ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠬᠠᠤᠯᠢ ᠴᠠᠭ᠋ᠠᠵᠨ ᠵᠢᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠨᠡᠶᠢᠲᠡᠯᠡᠭᠰᠡᠨ ᠴᠠᠭ᠄ 2023-10-12

ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠠᠩ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠪᠠᠲᠤᠯᠠᠭ᠎ᠠ ᠬᠠᠩᠭ᠋ᠠᠬᠤ ᠲᠠᠯ᠎ᠠ᠎ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ?
      

    ᠦᠪᠤᠷ ᠮᠤᠡᠭᠭᠤᠯ᠎ᠤᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠠᠭᠤᠷᠢ ᠰᠤᠷᠭ᠋ᠠᠨ ᠬᠥᠮᠦᠵᠢᠯ᠎ᠤᠨ ᠭᠠᠵᠠᠷ᠎ᠤᠨ ᠳᠡᠳ᠋ ᠳᠠᠷᠤᠭ᠎ᠠ ᠬᠠᠨ ᠰᠢᠤᠸᠠᠢ ᠵᠢᠨ ᠬᠠᠷᠢᠭᠤᠯᠳᠠ᠄
        ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠬᠤ ᠵᠢ ᠰᠤᠷᠭ᠋ᠠᠨ ᠬᠥᠮᠦᠵᠢᠯ᠎ᠤᠨ ᠬᠦᠷᠢᠶᠡᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠯ᠎ᠡ ᠲᠠᠯ᠎ᠠ ᠡᠯ᠎ᠡ ᠭᠣᠭᠴᠣᠭ᠎ᠠ᠎ᠳᠤ ᠠᠭᠤᠰᠬᠠᠵᠤ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠣᠷᠣᠭᠴᠢ᠂ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠵᠡᠮᠳᠡᠭ ᠬᠡᠦᠬᠡᠳ ᠵᠡᠷᠭᠡ ᠣᠨᠴᠠᠭ᠋ᠠᠶ  ᠬᠦᠮᠦᠰ᠎ᠢ  ᠬᠠᠯᠠᠮᠵᠢᠯᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠰᠤᠷᠭ᠋ᠠᠨ ᠬᠥᠮᠦᠵᠢᠯ᠎ᠤᠨ ᠬᠣᠲᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠣᠭᠣᠷᠣᠨᠳᠣᠬᠢ᠂ ᠬᠠᠮᠲᠤᠯᠢᠭ᠎ᠤᠨ ᠵᠥᠷᠢᠶ᠎ᠡ ᠵᠢ ᠪᠠᠭ᠋ᠠᠰᠬᠠᠨ᠂ ᠬᠡᠦᠬᠡᠳ ᠪᠤᠯᠭ᠋ᠠᠨ᠎ᠳᠤ ᠡᠷᠬᠡ ᠲᠡᠭᠰᠢ ᠪᠥᠭᠡᠳ ᠴᠢᠨᠠᠷ ᠰᠠᠢ᠌ᠲᠠᠢ ᠰᠤᠷᠭ᠋ᠠᠨ ᠬᠥᠮᠦᠵᠢᠯ ᠬᠦᠷᠲᠡᠭᠡᠬᠦ᠎ᠪᠠᠷ ᠴᠢᠷᠮᠠᠢ᠌ᠵᠤ᠂  ᠤᠯᠠᠨ ᠲᠦᠮᠡᠨ᠎ᠤ 《ᠰᠤᠷᠭ᠋ᠠᠭᠤᠯᠢ᠎ᠳᠤ ᠰᠠᠭᠤᠯᠭ᠋ᠠᠬᠤ ᠳᠤᠷᠠᠲᠠᠢ》 ᠪᠠᠢ᠌ᠬᠤ ᠬᠡᠷᠡᠭᠴᠡᠭᠡ ᠵᠢ ᠨᠠᠩ ᠰᠠᠢ᠌ᠨ ᠬᠠᠩᠭ᠋ᠠᠨ᠎ᠠ᠃
   ᠨᠢᠭᠡ᠎ᠳᠤ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠢ ᠪᠦᠬᠦᠨ᠎ᠢ ᠲᠤᠰᠠᠯᠠᠬᠤ ᠰᠢᠰᠲᠸᠮ᠎ᠢ ᠪᠠᠢ᠌ᠭᠤᠯᠪᠠ᠃ ᠠᠵᠢᠯ᠎ᠤᠨ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠣᠷᠣᠭᠴᠢ ᠵᠢ ᠨᠠᠷᠢᠯᠢᠭ ᠣᠨᠣᠴᠠᠲᠠᠢ ᠮᠠᠭ᠋ᠠᠳᠯᠠᠨ ᠲᠤᠬᠳᠠᠭ᠋ᠠᠪᠠ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠠᠴᠠ ᠠᠰᠫᠢᠷᠠᠨᠲ᠎ᠤᠨ ᠰᠤᠷᠭ᠋ᠠᠨ ᠬᠥᠮᠦᠵᠢᠯ ᠬᠦᠷᠲᠡᠯ᠎ᠡ ᠪᠦᠬᠦᠨ᠎ᠢ ᠬᠠᠮᠤᠷᠤᠭᠰᠠᠨ ᠰᠤᠷᠤᠭᠴᠢᠳ᠎ᠢ ᠲᠡᠳᠬᠦᠨ ᠲᠤᠰᠠᠯᠠᠬᠤ ᠰᠢᠰᠲ᠋ᠧᠮ᠎ᠢ ᠪᠠᠢ᠌ᠭᠤᠯᠤᠨ  ᠲᠡᠬᠦᠯᠳᠡᠷᠵᠢᠬᠦᠯᠪᠡ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠱᠠᠳᠤᠨ᠎ᠳᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠯ ᠵᠶ᠋ᠡᠷ ᠳᠡᠮᠵᠢᠨ ᠪᠠᠢ᠌ᠭᠤᠯᠤᠭᠰᠠᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ ᠪᠣᠯᠣᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠠᠷᠠᠳ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠲᠤ ᠰᠤᠷᠤᠯᠴᠠᠵᠤ ᠪᠠᠢ᠌ᠭ᠎ᠠ ᠬᠡᠦᠬᠡᠳ᠎ᠤᠨ ᠠᠰᠠᠷᠠᠨ ᠬᠥᠮᠥᠵᠢᠭᠦᠯᠬᠦ ᠵᠠᠷᠤᠳᠠᠯ᠎ᠢ ᠬᠠᠰᠤᠵᠤ ᠰᠤᠷᠤᠯᠭ᠎ᠠ ᠵᠢ ᠲᠡᠳᠬᠦᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ ᠰᠤᠷᠤᠭᠴᠢᠳ᠎ᠤᠨ ᠠᠮᠢᠳᠤᠷᠠᠯ᠎ᠤᠨ ᠵᠠᠷᠤᠳᠠᠯ᠎ᠢ ᠨᠥᠬᠥᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠰᠢᠮ᠎ᠡ ᠲᠡᠵᠢᠬᠡᠯ᠎ᠢ ᠰᠠᠢ᠌ᠵᠢᠷᠠᠭᠤᠯᠬᠤ ᠲᠦᠯᠤᠪᠯᠡᠬᠡ ᠵᠢ ᠬᠡᠷᠡᠭᠵᠢᠬᠦᠯᠪᠡ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠎ᠪᠠᠷ ᠭᠣᠣᠯ ᠴᠣᠭᠴᠠ ᠪᠣᠯᠭ᠋ᠠᠭᠰᠠᠨ᠂ ᠰᠤᠷᠭ᠋ᠠᠭᠤᠯᠢ ᠪᠠ ᠨᠡᠢ᠌ᠭᠡᠮ᠎ᠠᠴᠠ ᠵᠣᠭᠣᠰ ᠮᠥᠩᠭᠥ᠎ᠪᠠᠷ ᠲᠤᠰᠠᠯᠠᠬᠤ᠂ ᠠᠵᠢᠯ᠎ᠤᠨ ᠪᠠᠢ᠌ᠷᠢ ᠣᠷᠣᠯᠠᠨ ᠳᠠᠳᠤᠯᠭ᠎ᠠ ᠬᠢᠬᠦ᠎ᠪᠠᠷ ᠨᠥᠬᠥᠪᠦᠷᠢ ᠪᠣᠯᠭ᠋ᠠᠭᠰᠠᠨ ᠵᠣᠭᠣᠰ ᠮᠥᠩᠭᠥ᠎ᠪᠠᠷ ᠲᠤᠰᠠᠯᠠᠬᠤ ᠠᠵᠢᠯᠯᠠᠭ᠎ᠠ ᠦᠷᠨᠢᠬᠦᠯᠪᠡ᠃
   ᠬᠣᠶᠠᠷ᠎ᠲᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠪᠠᠲᠤᠲᠠᠢ ᠠᠬᠢᠭᠤᠯᠵᠤ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠡᠷᠡᠭᠦᠯ ᠬᠦᠭᠵᠢᠯᠳᠡ ᠵᠢ ᠠᠬᠢᠭᠤᠯᠪᠠ᠃ ᠭᠡᠷ᠎ᠲᠤ᠎ᠪᠠᠨ ᠬᠣᠴᠣᠷᠤᠭᠰᠠᠨ ᠬᠡᠦᠬᠡᠳ᠎ᠲᠤ ᠲᠥᠷᠥᠯ ᠰᠠᠳᠤᠨ᠎ᠤ ᠬᠠᠢ᠌ᠷ᠎ᠠ ᠬᠠᠯᠠᠮᠵᠢ ᠳᠤᠲᠠᠮᠠᠭ᠂ ᠭᠡᠷ ᠪᠦᠯᠢ ᠵᠢᠨ ᠰᠤᠷᠭ᠋ᠠᠨ ᠬᠥᠮᠦᠵᠢᠯ ᠳᠤᠲᠠᠮᠠᠭ ᠵᠡᠷᠭᠡ ᠰᠢᠯᠲᠠᠭ᠋ᠠᠨ᠎ᠠᠴᠠ ᠪᠣᠯᠵᠤ ᠠᠮᠠᠷᠬᠠᠨ ᠰᠡᠳᠬᠢᠴᠡ ᠵᠢᠨ ᠠᠰᠠᠭᠤᠳᠠᠯ ᠡᠭᠦᠰᠬᠡᠬᠦ ᠪᠠᠢ᠌ᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠠᠵᠢᠯ᠎ᠢ ᠤᠯᠠᠮ ᠴᠢᠩᠭ᠋ᠠᠳᠬᠠᠬᠤ ᠠᠷᠭ᠎ᠠ》᠎ᠢ ᠳᠠᠷᠤᠮᠠᠯᠯᠠᠨ ᠲᠠᠷᠬᠠᠭ᠋ᠠᠪᠠ᠃ ᠡᠯ᠎ᠡ ᠠᠢ᠌ᠮᠠᠭ ᠬᠣᠲᠠ ᠵᠢᠨ ᠬᠥᠳᠡᠭᠡ ᠲᠣᠰᠬᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠳᠤ ᠰᠤᠷᠭ᠋ᠠᠭᠤᠯᠢ ᠵᠢᠨ ᠲᠠᠰ᠎ᠤᠨ ᠰᠡᠳᠬᠢᠴᠡ ᠵᠢᠨ ᠬᠥᠮᠦᠵᠢᠯ ᠪᠠ ᠵᠥᠪᠯᠡᠯᠭᠡ ᠥᠭᠬᠦ ᠪᠠᠢ᠌ᠭᠤᠯᠤᠮᠵᠢ ᠭᠠᠷᠭ᠋ᠠᠵᠤ᠂ ᠰᠡᠳᠬᠢᠴᠡ ᠵᠢᠨ ᠵᠢᠭ᠋ᠠᠨ ᠰᠤᠳᠤᠯᠤᠭᠴᠢ᠂ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ᠂ ᠲᠤᠰᠬᠠᠢ ᠡᠮᠴᠢᠯᠡᠭᠡᠨ᠎ᠤ ᠪᠠᠢ᠌ᠭᠤᠯᠤᠮᠵᠢ ᠵᠢᠨ ᠰᠡᠳᠬᠢᠴᠡ ᠵᠢᠨ ᠡᠮᠴᠢ ᠵᠡᠷᠭᠡ ᠡᠯ᠎ᠡ ᠲᠠᠯ᠎ᠠ ᠵᠢᠨ ᠬᠦᠴᠦᠨ᠎ᠢ  ᠡᠮᠬᠢᠯᠡᠵᠤ ᠪᠠᠢ᠌ᠭ᠋ᠠᠳ ᠰᠤᠷᠭ᠋ᠠᠭᠤᠯᠢ ᠵᠢᠨ ᠰᠡᠳᠬᠢᠴᠡ ᠵᠢᠨ ᠬᠢᠮᠤᠷᠠᠯ᠎ᠢ ᠤᠷᠢᠳᠴᠢᠯᠠᠨ ᠰᠡᠷᠭᠡᠢ᠌ᠯᠡᠬᠦ᠂ ᠬᠠᠮᠢᠶᠠᠷᠬᠤ ᠪᠠ ᠰᠢᠯᠵᠢᠭᠦᠯᠦᠨ ᠲᠠᠨᠢᠯᠴᠠᠭᠤᠯᠬᠤ ᠳᠦᠷᠢᠮ᠎ᠢ ᠪᠠᠶ᠋ᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠳᠡᠭᠡᠳᠦ ᠰᠤᠷᠭ᠋ᠠᠭᠤᠯᠢ ᠵᠢᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠳᠤᠮᠳᠠᠳᠤ ᠪᠠᠭ᠎ᠠ ᠰᠤᠷᠭ᠋ᠠᠭᠤᠯᠢ ᠵᠢ ᠳᠡᠮᠵᠢᠬᠦ ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠪᠦᠬᠦ ᠣᠷᠣᠨ᠎ᠤ 15 ᠣᠶᠤᠲᠠᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠲᠥᠪ᠎ᠲᠤ ᠲᠦᠰᠢᠭᠯᠡᠨ ᠮᠠᠨ᠎ᠤ ᠣᠷᠣᠨ᠎ᠤ ᠡᠯ᠎ᠡ ᠠᠢ᠌ᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠵᠦ᠂ ᠵᠠᠰᠠᠭ ᠵᠠᠬᠢᠷᠭ᠋ᠠᠨ᠎ᠤ ᠪᠡᠬᠢᠯᠡᠯᠲᠡ ᠪᠠ ᠣᠷᠣᠨ ᠪᠦᠰᠡ ᠵᠢᠨ ᠬᠠᠷᠰᠢ ᠰᠠᠭ᠋ᠠᠳ᠎ᠢ ᠰᠢᠪᠲᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢᠨ ᠬᠡᠪ ᠴᠢᠨᠠᠷ᠎ᠢ ᠳᠡᠭᠡᠭᠰᠢᠯᠡᠭᠦᠯᠬᠦ᠂ ᠲᠣᠨᠣᠭ ᠲᠥᠬᠦᠭᠡᠷᠦᠮᠵᠢ ᠵᠢᠨ ᠡᠬᠢ ᠪᠠᠶᠠᠯᠢᠭ᠎ᠤᠨ ᠪᠠᠢ᠌ᠭᠤᠯᠤᠯᠲᠠ᠂ ᠰᠡᠳᠬᠢᠴᠡ ᠵᠢᠨ ᠡᠷᠡᠭᠦᠯ ᠮᠡᠨᠳᠦ ᠵᠢᠨ ᠠᠵᠢᠯᠯᠠᠭ᠎ᠠ ᠵᠡᠷᠭᠡ ᠲᠠᠯ᠎ᠠ᠎ᠪᠠᠷ ᠡᠬᠢ ᠪᠠᠶᠠᠯᠢᠭ᠎ᠢ ᠬᠠᠷᠢᠯᠴᠠᠨ ᠨᠡᠪᠳᠡᠷᠡᠯᠴᠡᠬᠦᠯᠬᠦ᠂ ᠬᠠᠮᠲᠤᠷᠠᠨ ᠠᠵᠢᠯᠯᠠᠵᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠨᠢᠭᠲᠠ ᠬᠠᠮᠲᠤᠷᠠᠯᠴᠠᠬᠤ ᠬᠠᠷᠢᠴᠠᠭ᠎ᠠ ᠵᠢ ᠪᠣᠶ ᠪᠣᠯᠭ᠋ᠠᠵᠤ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠥᠪᠡᠷ᠎ᠤᠨ ᠪᠡᠶ᠎ᠡ᠎ᠳᠤ᠎ᠪᠠᠨ ᠰᠠᠢ᠌ᠨ ᠬᠠᠨᠳᠤᠬᠤ᠂ ᠪᠤᠰᠤᠳ ᠬᠥᠮᠥᠨ ᠪᠠ ᠨᠡᠢ᠌ᠭᠡᠮ᠎ᠢ ᠬᠠᠯᠠᠮᠵᠢᠯᠠᠬᠤ᠎ᠳᠤ ᠬᠦᠴᠦᠨ ᠨᠡᠮᠡᠷᠢᠯᠡᠪᠡ᠃ ᠪᠥᠬᠥ ᠣᠷᠣᠨ᠎ᠤ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠢ᠌ᠯᠤᠮᠵᠢ ᠵᠢᠨ 《ᠰᠡᠳᠬᠢᠯ᠎ᠢ ᠵᠥᠭᠡᠯᠡᠷᠡᠭᠦᠯᠬᠦ ᠬᠢᠴᠢᠶᠡᠯ᠎ᠤᠨ ᠲᠠᠩᠬᠢᠮ》᠎ᠤᠨ ᠲᠠᠪᠴᠠᠩ᠎ᠢ ᠪᠠᠢ᠌ᠭᠤᠯᠵᠤ᠂ ᠰᠡᠳᠬᠢᠴᠡ ᠵᠢᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠤᠷᠮ᠎ᠠ ᠰᠡᠳᠬᠢᠯᠭᠡ ᠵᠢᠨ ᠬᠠᠮᠢᠶᠠᠷᠤᠯᠲᠠ᠂ ᠡᠶ᠎ᠡ ᠵᠣᠬᠢᠴᠠᠯ᠎ᠲᠠᠢ ᠡᠴᠢᠭᠡ ᠡᠬᠡ ᠦᠷ᠎ᠡ ᠬᠡᠦᠬᠡᠳ᠎ᠤᠨ ᠬᠠᠷᠢᠴᠠᠭ᠎ᠠ ᠵᠢ ᠪᠠᠶ᠋ᠢᠭᠤᠯᠬᠤ᠂ ᠰᠤᠷᠤᠯᠴᠠᠯᠭ᠎ᠠ ᠵᠢᠨ ᠳᠠᠷᠤᠯᠲᠠ ᠵᠢ ᠵᠠᠯᠠᠵᠤ ᠵᠢᠯᠤᠭᠣᠳᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠬᠥᠳᠡᠭᠡ ᠲᠣᠰᠬᠣᠨ᠎ᠤ ᠭᠡᠷ᠎ᠤᠨ ᠠᠬᠠᠮᠠᠳ᠂ ᠰᠤᠷᠤᠭᠴᠢᠳ᠎ᠲᠤ ᠨᠡᠢ᠌ᠲᠡᠯᠢᠭ ᠰᠡᠳᠬᠢᠴᠡ ᠵᠢᠨ ᠠᠰᠠᠭᠤᠳᠠᠯ᠎ᠢ ᠬᠠᠨᠳᠤᠯᠭ᠎ᠠ᠎ᠲᠠᠢ᠎ᠪᠠᠷ ᠬᠠᠷᠢᠭᠤᠯᠵᠤ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠡᠶ᠎ᠡ ᠵᠣᠬᠢᠴᠠᠯ᠎ᠲᠠᠢ ᠬᠥᠭᠵᠢᠬᠦ ᠵᠢ ᠠᠬᠢᠭᠤᠯᠪᠠ᠃
   ᠭᠤᠷᠪᠠ᠎ᠳᠤ᠂ ᠨᠢᠭᠡᠳᠦᠯᠲᠡᠢ ᠲᠥᠯᠥᠪᠯᠡᠬᠦ ᠠᠵᠢᠯ᠎ᠢ ᠴᠢᠩᠭ᠋ᠠᠳᠬᠠᠵᠤ᠂ ᠣᠨᠴᠠᠭ᠋ᠠᠶ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠡᠬᠦᠯᠳᠡᠷᠵᠢᠬᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ ᠵᠢᠯ〉᠎ᠤᠨ  ᠤᠨᠴᠠᠭ᠋ᠠᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠵᠠᠷᠤᠳᠠᠯ᠎ᠤᠨ ᠪᠠᠲᠤᠯᠠᠭ᠎ᠠ᠂ ᠲᠤᠰᠬᠠᠢ ᠮᠡᠷᠭᠡᠵᠢᠯ᠎ᠤᠨ ᠪᠠᠭᠰᠢ ᠵᠢᠨ ᠪᠣᠯᠪᠠᠰᠤᠷᠠᠯ᠂ ᠰᠤᠷᠭ᠋ᠠᠭᠤᠯᠢ ᠡᠷᠭᠢᠯᠡᠬᠦ ᠨᠥᠬᠥᠴᠡᠯ᠎ᠢ ᠰᠠᠢ᠌ᠵᠢᠷᠠᠭᠤᠯᠬᠤ ᠵᠡᠷᠭᠡ ᠲᠠᠯ᠎ᠠ᠎ᠪᠠᠷ᠎ᠬᠢ ᠳᠡᠮᠵᠢᠯᠭᠡ ᠵᠢ ᠬᠦᠴᠦᠯᠡᠨ ᠨᠡᠮᠡᠭᠳᠡᠬᠦᠯᠪᠡ᠃ ᠬᠥᠩᠭᠡᠨ ᠵᠡᠮᠳᠡᠭ ᠬᠡᠦᠬᠡᠳ ᠡᠩ᠎ᠤᠨ ᠰᠤᠷᠭ᠋ᠠᠭᠤᠯᠢ᠎ᠳᠤ ᠠᠩᠭᠢ ᠳᠠᠭ᠋ᠠᠵᠤ ᠰᠤᠷᠤᠯᠴᠠᠬᠤ᠂ ᠳᠤᠮᠳᠠ ᠵᠢᠨ ᠵᠡᠮᠳᠡᠭ ᠬᠡᠦᠬᠡᠳ ᠣᠨᠴᠣᠭᠤᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠰᠤᠷᠤᠯᠴᠠᠬᠤ᠂ ᠨᠤᠴᠢᠳᠠᠢ ᠵᠡᠮᠳᠡᠭ ᠬᠡᠦᠬᠡᠳ᠎ᠢ ᠭᠡᠷ᠎ᠲᠤ᠎ᠨᠢ ᠬᠦᠷᠭᠡᠬᠦ ᠵᠡᠷᠭᠡ ᠠᠷᠭ᠎ᠠ᠎ᠪᠠᠷ 《ᠨᠢᠭᠡ ᠬᠥᠮᠥᠨ᠎ᠢ ᠨᠢᠭᠡ ᠠᠷᠭ᠎ᠠ》᠎ᠪᠠᠷ ᠰᠢᠢ᠍ᠳᠪᠤᠷᠢᠯᠡᠵᠤ᠂ ᠵᠡᠮᠳᠡᠭ ᠬᠡᠦᠬᠡᠳ ᠪᠤᠯᠭ᠋ᠠᠨ᠎ᠤ ᠡᠷᠬᠡ ᠲᠡᠭᠰᠢ᠎ᠪᠠᠷ ᠰᠤᠷᠭ᠋ᠠᠨ ᠬᠥᠮᠦᠵᠢᠯ ᠭᠥᠷᠳᠡᠬᠦ ᠲᠣᠬᠢᠶᠠᠯ᠎ᠢ   ᠦᠨᠡᠨ ᠬᠦ᠌ ᠪᠠᠳᠤᠯᠠᠪᠠ᠃ 30 ᠲᠦᠮᠡ᠎ᠠᠴᠠ ᠳᠡᠭᠡᠭᠰᠢ ᠬᠥᠮᠥᠨ᠎ᠲᠠᠢ ᠬᠣᠰᠢᠭᠤ ᠰᠢᠶᠠᠨ᠎ᠳᠤ ᠣᠲᠣ ᠴᠥᠮ ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠪᠠᠢ᠌ᠭᠤᠯᠵᠤ᠂ ᠪᠥᠬᠥ ᠣᠷᠣᠨ᠎ᠤ ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠨᠡᠶ᠋ᠢᠲᠡ 52᠂  ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ 5920᠂ ᠠᠩᠭᠢ ᠳᠠᠭ᠋ᠠᠵᠤ ᠰᠤᠷᠤᠯᠴᠠᠵᠤ ᠪᠠᠢ᠌ᠭ᠎ᠠ ᠰᠣᠷᠣᠭᠴᠢ 6267᠂ 2684 ᠬᠡᠤᠬᠡᠳ᠎ᠢ ᠭᠡᠷ᠎ᠲᠤ᠎ᠨᠢ ᠬᠦᠷᠭᠡᠵᠦ᠂ ᠪᠥᠬᠥ ᠣᠷᠣᠨ᠎ᠤ ᠰᠤᠷᠬᠤ ᠨᠠᠰᠤᠨ᠎ᠤ ᠵᠡᠮᠳᠡᠭ ᠬᠡᠦᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠨᠣᠷᠮ᠎ᠠ 97%᠎ᠠᠴᠠ ᠳᠡᠭᠡᠭᠰᠢ᠎ᠳᠤ ᠬᠥᠷᠪᠡ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ ᠲᠠᠷᠠᠭ᠋ᠠᠴᠢ ᠎ᠪᠠᠷ  ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ᠎ᠪᠠᠷ ᠤᠳᠤᠷᠢᠳᠤᠮᠵᠢ ᠪᠣᠯᠭ᠋ᠠᠵᠤ᠂ ᠭᠡᠷ᠎ᠤᠨ ᠡᠭᠦᠳᠡᠨ᠎ᠳᠤ᠎ᠬᠢ ᠰᠤᠷᠭ᠋ᠠᠭᠤᠯᠢ  ᠨᠢᠬᠡ ᠪᠦᠷᠢ ᠵᠢ ᠰᠠᠢ᠌ᠲᠤᠷ ᠡᠷᠭᠢᠯᠡᠬᠦ᠎ᠪᠠᠷ ᠬᠠᠷᠠᠯᠲᠠ ᠪᠣᠯᠭ᠋ᠠᠨ᠂ ᠡᠬᠢ ᠪᠠᠶᠠᠯᠢᠭ᠎ᠤᠨ ᠬᠠᠩᠭ᠋ᠠᠯᠭ᠎ᠠ ᠵᠢ ᠤᠯᠠᠮ ᠴᠢᠩᠭ᠋ᠠᠳᠬᠠᠵᠤ᠂ ᠳᠦᠷᠢᠮ ᠲᠣᠭᠲᠠᠴᠠ ᠵᠢ ᠲᠡᠭᠦᠯᠳᠡᠷᠵᠢᠭᠦᠯᠦᠨ᠂ ᠬᠥᠮᠥᠨ᠎ᠢ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠤᠨ ᠪᠥᠬᠥ ᠶᠠᠪᠤᠴᠠ ᠵᠢ ᠬᠡᠦᠬᠡᠳ ᠨᠢᠬᠡ ᠪᠦᠷᠢ ᠵᠢᠨ ᠪᠥᠬᠥ ᠲᠠᠯ᠎ᠠ᠎ᠪᠠᠷ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠦᠢ᠍ᠯᠡᠴᠢᠯᠡᠬᠦᠯᠵᠤ᠂ ᠬᠡᠦᠬᠡᠳ ᠪᠤᠯᠭ᠋ᠠᠨ᠎ᠳᠤ ᠠᠮᠢᠳᠤᠷᠠᠯ᠎ᠳᠤ᠎ᠪᠠᠨ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠵᠠᠪᠰᠢᠶᠠᠨ᠎ᠢ ᠣᠯᠭᠣᠬᠤ᠎ᠪᠠᠷ ᠴᠢᠷᠮᠠᠢ᠌ᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ᠄
ᠬᠢᠯᠢ ᠵᠢᠨ ᠮᠠᠯᠴᠢᠳ᠎ᠤᠨ ᠬᠦᠰᠡᠯ ᠬᠦᠭᠡᠭᠡᠴᠡᠯᠳᠦᠯ ᠪᠤᠶᠤ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠳᠡ
《ᠲᠡᠮᠦᠷ ᠡᠷ᠎ᠡ》 ᠪᠤᠤ ᠳ᠋ᠠ ᠰᠢ ᠵᠢᠨ 《ᠲᠡᠨᠡᠭ》 ᠵᠢᠳᠬᠦᠯ
 
            