠨᠠᠮ᠎ᠤᠨ ᠡᠭᠦᠷ᠎ᠤᠨ ᠳᠠᠢ᠍ᠢ᠍ᠴᠢᠨ ᠬᠦᠴᠦᠨ᠎ᠨᠢ ᠴᠢᠩᠭ᠎ᠠ ᠪᠢᠰᠢ᠂ ᠨᠠᠮ᠎ᠤᠨ ᠭᠡᠰᠢᠭᠦᠨ᠎ᠤ ᠨᠠᠰᠤᠵᠢᠯᠲᠠ᠎ᠨᠢ ᠬᠦᠨᠳᠦ ᠨᠣᠴᠢᠲᠠᠢ᠂ ᠣᠷᠣᠯᠭ᠎ᠠ᠎ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ᠎ᠨᠢ ᠳᠠᠩ ᠴᠤᠯᠭᠤᠢ᠂ ᠲᠣᠰᠬᠣᠨ᠎ᠤ ᠠᠷᠠᠳ᠎ᠤᠨ ᠬᠦᠭᠵᠢᠭᠦᠯᠦᠯᠲᠡ ᠵᠢᠨ ᠢᠳᠡᠪᠬᠢᠵᠢᠯ ᠥᠨᠳᠥᠷ ᠪᠢᠰᠢ ᠵᠡᠷᠭᠡ ᠠᠰᠠᠭᠤᠳᠠᠯ᠎ᠨᠢ ᠴᠤᠯᠮᠤᠨᠢ ᠶᠤᠰᠤᠲᠠᠢ ᠠᠷᠭ᠎ᠠ ᠮᠤᠬᠤᠷᠳᠠᠭᠤᠯᠵᠠᠢ᠃ ᠲᠡᠷᠡ ᠰᠥᠨᠢ ᠪᠠᠷ ᠲᠣᠰᠬᠣᠨ᠎ᠤ ᠵᠥᠪᠯᠡᠯ᠎ᠤᠨ ᠭᠡᠷ᠎ᠤᠨ ᠬᠠᠲᠠᠭᠤ ᠣᠷᠣ ᠳᠡᠭᠡᠷ᠎ᠡ ᠬᠡᠪᠲᠡᠵᠦ᠂ ᠠᠷᠪᠠᠨ ᠳᠦᠷᠪᠡᠨ ᠰᠤᠮᠤ ᠲᠣᠰᠬᠣᠨ᠎ᠤ ᠤᠰᠤ ᠰᠢᠷᠤᠢ ᠪᠠ ᠡᠳᠦᠷ ᠤᠨ ᠤᠢ᠌ᠯᠠᠭ᠋ᠠᠭᠰᠠᠨ ᠪᠠᠶ᠋ᠢᠳᠠᠯ ᠵᠶ᠋ᠠᠨ ᠳᠠᠬᠢᠨ ᠳᠠᠪᠲᠠᠨ ᠡᠷᠭᠢᠴᠡᠭᠦᠯᠳᠡᠭ ᠃ ᠡᠢ᠌ᠨ ᠬᠦ᠌ ᠨᠣᠶ᠋ᠢᠷ ᠬᠤᠯᠵᠢᠵᠤ ᠬᠡᠳᠦᠨ ᠰᠥᠨᠢ ᠵᠢᠨ ᠪᠣᠳᠤᠯᠬᠢᠯᠠᠬᠤ ᠪᠠᠷ ᠳᠠᠮᠵᠢᠭ᠋ᠠᠳ ᠲᠡᠷᠡ᠄ ᠰᠠᠢ᠍ᠢ᠍ᠨ ᠬᠢᠶ᠎ᠠ ᠭᠡᠪᠡᠯ ᠤᠷᠢᠳ ᠵᠶ᠋ᠠᠷ 《 ᠪᠥᠭᠡᠮ ᠨᠣᠣᠰᠣᠨ ᠤᠲᠠᠰᠤᠨ》᠎ᠠᠴᠠ 《ᠤᠲᠠᠰᠤᠨ᠎ᠤ ᠤᠴᠢᠭ》᠎ᠢ ᠨᠢ ᠡᠷᠢᠨ ᠣᠯᠵᠤ᠂ ᠵᠠᠩᠭᠢᠯᠠᠭ᠎ᠠ ᠵᠢᠨ 《ᠤᠳᠠᠰᠤ》 ᠵᠢ᠎ᠨᠢ ᠳᠠᠳᠠᠨ ᠭᠠᠷᠭ᠋ᠠᠬᠤ ᠴᠢᠬᠤᠯᠠᠲᠠᠢ᠃ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠵᠤ᠂ ᠨᠠᠮ᠎ᠤᠨ ᠡᠭᠦᠷ ᠭᠡᠬᠦ ᠡᠨᠡ ᠬᠦ᠌ ᠲᠠᠢ᠍ᠢ᠍ᠴᠢᠨ ᠪᠡᠬᠢᠯᠡᠯᠲᠡ ᠵᠢ ᠬᠦᠴᠦᠷᠬᠡᠭᠵᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠳᠠᠢ᠌ᠴᠢᠯᠠᠨ ᠬᠥᠳᠡᠯᠭᠡᠬᠥᠨᠢ ᠳᠠᠷᠤᠶ ᠬᠠᠮᠤᠭ᠎ᠤᠨ ᠵᠠᠩᠭᠢᠯᠠᠭ᠎ᠠ ᠵᠢᠨ ᠲᠡᠷᠡ ᠬᠦ᠌ 《 ᠤᠳᠠᠰᠤ》 ᠮᠦᠨ ᠃ ᠢᠩᠭᠢᠵᠦ ᠪᠤᠳᠤᠭ᠋ᠠᠳ ᠲᠡᠭᠦᠨ᠎ᠤ ᠰᠡᠳᠬᠢᠯ᠎ᠨᠢ ᠠᠭᠤᠵᠢᠷᠠᠵᠤ᠂ ᠡᠨᠡ ᠬᠦ᠌ ᠰᠡᠳᠬᠢᠴᠡ᠎ᠪᠠᠷ ᠵᠶ᠋ᠠᠨ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠬᠦᠨ᠎ᠤ ᠬᠤᠷᠠᠯ᠎ᠢ ᠳᠠᠷᠤᠶ᠋ᠢᠬᠠᠨ ᠬᠤᠷᠠᠯᠳᠤᠭᠤᠯᠪᠠ᠃ ᠲᠡᠷᠡ ᠤᠯᠠᠨ᠎ᠳᠤ᠎ᠪᠠᠨ ᠭᠦᠨ ᠰᠡᠳᠬᠢᠯᠭᠡ᠎ᠲᠠᠢ᠎ᠪᠠᠷ᠄ 《ᠠᠷᠪᠠᠨ ᠳᠦᠷᠪᠡᠨ ᠰᠤᠮᠤ ᠲᠣᠰᠬᠣᠨ ᠶᠠᠭ᠋ᠠᠬᠢᠭ᠋ᠠᠳ ᠶᠠᠳᠠᠭᠤ ᠪᠠᠶ᠋ᠢᠬᠤ ᠵᠢᠨ ᠵᠠᠩᠭᠢᠯᠠᠭ᠎ᠠ ᠵᠢᠨ ᠰᠢᠯᠲᠠᠭ᠋ᠠᠨ᠎ᠨᠢ ᠳᠠᠷᠤᠢ ᠪᠢᠳ᠋ᠨᠤ ᠦᠵᠡᠯ ᠰᠠᠨᠠᠭ᠎ᠠ ᠪᠠᠨ ᠬᠤᠪᠢᠷᠠᠭᠤᠯᠬᠤ ᠦᠭᠡᠢ᠎ᠳᠤ ᠤᠷᠤᠰᠢᠨ᠎ᠠ᠂ ᠮᠠᠨ᠎ᠤ ᠲᠣᠰᠬᠣᠨ᠎ᠤ ᠺᠠᠳ᠋ᠷ ᠥᠪᠡᠷ ᠵᠶ᠋ᠠᠨ ᠴᠦ᠍ ᠦᠵᠡᠯ ᠰᠠᠨᠠᠭ᠎ᠠ᠎ᠪᠠᠨ ᠬᠤᠪᠢᠷᠠᠭᠤᠯᠬᠤ ᠳᠤᠷ᠎ᠠ ᠦᠭᠡᠢ᠂ ᠡᠳᠦᠷ ᠬᠣᠨᠣᠭ᠎ᠢ ᠲᠠᠯᠠᠭ᠋ᠠᠷ ᠥᠩᠭᠡᠷᠡᠭᠡᠵᠦ ᠪᠠᠶ᠋ᠢᠨ᠎ᠠ᠂ ᠲᠣᠰᠬᠣᠨ᠎ᠤ ᠠᠷᠠᠳ ᠶᠠᠮᠠᠷ ᠪᠣᠯᠬᠤ ᠵᠢ ᠪᠤᠳᠤᠵᠤ ᠦᠵᠡᠭᠡᠷᠡᠢ᠂ ᠲᠠᠷᠢᠶᠠᠴᠢᠳ ᠦᠨᠳᠦᠰᠦ ᠰᠠᠭᠤᠷᠢ ᠦᠭᠡᠢ ᠪᠠᠶ᠋ᠢᠵᠤ ᠪᠣᠯᠬᠤ ᠦᠭᠡᠢ!》 ᠭᠡᠪᠡ᠃ ᠴᠤᠯᠮᠤᠨᠤ ᠦᠭᠡ ᠵᠢ ᠰᠤᠨᠤᠰᠤᠭ᠋ᠠᠳ ᠤᠯᠠᠨ ᠵᠶ᠋ᠠᠷ ᠵᠶ᠋ᠠᠨ ᠵᠢᠷᠦᠬᠡ ᠰᠢᠮᠰᠢᠷᠡᠬᠥ ᠵᠢᠨ ᠬᠠᠮᠳᠤ ᠤᠷᠮᠠᠰᠢᠨ ᠪᠠᠶ᠋ᠢᠯ᠎ᠠ᠃ 《ᠴᠣ᠋ ᠱᠦᠵᠢ ᠪᠦᠬᠦ ᠲᠣᠰᠬᠣᠨ᠎ᠤ ᠲᠥᠯᠥᠭᠡ ᠪᠣᠳᠣᠯᠬᠢᠯᠠᠵᠤ ᠪᠠᠶ᠋ᠢᠨ᠎ᠠ᠂ ᠲᠡᠷᠡ ᠬᠦᠴᠢᠷ ᠪᠡᠷᠬᠡᠰᠢᠶᠡᠯ᠎ᠤᠨ ᠳᠤᠮᠳᠠ᠎ᠠᠴᠠ ᠬᠦᠰᠡᠯ ᠡᠷᠡᠮᠡᠯᠵᠡᠯ᠎ᠢ ᠣᠯᠵᠤ ᠬᠠᠷᠠᠯ᠎ᠠ᠂ ᠤᠯᠠᠨ ᠵᠶ᠋ᠠᠷ ᠵᠶ᠋ᠠᠨ ᠪᠠᠰᠠ ᠴᠢᠷᠮᠠᠶ᠋ᠢᠬᠤ ᠬᠡᠷᠡᠭᠲᠡᠢ᠂ ᠲᠣᠰᠬᠣᠨ ᠤ ᠬᠦᠮᠦᠰ ᠠᠷᠭ᠎ᠠ ᠪᠤᠰᠤ ᠭᠠᠳᠠᠭᠰᠢ ᠭᠠᠷᠴᠤ ᠬᠥᠯᠥᠰᠥᠨ ᠠᠵᠢᠯ ᠬᠢᠬᠦ ᠵᠠᠮ ᠵᠶ᠋ᠠᠷ ᠵᠠᠮᠨᠠᠬᠤ ᠵᠢ ᠲᠡᠪᠴᠢᠶ᠎ᠡ》 ᠭᠡᠮᠡᠨ ᠪᠦᠭᠦᠳᠡᠭᠡᠷ ᠵᠶ᠋ᠠᠨ ᠶᠠᠷᠢᠯᠴᠠᠵᠠᠭ᠋ᠠᠨᠠ᠃
ᠨᠢᠭᠡ ᠦᠶ᠎ᠡ ᠪᠠᠷ᠂ ᠴᠤᠯᠮᠤᠨ ᠲᠣᠰᠬᠣᠨ᠎ᠤ᠎ᠪᠠᠨ ᠥᠨᠴᠥᠭ ᠪᠤᠯᠤᠩ ᠪᠦᠬᠥᠨ ᠵᠶ᠋ᠡᠷ ᠶᠠᠪᠤᠯ᠎ᠠ᠃ ᠲᠡᠷᠡ ᠡᠳᠦᠷ ᠲᠤ᠎ᠪᠠᠨ ᠲᠣᠰᠬᠣᠨ ᠤ ᠬᠥᠲᠥᠯ ᠬᠢᠷ᠎ᠠ ᠵᠢᠨ ᠭᠤᠤ ᠭᠠᠩᠭᠠᠳᠤ ᠬᠦᠷᠴᠦ ᠲᠠᠷᠢᠶᠠᠨ ᠭᠠᠵᠠᠷ᠎ᠤᠨ ᠪᠠᠶ᠋ᠢᠴᠠ ᠵᠢ ᠦᠵᠡᠵᠦ᠂ ᠤᠷᠤᠢ᠎ᠨᠢ ᠲᠣᠰᠬᠣᠨ᠎ᠤ ᠠᠷᠠᠳ᠎ᠤᠨ ᠭᠡᠷ᠎ᠲᠤ ᠬᠦᠷᠴᠦ ᠦᠵᠡᠯ ᠰᠠᠨᠠᠭ᠋ᠠᠨ᠎ᠤ ᠠᠵᠢᠯ ᠬᠢᠳᠡᠭ; ᠥᠨᠥᠳᠦᠷ ᠠᠬᠠᠮᠠᠳ ᠨᠠᠮ᠎ᠤᠨ ᠡᠭᠦᠷ᠎ᠤᠨ ᠱᠦᠵᠢ᠂ ᠠᠬᠠᠮᠠᠳ ᠨᠠᠮ᠎ᠤᠨ ᠭᠡᠰᠢᠭᠦᠨ᠎ᠤ ᠭᠡᠷ᠎ᠲᠤ ᠬᠦᠷᠴᠦ ᠠᠰᠠᠭᠤᠳᠠᠯ᠎ᠢ ᠠᠰᠠᠭᠤᠨ ᠯᠠᠪᠯᠠᠵᠤ᠂ ᠮᠠᠷᠭ᠋ᠠᠰᠢ᠎ᠨᠢ ᠶᠠᠳᠠᠭᠤ ᠬᠦᠴᠢᠷᠳᠡᠯᠲᠡᠢ ᠡᠷᠤᠭᠡ᠎ᠳᠤ ᠬᠦᠷᠴᠦ ᠶᠠᠳᠠᠭᠤᠷᠠᠭᠰᠠᠨ ᠰᠢᠯᠲᠠᠭ᠋ᠠᠨ᠎ᠢ ᠨᠢ ᠣᠶ᠋ᠢᠯᠠᠭ᠋ᠠᠵᠤ᠂ ᠨᠦᠭᠥᠭᠡᠳᠤᠷ ᠡᠩ᠎ᠤᠨ ᠡᠷᠤᠭᠡ᠎ᠳᠤ ᠬᠦᠷᠴᠦ ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠨᠢ ᠣᠶ᠋ᠢᠯᠠᠭ᠋ᠠᠨ᠎ᠠ ᠁ ᠬᠡᠳᠤ ᠡᠷᠬᠢᠭᠰᠡᠨᠤ ᠲᠠᠷᠠᠭ᠎ᠠ ᠠᠷᠪᠠᠨ ᠳᠦᠷᠪᠡᠨ ᠰᠤᠮᠤ ᠲᠣᠰᠬᠣᠨ᠎ᠤ ᠢᠮᠠᠬᠤ ᠰᠢᠷᠣᠢ᠎ᠨᠢ ᠬᠦᠷᠲᠡᠯ᠎ᠡ ᠲᠡᠭᠦᠨ᠎ᠳᠤ ᠪᠦᠷ ᠲᠠᠨᠢᠯ ᠳᠠᠰᠤᠯ ᠪᠤᠯᠵᠥ᠂ ᠶᠠᠭ ᠯᠠ ᠡᠨᠡ ᠲᠤᠰᠬᠤᠨ᠎ᠳᠤ ᠤᠯᠠᠨ ᠵᠢᠯ ᠲᠤᠰᠢᠶᠠᠯ ᠬᠠᠷᠢᠭᠤᠴᠠᠭᠰᠠᠨ ᠰᠢᠤᠬᠠᠨ ᠰᠠᠨᠠᠭᠳᠠᠭᠤᠯᠤᠨ᠎ᠠ ; ᠠᠷᠪᠠᠨ ᠳᠦᠷᠪᠡᠨ ᠰᠤᠮᠤ ᠲᠣᠰᠬᠣᠨ᠎ᠤ ᠡᠷᠦᠬᠡ ᠪᠦᠷᠢ ᠵᠢᠨ ᠪᠠᠶ᠋ᠢᠳᠠᠯ᠎ᠢ ᠶᠠᠷᠢᠬᠤᠯᠠᠷ ᠲᠡᠷᠡ ᠪᠦᠷ ᠲᠤᠳᠤᠷᠬᠠᠢ ᠮᠡᠳᠡᠳᠡᠭ᠃
《ᠣᠯᠠᠨ ᠲᠦᠮᠡᠨ᠎ᠤ ᠶᠠᠪᠤᠳᠠᠯ ᠪᠣᠯ ᠬᠠᠮᠤᠭ᠎ᠤᠨ ᠴᠢᠬᠤᠯᠠ ᠶᠠᠪᠤᠳᠠᠯ ᠮᠥᠨ!》 ᠭᠡᠳᠡᠭ᠎ᠨᠢ ᠴᠤᠯᠮᠤᠨ᠎ᠤᠨ ᠦᠷᠭᠦᠯᠵᠢ ᠬᠡᠯᠡᠳᠡᠭ ᠦᠭᠡ ᠶᠤᠮ᠃ ᠬᠡᠳᠦᠨ ᠵᠢᠯ᠎ᠤᠨ ᠲᠤᠷᠰᠢ᠂ ᠲᠡᠷᠡ ᠶᠠᠳᠠᠭᠤ᠎ᠠᠴᠠ ᠠᠩᠭᠢᠵᠢᠷᠠᠭᠤᠯᠬᠤ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠤᠯᠠᠨ ᠲᠦᠮᠡᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠵᠤ ᠴᠢᠨᠡᠭᠡᠯᠢᠭᠵᠢᠯ᠎ᠤᠨ ᠵᠠᠮ ᠵᠶ᠋ᠠᠷ ᠵᠠᠮᠨᠠᠪᠠ; ᠲᠡᠷᠡ ᠲᠤᠰᠬᠤᠨ ᠵᠶ᠋ᠠᠷ ᠭᠡᠷ ᠵᠶ᠋ᠡᠨ ᠪᠤᠯᠭ᠋ᠠᠵᠤ᠂ ᠤᠯᠠᠨ ᠲᠦᠮᠡᠨ ᠤ 54 ᠨᠤᠷᠠᠬᠤ ᠠᠶᠤᠯᠲᠠᠢ ᠭᠡᠷ ᠪᠠᠶ᠋ᠢᠰᠢᠩ᠎ᠢ ᠦᠭᠡᠷᠡᠴᠢᠯᠡᠵᠤ᠂ 54 ᠤᠰᠤ ᠠᠷᠢᠭᠤᠳᠬᠠᠭᠤᠷ ᠤᠭᠰᠠᠷᠠᠵᠤ᠂ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ 2 ᠪᠠᠶ᠋ᠢᠭᠤᠯᠵᠤ᠂ ᠲᠣᠰᠬᠣᠨ᠎ᠤ ᠪᠦᠬᠦ ᠡᠷᠤᠭᠡ᠎ᠳᠤ ᠲᠦᠭᠡᠭᠡᠯ ᠤᠰᠤ ᠨᠡᠪᠲᠡᠷᠡᠭᠦᠯᠪᠡ; ᠲᠣᠰᠬᠣᠨ᠎ᠤ 12 ᠺᠢᠯᠣᠮᠧᠲᠷ ᠵᠡᠭᠡᠯᠢ ᠭᠤᠳᠤᠮᠵᠢ ᠵᠢᠨ ᠵᠠᠮ᠎ᠢ ᠬᠦᠮᠦᠨ ᠵᠣᠬᠢᠶᠠᠨ ᠪᠠᠶ᠋ᠢᠭᠤᠯᠤᠨ ᠵᠠᠰᠠᠵᠤ᠂ 3000 ᠰᠠᠭᠤᠷᠢ ᠮᠣᠳᠣ ᠵᠠᠢ᠌ᠯᠠᠵᠤ᠂ 120 ᠨᠡᠷᠡᠨ᠎ᠤ ᠡᠨᠧᠷᠭᠢ ᠵᠢᠨ ᠵᠠᠮ᠎ᠤᠨ ᠳ᠋ᠧᠩ ᠲᠠᠭ᠋ᠠᠷᠠᠭᠤᠯᠵᠤ᠂ 300 ᠭᠠᠷᠤᠶ ᠲᠡᠷᠭᠡ ᠬᠣᠭ ᠨᠣᠪᠰᠢ ᠵᠢ ᠴᠡᠪᠡᠷᠯᠡᠨ᠂ ᠲᠣᠰᠬᠣᠨ᠎ᠤ ᠠᠷᠠᠳ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠪᠦᠲᠦᠮᠵᠢᠲᠡᠶ ᠰᠠᠶ᠋ᠢᠵᠢᠷᠠᠭᠤᠯᠵᠤ᠂ ᠠᠷᠪᠠᠨ ᠳᠦᠷᠪᠡᠨ ᠰᠤᠮᠤ ᠲᠣᠰᠬᠣᠨ ᠢ ᠨᠤᠷᠠᠬᠤ ᠠᠶᠤᠯᠲᠠᠶ ᠬᠡᠷ ᠪᠠᠶ᠋ᠢᠰᠢᠩ ᠪᠠ ᠰᠢᠷᠣᠶ ᠵᠢᠨ ᠵᠠᠮ᠎ᠠᠴᠠ ᠦᠨᠳᠦᠰᠦᠨ ᠳᠤ᠎ᠪᠠᠨ ᠰᠠᠯᠭ᠋ᠠᠵᠤ᠂ ᠰᠦᠯᠵᠢᠶ᠎ᠡ ᠵᠢ ᠪᠦᠷᠢᠨ ᠪᠦᠷᠬᠥᠭᠥᠯᠬᠥ ᠵᠢ ᠪᠡᠶᠡᠯᠡᠭᠦᠯᠪᠡ; ᠨᠥᠬᠥᠴᠡᠯ᠎ᠳᠤ ᠨᠡᠶ᠋ᠢᠴᠡᠬᠦ 82 ᠶᠠᠳᠠᠭᠤ ᠬᠦᠴᠢᠷᠳᠡᠯᠲᠡᠶ ᠡᠷᠦᠬᠡ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠡᠷᠡᠮᠡᠯᠵᠡᠨ ᠭᠦᠢ᠍ᠴᠡᠳᠭᠡᠵᠦ᠂ 40 ᠭᠠᠷᠤᠶ ᠲᠦᠮᠡᠨ ᠲᠥᠭᠥᠷᠢᠭ᠎ᠤᠨ ᠶᠠᠳᠠᠭᠤ ᠵᠢ ᠲᠡᠳᠬᠦᠬᠦ ᠪᠠᠯᠠ ᠮᠥᠩᠭᠥ ᠵᠢ ᠠᠰᠢᠭᠯᠠᠨ ᠠᠯᠠᠰᠢᠨ ᠬᠣᠨᠢ ᠲᠡᠵᠢᠭᠡᠨ ᠦᠷᠡᠵᠢᠭᠦᠯᠬᠦ ᠦᠢ᠍ᠯᠡᠰ᠎ᠢ ᠬᠥᠭᠵᠢᠭᠦᠯᠵᠦ᠂ 3 ᠡᠷᠦᠬᠡ ᠶᠠᠳᠠᠭᠤ ᠬᠦᠴᠢᠷᠳᠡᠯᠲᠡᠶ ᠡᠷᠦᠬᠡ ᠵᠢᠨ ᠠᠯᠠᠰᠢᠨ ᠬᠣᠨᠢ ᠲᠡᠵᠢᠭᠡᠨ ᠦᠷᠡᠵᠢᠭᠦᠯᠬᠦ ᠦᠢ᠍ᠯᠡᠰ᠎ᠢ ᠬᠥᠭᠵᠢᠭᠦᠯᠬᠦ᠎ᠳᠤᠨᠢ ᠪᠠᠯᠠ ᠮᠥᠩᠭᠥ ᠵᠢᠨ ᠳᠡᠮᠵᠢᠯᠭᠡ ᠬᠠᠩᠭ᠋ᠠᠪᠠ᠃ ᠣᠳᠣᠬᠠᠨ᠎ᠳᠤ᠂ ᠠᠷᠪᠠᠨ ᠳᠦᠷᠪᠡᠨ ᠰᠤᠮᠤ ᠲᠣᠰᠬᠣᠨ᠎ᠳᠤ ᠨᠡᠶ᠋ᠢᠲᠡ 60 ᠡᠷᠦᠬᠡ ᠦᠯᠴᠢᠷ ᠬᠣᠨᠢ ᠲᠡᠵᠢᠭᠡᠨ ᠦᠷᠡᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠵᠢᠨ ᠵᠢᠯ ᠪᠦᠷᠢ ᠵᠢᠨ ᠣᠷᠣᠯᠭ᠎ᠠ᠎ᠨᠢ 26000 ᠲᠥᠭᠥᠷᠢᠭ᠎ᠲᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠵᠢᠨ ᠬᠥᠮᠦᠨ ᠳᠤᠮᠳᠠᠴᠢ ᠵᠢᠨ ᠣᠷᠣᠯᠭ᠎ᠠ᠎ᠨᠢ 15000 ᠲᠥᠭᠥᠷᠢᠭ ᠨᠡᠮᠡᠭᠳᠡᠵᠦ᠂ ᠲᠠᠷᠢᠶᠠᠴᠢᠳ᠎ᠤᠨ ᠵᠣᠯ ᠵᠢᠷᠭ᠋ᠠᠯ᠎ᠤᠨ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠬᠥᠭᠵᠢᠯᠲᠡ ᠵᠢᠨ ᠦᠷ᠎ᠡ ᠪᠦᠲᠦᠭᠡᠯ᠎ᠢ ᠦᠨᠡᠨ ᠬᠦ᠌ ᠡᠳ᠋ᠯᠡᠭᠦᠯᠵᠦ᠂ ᠡᠷᠦᠬᠡ ᠪᠦᠷᠢ᠎ᠳᠤ ᠬᠥᠭᠵᠢᠯᠲᠡ ᠵᠢᠨ ᠦᠨᠡᠨ ᠪᠣᠳᠠᠲᠠᠶ ᠠᠰᠢᠭ ᠲᠤᠰᠠ ᠵᠢ ᠬᠦᠷᠲᠡᠭᠡᠭᠰᠡᠨ ᠪᠠᠶ᠋ᠢᠨ᠎ᠠ᠃
ᠠᠮᠢᠳᠤᠷᠠᠯ ᠰᠠᠢ᠌ᠵᠢᠷᠠᠭᠰᠠᠨᠤ ᠬᠤᠢ᠌ᠨ᠎ᠠ᠂ ᠣᠯᠠᠨ ᠵᠶ᠋ᠠᠷ ᠵᠶ᠋ᠠᠨ ᠰᠡᠳᠬᠢᠯ ᠨᠢᠭᠡᠳᠦᠨ᠂ ᠬᠦᠴᠦ᠎ᠪᠠᠨ ᠬᠠᠮᠲᠤᠳᠬᠠᠵᠤ᠂ ᠴᠤᠯᠮᠤᠨ ᠤ ᠳᠠᠭ᠋ᠠᠭᠤᠯᠭ᠎ᠠ᠎ᠪᠠᠷ ᠠᠷᠪᠠᠨ ᠳᠦᠷᠪᠡᠨ ᠰᠤᠮᠤ ᠲᠣᠰᠬᠣᠨ᠎ᠤ 《ᠬᠣᠶᠠᠷ ᠵᠥᠪᠯᠡᠯ》 ᠨᠢ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠰᠠᠭᠤᠷᠢ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠶᠡᠬᠡ᠎ᠪᠠᠷ ᠦᠷᠨᠢᠭᠦᠯᠵᠦ ᠂ ᠡᠭᠦᠳᠦᠨ ᠪᠠᠶ᠋ᠢᠭᠤᠯᠬᠤ ᠠᠵᠢᠯ᠎ᠤᠨ ᠣᠢ᠌ᠯᠠᠭ᠋ᠠᠭᠳᠠᠭᠤᠨᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠤ᠂ ᠦᠨᠳᠦᠰᠦᠲᠡᠨ᠎ᠨᠦᠭᠦᠳ ᠪᠦᠯᠬᠦᠮᠳᠡᠨ ᠬᠠᠪᠰᠤᠷᠤᠯᠴᠠᠵᠤ᠂ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠬᠥᠭᠥᠷᠭᠡ ᠪᠠ ᠬᠣᠯᠪᠣᠭ᠋ᠠᠰᠤ ᠪᠣᠯᠤᠭᠰᠠᠨ ᠪᠠᠶ᠋ᠢᠨ᠎ᠠ᠃ 2019 ᠣᠨ ᠪᠠ 2020 ᠣᠨ᠎ᠳᠤ᠂ ᠠᠷᠪᠠᠨ ᠳᠦᠷᠪᠡᠨ ᠰᠤᠮᠤ ᠲᠣᠰᠬᠣᠨ ᠬᠣᠶᠠᠷ ᠵᠢᠯ ᠳᠠᠷᠠᠭ᠋ᠠᠯᠠᠨ 《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠰᠬᠣᠨ》 ᠪᠣᠯᠤᠨ 《ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠰᠬᠣᠨ》; 2021 ᠣᠨ᠎ᠳᠤ᠂ ᠠᠷᠪᠠᠨ ᠳᠦᠷᠪᠡᠨ ᠰᠤᠮᠤ ᠲᠣᠰᠬᠣᠨ᠎ᠤ 2 ᠡᠷᠦᠬᠡ 《ᠰᠢᠶᠠᠨ᠎ᠤ ᠱᠠᠲᠤᠨ᠎ᠤ ᠦᠵᠡᠰᠬᠦᠯᠡᠩᠲᠦ ᠰᠠᠶ᠋ᠢᠬᠠᠨ ᠬᠦᠷᠢᠶ᠎ᠡ ᠬᠠᠰᠢᠶ᠎ᠠ ᠵᠢᠨ ᠦᠵᠡᠭᠦᠯᠦᠯᠭᠡ ᠵᠢᠨ ᠡᠷᠦᠬᠡ》᠎ᠪᠠᠷ ᠦᠨᠡᠯᠡᠭᠳᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠪᠡᠶᠡᠯᠡᠭᠦᠯᠪᠡ᠃
ᠲᠦᠷᠦᠭᠦᠦ ᠭᠠᠯᠠᠭᠤ ᠨᠢ ᠰᠠᠶ᠋ᠢᠬᠠᠨ ᠳᠠᠭ᠋ᠠᠭᠤᠯᠪᠠᠯ᠂ ᠵᠡᠯᠡᠯᠡᠭᠰᠡᠨ ᠭᠠᠯᠠᠭᠤᠳ ᠡᠷᠡᠮᠡᠬᠡᠢ᠌ᠯᠡᠨ ᠣᠷᠤᠭᠰᠢᠯᠠᠨ᠎ᠠ᠃ ᠤᠳᠤ ᠠᠷᠪᠠᠨ ᠳᠦᠷᠪᠡᠨ ᠰᠤᠮᠤ ᠲᠣᠰᠬᠣᠨ᠎ᠳᠤ ᠵᠤᠷᠪᠤᠰ ᠵᠤᠷᠪᠤᠰ ᠲᠡᠭᠰᠢᠬᠡᠨ ᠼᠸᠮᠸᠨ᠋ᠲ ᠵᠠᠮ ᠬᠦᠨᠳᠡᠯᠡᠨ ᠭᠤᠯᠳᠤ ᠰᠦᠯᠵᠢᠯᠳᠦᠵᠦ᠂ ᠰᠢᠨ᠎ᠡ ᠲᠣᠭᠣᠰᠬᠠᠨ ᠪᠠᠶ᠋ᠢᠰᠢᠩ ᠨᠢᠭᠡᠳ ᠨᠢᠭᠡ᠎ᠪᠠᠷ ᠰᠦᠨᠳᠡᠷᠯᠡᠨ ᠪᠣᠰᠴᠤ᠂ ᠮᠥᠷ ᠮᠥᠷ ᠨᠣᠭᠣᠭ᠋ᠠᠨ ᠮᠣᠳᠣ ᠬᠠᠪᠤᠷ᠎ᠤᠨ ᠰᠠᠯᠬᠢ ᠵᠢ ᠤᠭᠲᠤᠨ᠂ ᠠᠶ᠋ᠢᠯ ᠲᠣᠰᠬᠣᠨ᠎ᠤ ᠣᠷᠴᠢᠨ ᠲᠣᠭᠣᠷᠢᠨ ᠴᠡᠪᠡᠷ ᠴᠡᠮᠴᠡᠭᠡᠷ ᠪᠠᠶ᠋ᠢᠵᠤ᠂ ᠠᠶ᠋ᠢᠯ ᠡᠷᠦᠬᠡ ᠵᠢᠨ ᠬᠦᠷᠢᠶᠡᠨ᠎ᠳᠤ ᠴᠡᠴᠡᠭ ᠬᠤᠸᠠᠷ ᠳᠡᠯᠭᠡᠷᠡᠵᠦ᠂ ᠲᠣᠰᠬᠣᠨ᠎ᠤ ᠠᠷᠠᠳ ᠡᠶ᠎ᠡ ᠵᠣᠬᠢᠴᠠᠩᠭᠤᠢ᠎ᠪᠠᠷ ᠪᠦᠯᠬᠦᠮᠳᠡᠵᠦ᠂ ᠡᠶ᠎ᠡ ᠵᠣᠬᠢᠴᠠᠩᠭᠤᠢ ᠠᠮᠤᠷ ᠠᠮᠤᠭᠤᠯᠠᠩ ᠠᠷᠪᠠᠨ ᠳᠦᠷᠪᠡᠨ ᠰᠤᠮᠤ ᠲᠣᠰᠬᠣᠨ᠎ᠤ ᠵᠣᠯ ᠵᠢᠷᠭ᠋ᠠᠯ᠎ᠤᠨ ᠵᠢᠷᠤᠭ᠎ᠢ ᠵᠢᠷᠤᠭᠯᠠᠵᠠᠢ᠃
(《ᠰᠤᠷᠤᠯᠴᠠᠯᠭ᠎ᠠ ᠵᠢᠨ ᠬᠦᠴᠦᠷᠬᠡᠭ ᠭᠦᠷᠦᠨ》 ᠸᠢᠴᠠᠲ ᠳᠠᠪᠴᠠᠩ᠎ᠤᠨ ᠦᠪᠦᠷ ᠮᠣᠩᠭᠣᠯ᠎ᠤᠨ ᠰᠤᠷᠤᠯᠴᠠᠯᠭ᠎ᠠ ᠵᠢᠨ ᠳᠠᠪᠴᠠᠩ ᠠᠴᠠ ᠰᠤᠩᠭᠤᠨ ᠣᠷᠴᠢᠭᠤᠯᠪᠠ)