ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠦᠮᠤᠵᠢᠯ᠎ᠤᠨ ᠤᠷᠳᠤᠨ᠎ᠢ ᠲᠤᠭᠤᠷᠢᠨ ᠦᠵᠡᠬᠦᠯᠪᠡ
ᠨᠡᠶᠢᠲᠡᠯᠡᠭᠰᠡᠨ ᠴᠠᠭ᠄ 2024-05-31

  ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠵᠤ᠂ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠᠳᠤ ᠵᠢᠨ ᠦᠨᠳᠦᠰᠦᠲᠡᠨ᠎ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠵᠢ ᠨᠡᠮᠡᠭᠳᠡᠭᠦᠯᠵᠦ᠂ 《ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠦᠯᠤᠬᠡ 5 ᠰᠠᠷ᠎ᠠ ᠵᠢᠨ 29 ᠎ᠤ ᠡᠳᠦᠷ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠳᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠣᠷᠳᠣᠨ᠎ᠳᠤ ᠲᠤᠭᠤᠷᠢᠨ ᠦᠵᠡᠬᠦᠯᠪᠡ᠃

W020240530618210496735_ORIGIN.jpg     ᠦᠵᠡᠭᠦᠯᠦᠯᠭᠡ᠎ᠨᠢ ᠦᠨᠳᠦᠰᠦᠲᠡᠨ᠎ᠨᠦᠭᠦᠳ᠎ᠤᠨ ᠠᠭᠤᠰᠤᠯᠴᠠᠨ ᠴᠤᠭᠯᠠᠷᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠡᠭᠦᠰᠦᠯ᠂ ᠪᠦᠷᠢᠯᠳᠦᠯ ᠪᠠ ᠬᠥᠭᠵᠢᠯᠲᠡ᠎ᠪᠠᠷ ᠦᠯᠢᠭᠡᠷ᠎ᠤᠨ ᠭᠣᠣᠯ ᠰᠢᠵᠢᠮ ᠪᠣᠯᠭ᠋ᠠᠵᠤ᠂  《ᠪᠢᠳᠡ ᠬᠠᠮᠢᠭ᠎ᠠ᠎ᠠᠴᠠ ᠢᠷᠡᠭᠰᠡᠨ ᠪᠤᠶ》 《ᠪᠢᠳᠡ ᠬᠡᠨ ᠪᠤᠶ》 《ᠪᠢᠳᠡ ᠬᠠᠮᠢᠭ᠎ᠠ ᠣᠴᠢᠬᠤ ᠪᠤᠶ》 ᠭᠡᠬᠦ ᠭᠤᠷᠪᠠᠨ ᠬᠡᠰᠡᠭ᠎ᠠᠴᠠ ᠳᠤᠮᠳᠠᠳᠤ ᠵᠢᠨ ᠦᠨᠳᠦᠰᠦᠲᠡᠨ᠎ᠤ ᠪᠣᠶ᠋ᠢᠵᠢᠯᠲᠠ ᠪᠠ ᠡᠭᠦᠰᠦᠯ᠂ ᠳᠤᠮᠳᠠᠳᠤ ᠵᠢᠨ ᠦᠨᠳᠦᠰᠦᠲᠡᠨ ᠠᠶᠠᠨᠳᠠᠭ᠋ᠠᠨ ᠪᠠᠢ᠌ᠭᠰᠠᠨ᠎ᠠᠴᠠ᠎ᠪᠠᠨ ᠤᠬᠠᠮᠰᠠᠷ᠎ᠲᠠᠢ ᠲᠡᠢ᠌ᠰᠢ ᠠᠶᠠᠯᠠᠬᠰᠠᠨ᠂ ᠳᠤᠮᠳᠠᠳᠤ ᠵᠢᠨ ᠦᠨᠳᠦᠰᠦᠲᠡᠨ ᠠᠭᠤᠤ ᠶᠡᠬᠡ ᠰᠡᠷᠭᠦᠨ ᠮᠠᠨᠳᠤᠯᠲᠠ ᠵᠦᠭ ᠤᠷᠤᠭᠰᠢᠯᠠᠭᠰᠠᠨ ᠲᠡᠤᠬᠡ ᠵᠢ ᠲᠤᠭ᠋ᠠᠴᠢᠨ ᠦᠬᠦᠯᠡᠵᠡᠢ᠃ ᠲᠣᠭᠣᠷᠢᠨ ᠦᠵᠡᠬᠦ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠎ᠪᠠᠷ ᠳᠠᠮᠵᠢᠭᠤᠯᠤᠨ ᠬᠥᠭᠵᠢᠯᠲᠡ ᠵᠢᠨ ᠲᠡᠦᠬᠡ ᠪᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠂ ᠦᠨᠡᠨ ᠪᠣᠳᠠᠲᠠᠢ ᠰᠢᠨ᠎ᠡ ᠰᠣᠷᠭᠣᠭ ᠭᠡᠷᠡᠯ ᠵᠢᠷᠤᠭ᠎ᠢ ᠪᠦᠷᠢᠯᠳᠦᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠰᠦᠷ ᠳᠠᠯᠠᠢ᠌ᠴᠠᠲᠠᠢ ᠲᠡᠦᠬᠡ ᠵᠢᠨ ᠤᠷᠳᠤ ᠠᠶᠠᠨ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠵᠢ ᠭᠦᠨ ᠰᠠᠭᠤᠭᠳᠠᠯ᠎ᠲᠠᠢ᠎ᠪᠠᠷ ᠡᠷᠭᠢᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ ᠵᠢᠨ ᠠᠭᠤᠯᠤᠭᠳᠠᠬᠤᠨ ᠪᠠ ᠱᠠᠭ᠋ᠠᠷᠳᠠᠯᠭ᠎ᠠ ᠵᠢ ᠨᠡᠩ ᠰᠢᠭᠤᠳ ᠲᠣᠳᠣᠷᠬᠠᠢ ᠮᠡᠳᠡᠷᠡᠬᠦᠯᠵᠡᠢ᠃

W020240530618211378099_ORIGIN.jpg    ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ ᠨᠠᠮ᠎ᠤᠨ ᠭᠡᠰᠢᠭᠦᠨ ᠺᠠᠳ᠋ᠷᠴᠤᠳ᠄ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠨᠠᠮ᠎ᠤᠨ ᠠᠴᠢ ᠵᠢ ᠮᠡᠳᠡᠷᠡᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ  ᠪᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠬᠦᠷᠬᠡ ᠬᠠᠷᠢᠭᠤᠴᠠᠯᠭ᠋ᠠᠲᠤ ᠰᠡᠳᠬᠢᠯᠭᠡ᠎ᠪᠠᠨ ᠤᠯᠠᠮ ᠪᠠᠲᠤᠳᠬᠠᠵᠤ᠂ ᠬᠠᠷᠠᠯᠲᠠ᠎ᠪᠠᠨ ᠲᠤᠬᠳᠠᠭ᠋ᠠᠨ ᠡᠷᠡᠯᠬᠡᠭᠯᠡᠨ ᠤᠷᠤᠭᠰᠢᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠠᠷᠠᠳ᠎ᠤᠨ ᠶᠠᠪᠤᠳᠠᠯ᠎ᠤᠨ ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠨ᠎ᠠ》 ᠭᠡᠵᠦ ᠢᠯᠡᠳᠬᠡᠵᠡᠭᠡᠪᠡ᠃
    ᠲᠢᠩᠬᠢᠮ᠎ᠤᠨ ᠤᠳᠤᠷᠢᠳᠤᠯᠭ᠎ᠠ᠂ ᠡᠯ᠎ᠡ ᠭᠠᠵᠠᠷ ᠲᠠᠰᠤᠭ᠎ᠤᠨ ᠰᠢᠭᠤᠳ ᠬᠠᠷᠢᠶ᠎ᠠ ᠨᠢᠬᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠨᠠᠮ᠎ᠤᠨ ᠭᠡᠰᠢᠭᠦᠨ ᠺᠠᠳ᠋ᠷ 30 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠪᠠ ᠃




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠡᠳᠬᠢᠯ ᠵᠢᠷᠦᠬᠡ᠎ᠪᠠᠨ ᠬᠣᠯᠪᠣᠵᠤ ᠦᠷ᠎ᠡ ᠵᠢᠷᠦᠬᠡ᠎ᠪᠠᠨ ᠨᠢᠭᠡᠳᠬᠡᠨ᠎ᠡ ᠬᠠᠮᠳᠤᠳᠬᠠᠶ᠎ᠠ — 《ᠲᠤᠮᠳᠠᠳᠤᠴᠤᠳ ᠨᠢᠬᠡ ᠬᠡᠷ ᠮᠡᠳᠤ ᠲᠤᠳᠤᠨᠤ᠂ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ》 ᠬᠡᠬᠦ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠡᠬᠢᠯᠡᠭᠦᠯᠵᠡᠢ
 
            