《ᠵᠢᠭ᠋ᠠᠬᠠᠨ ᠰᠢᠷᠭ᠎ᠠ》 ᠵᠢᠨ ᠤᠶᠠᠡᠭᠭ᠎ᠠ ᠢᠷᠠᠭᠤ ᠡᠬᠡᠰᠢᠭ ᠰᠤᠨᠤᠷ ᠪᠠᠶᠠᠰᠬᠠᠬᠤ᠎ᠳᠤ ᠦᠵᠡᠰᠬᠦᠯᠡᠩᠲᠦ ᠰᠠᠢ᠍ᠬᠠᠨ ᠠᠭᠤᠳᠠᠮ ᠲᠠᠯ᠎ᠠ ᠨᠢᠳᠦᠨ᠎ᠤ ᠡᠮᠤᠨ᠎ᠡ ᠢᠯᠡᠷᠡᠬᠦ ᠮᠡᠳᠤ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠯᠢᠬᠡ ᠬᠠᠯᠠᠭᠤᠨ ᠬᠠᠢ᠌ᠷ᠎ᠠ ᠵᠢ ᠢᠯᠡᠳᠭᠡᠭᠰᠡᠨ 《ᠪᠢ ᠡᠬᠡ ᠤᠯᠤᠰ᠎ᠲᠠᠢ᠎ᠪᠠᠨ》 《ᠬᠦᠳᠡᠬᠡ ᠲᠠᠯ᠎ᠠ᠎ᠳᠤ ᠮᠦᠡᠭᠭᠡ ᠵᠢᠨ ᠨᠠᠷᠨ ᠮᠠᠨᠳᠤᠯ᠎ᠠ》 ᠬᠡᠬᠦ ᠲᠠᠭᠤᠤ ᠰᠡᠳᠬᠢᠯ᠎ᠢ ᠬᠡᠵᠢᠬᠡᠳᠡᠨ ᠬᠠᠡᠭᠭᠢᠨᠠᠨᠠ᠃ 《ᠤᠮᠠᠷᠠᠳᠤ ᠬᠢᠯᠢ ᠵᠢᠨ ᠮᠠᠬᠳᠠᠭ᠋ᠠᠯ ᠲᠠᠭᠤᠤ》 ᠬᠡᠬᠦ ᠲᠡᠭᠵᠢᠨ ᠴᠤᠪᠤᠭᠤ ᠪᠦᠵᠢᠭ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠵᠣᠯ ᠵᠢᠷᠭ᠋ᠠᠯᠲᠤ ᠠᠮᠢᠳᠤᠷᠠᠯ᠎ᠢ ᠠᠮᠢᠳᠤᠯᠢᠭ ᠵᠶ᠋ᠠᠷ ᠢᠯᠡᠷᠡᠬᠦᠯᠤᠨ᠎ᠡ ᠁
ᠵᠤᠨ᠎ᠤ ᠳᠡᠯᠭᠡᠷ ᠤᠯᠠᠷᠢᠯ᠎ᠳᠤ ᠬᠢᠩᠭ᠋ᠠᠨ ᠳᠠᠪᠠᠭ᠎ᠠ ᠵᠢᠨ ᠥᠩᠭᠡ ᠦᠵᠡᠮᠵᠢ ᠭᠣᠶᠣᠬᠠᠨ ᠪᠠᠢ᠌ᠳᠠᠭ᠃ 6 ᠳ᠋ᠤᠭ᠋ᠠᠷ ᠰᠠᠷ᠎ᠠ ᠵᠢᠨ 24᠎ᠤ ᠡᠳᠦᠷ ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ᠎ᠬᠢᠨ᠎ᠤ ᠬᠠᠮᠲᠤᠷᠠᠨ ᠡᠷᠭᠢᠯᠡᠭᠰᠡᠨ 《ᠲᠤᠮᠳᠠᠳᠤᠴᠤᠳ ᠨᠢᠬᠡ ᠬᠡᠷ ᠮᠡᠳᠤ ᠲᠤᠳᠤᠨᠤ᠂ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ》 ᠭᠡᠬᠦ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠳᠤ ᠡᠬᠢᠯᠡᠪᠡ᠃ ᠲᠥᠪ᠎ᠤᠨ ᠪᠠ ᠬᠡᠰᠡᠭ ᠭᠠᠵᠠᠷ ᠣᠷᠣᠨ᠎ᠤ ᠭᠣᠣᠯ ᠰᠣᠨᠢᠨ ᠮᠡᠳᠡᠭᠡᠨ᠎ᠤ ᠵᠠᠭᠤᠴᠢᠯᠠᠭᠤᠷ᠂ ᠬᠡᠰᠡᠭ ᠠᠵᠢᠯ ᠲᠦᠷᠦᠯ᠎ᠤᠨ ᠵᠠᠭᠤᠴᠢᠯᠠᠭᠤᠷ᠎ᠤᠨ ᠨᠠᠢ᠌ᠷᠠᠭᠤᠯᠤᠭᠴᠢ ᠰᠤᠷᠪᠤᠯᠵᠢᠯᠠᠭᠴᠢ ᠵᠢᠨ ᠲᠥᠯᠥᠭᠡᠯᠡᠭᠴᠢ 120 ᠭᠠᠷᠤᠢ ᠬᠥᠮᠥᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃
ᠲᠤᠰ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠤᠷᠢᠯᠭ᠎ᠠ᠎ᠪᠠᠷ ᠭᠣᠣᠯ ᠵᠠᠭᠤᠴᠢᠯᠠᠭᠤᠷ᠎ᠤᠨ᠎ᠬᠢᠨ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ ᠭᠠᠵᠠᠷ᠎ᠲᠤ ᠬᠦᠷᠴᠦ ᠰᠤᠷᠪᠤᠯᠵᠢᠯᠠᠨ ᠪᠠᠢ᠌ᠴᠠᠭ᠋ᠠᠨ ᠰᠤᠳᠤᠯᠤᠯᠲᠠ ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠤᠬᠰᠠᠨ ᠠᠮᠢᠳᠤᠯᠢᠭ ᠦᠢ᠍ᠯᠡᠳᠦᠯᠭᠡ ᠪᠣᠯᠣᠨ ᠰᠢᠨ᠎ᠡ ᠵᠢ ᠡᠭᠦᠳᠦᠭᠰᠡᠨ ᠲᠤᠷᠰᠢᠯᠭ᠎ᠠ ᠵᠢ ᠣᠯᠠᠨ ᠲᠠᠯ᠎ᠠ᠎ᠠᠴᠠ᠂ ᠪᠦᠬᠦ ᠲᠠᠯ᠎ᠠ᠎ᠪᠠᠷ ᠮᠡᠳᠡᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠤᠭᠰᠠᠨ ᠣᠨᠴᠠᠯᠢᠭᠲᠤ ᠠᠷᠭ᠎ᠠ ᠬᠡᠮᠵᠢᠶ᠎ᠡ ᠪᠠ ᠨᠡᠢ᠌ᠲᠡᠯᠢᠭ ᠵᠢᠱ᠌ᠢᠶ᠎ᠡ ᠵᠢ ᠭᠦᠨᠵᠡᠭᠡᠢ ᠮᠡᠳᠡᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠨᠤᠯ᠎ᠤᠨ ᠯᠣᠭᠢᠭ᠂ ᠲᠡᠦᠬᠡ ᠵᠢᠨ ᠯᠣᠭᠢᠭ ᠪᠣᠯᠣᠨ ᠪᠣᠳᠠᠲᠤ ᠠᠬᠤᠢ ᠵᠢᠨ ᠯᠣᠭᠢᠭ᠎ᠢ ᠲᠣᠳᠣᠷᠬᠠᠢ᠌ᠯᠠᠨ ᠪᠠᠳᠤᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠪᠦᠬᠦ ᠲᠠᠯ᠎ᠠ᠎ᠪᠠᠷ ᠬᠠᠷᠠᠭᠤᠯᠵᠤ᠂ ᠳᠤᠮᠳᠠᠳᠤ ᠵᠢᠨ ᠦᠨᠳᠦᠰᠦᠲᠡᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠭᠠᠷ ᠵᠶ᠋ᠡᠨ ᠬᠣᠯᠪᠣᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠪᠠ᠃
ᠡᠨᠡ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠨᠡᠩ ᠴᠤ᠌ ᠰᠢᠨ᠎ᠡ ᠴᠠᠭ ᠦᠶ᠎ᠡ ᠵᠢᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠰᠠᠢ᠌ᠨ ᠰᠠᠢ᠌ᠬᠠᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠤᠨ ᠠᠮᠢᠳᠤᠯᠢᠭ ᠦᠵᠡᠭᠦᠯᠦᠯᠭᠡ ᠪᠣᠯᠣᠨ᠎ᠠ᠃
ᠬᠤᠪᠢᠰᠬᠠᠯᠳᠤ ᠬᠢᠩᠭ᠋ᠠᠨ᠎ᠤ ᠪᠣᠬᠢᠷᠲᠤᠯ ᠦᠭᠡᠢ ᠬᠥᠭᠵᠢᠯᠲᠡ᠃ ᠥᠪᠥᠷ ᠮᠣᠩᠭᠣᠯ᠎ᠢ ᠣᠢ᠌ᠯᠠᠭ᠋ᠠᠬᠤ᠎ᠳᠤ ᠬᠢᠩᠭ᠋ᠠᠨ ᠠᠢ᠌ᠮᠠᠭ᠎ᠠᠴᠠ ᠡᠬᠢᠯᠡᠬᠦ ᠶᠤᠰᠤᠳᠠᠢ᠃ ᠬᠢᠩᠭ᠋ᠠᠨ ᠠᠢ᠌ᠮᠠᠭ᠎ᠨᠢ ᠨᠠᠮ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠤᠨ ᠬᠠᠮᠤᠭ᠎ᠤᠨ ᠡᠷᠲᠡᠨ᠎ᠤ ᠦᠢ᠍ᠯᠡᠳᠦᠯᠭᠡ ᠵᠢᠨ ᠭᠠᠵᠠᠷ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠠᠢ᠌ᠮᠠᠭ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ᠂ ᠪᠦᠬᠦ ᠤᠯᠤᠰ᠎ᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠪᠣᠯᠤᠭᠰᠠᠨ᠎ᠤ ᠬᠤᠪᠢ᠎ᠳᠤ ᠰᠢᠯᠢᠳᠡᠭ ᠰᠠᠢ᠌ᠨ ᠬᠤᠪᠢᠰᠬᠠᠯ᠎ᠤᠨ ᠤᠳᠤᠮᠰᠢᠯ ᠪᠠ ᠭᠦᠨ ᠵᠤᠵᠠᠭ᠋ᠠᠨ ᠪᠠᠢ᠌ᠭ᠋ᠠᠯᠢᠯᠢᠭ ᠰᠠᠭᠤᠷᠢ᠎ᠲᠠᠢ ᠶᠤᠮ᠃ ᠬᠢᠩᠭ᠋ᠠᠨ ᠠᠢ᠌ᠮᠠᠭ᠎ᠨᠢ ᠬᠣᠶᠠᠷ ᠤᠳᠠᠭ᠎ᠠ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ》 ᠵᠢᠡᠷ ᠦᠨᠡᠯᠡᠭᠳᠡᠭᠰᠡᠨ ᠰᠠᠭᠤᠷᠢᠨ ᠳᠡᠭᠡᠷ᠎ᠡ ᠪᠠᠰᠠ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠢ ᠴᠣᠭᠴᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ ᠵᠶ᠋ᠠᠷ ᠲᠣᠭᠲᠠᠭ᠋ᠠᠭᠳᠠᠵᠠᠢ᠃
ᠡᠬᠢᠯᠡᠯᠲᠡ ᠵᠢᠨ ᠶᠣᠰᠣᠯᠠᠯ᠎ᠤᠨ ᠲᠠᠷᠠᠭ᠎ᠠ ᠡᠯ᠎ᠡ ᠵᠠᠭᠤᠴᠢᠯᠠᠭᠤᠷ᠎ᠤᠨ᠎ᠬᠢᠨ ᠬᠥᠬᠡᠬᠣᠲᠠ᠂ ᠪᠤᠭᠤᠲᠤ ᠬᠤᠳᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ᠂ ᠣᠷᠳᠣᠰ ᠬᠤᠳᠠ᠎ᠳᠤ ᠭᠦᠨᠵᠡᠭᠡᠢ᠌ᠷᠡᠨ ᠲᠥᠪᠯᠡᠷᠡᠩᠭᠦᠢ ᠰᠣᠷᠪᠤᠯᠵᠢᠯᠠᠭ᠎ᠠ ᠥᠷᠨᠢᠭᠦᠯᠵᠦ᠂ ᠡᠷᠳᠡᠨ᠎ᠠᠴᠠ ᠡᠳᠦᠭᠡ ᠪᠣᠯᠲᠠᠯ᠎ᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠳᠤ᠎ᠪᠠᠷ ᠴᠤᠭᠯᠠᠷᠠᠨ ᠬᠠᠮᠳᠤ᠎ᠪᠠᠷ ᠰᠤᠷᠤᠯᠴᠠᠬᠤ᠂ ᠬᠠᠮᠳᠤ᠎ᠪᠠᠷ ᠪᠠᠢ᠌ᠭᠤᠯᠵᠤ ᠬᠠᠮᠳᠤ᠎ᠪᠠᠷ ᠡᠳ᠋ᠯᠡᠬᠦ᠂ ᠬᠠᠮᠳᠤ᠎ᠪᠠᠷ ᠠᠵᠢᠯᠯᠠᠵᠤ ᠬᠠᠮᠳᠤ᠎ᠪᠠᠷ ᠪᠠᠶᠠᠰᠬᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠵᠢᠷᠤᠭ ᠲᠥᠰᠥᠪ᠎ᠢ ᠳᠡᠯᠭᠡᠨ ᠦᠵᠡᠭᠦᠯᠬᠦ ᠪᠣᠯᠣᠨ᠎ᠠ᠃ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠶᠠᠩ ᠬᠤᠤ᠄ 《ᠥᠷᠭᠡᠨ ᠠᠭᠤᠳᠠᠮ ᠥᠪᠥᠷ ᠮᠣᠩᠭᠣᠯ᠎ᠤᠨ ᠥᠨᠳᠥᠷᠯᠢᠭ ᠵᠶ᠋ᠡᠷ ᠠᠶᠠᠯᠠᠬᠤ᠎ᠪᠠᠷ ᠳᠠᠮᠵᠢᠨ ᠦᠨᠳᠦᠰᠦᠲᠡᠨ᠎ᠤ ᠭᠠᠵᠠᠷ ᠣᠷᠣᠨ᠎ᠤ ᠨᠢᠰᠬᠦ ᠮᠡᠲᠦ ᠲᠦᠷᠭᠡᠨ ᠬᠥᠭᠵᠢᠯᠲᠡ ᠵᠢᠨ ᠬᠤᠷᠢᠶᠠᠩᠭᠤᠢ ᠳᠦᠷᠰᠦ ᠵᠢ ᠭᠡᠷᠡᠴᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠢ᠌ᠲᠤᠷ ᠶᠠᠷᠢᠵᠤ᠂ ᠠᠯᠢ ᠤᠯᠠᠨ ᠬᠦᠴᠦᠲᠡᠢ ᠪᠣᠳᠠᠲᠤ ᠬᠡᠷᠡᠭ᠂ ᠠᠯᠢ ᠤᠯᠠᠨ ᠠᠮᠢᠳᠤᠯᠢᠭ ᠬᠡᠷᠡᠭ᠎ᠤᠨ ᠵᠢᠱ᠌ᠢᠶ᠎ᠡ᠂ ᠠᠯᠢ ᠤᠯᠠᠨ ᠨᠠᠷᠢᠨ ᠪᠣᠳᠠᠲᠠᠢ ᠮᠡᠳᠡᠭᠡᠯᠡᠯ ᠵᠶ᠋ᠡᠷ ᠭᠣᠣᠯ ᠬᠦᠭ ᠠᠶᠠᠰ᠎ᠢ ᠬᠠᠩᠭᠢᠨᠠᠭᠤᠯᠵᠤ᠂ ᠢᠷᠠᠭᠤ ᠰᠠᠢ᠌ᠬᠠᠨ ᠬᠦᠭ ᠠᠶᠠᠰ᠎ᠢ ᠬᠠᠩᠭᠢᠨᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠪᠠᠲᠤᠳᠬᠠᠬᠤ ᠵᠢ ᠪᠢᠳᠡ ᠬᠦᠰᠡᠨ ᠬᠦᠯᠢᠶᠡᠵᠦ ᠪᠠᠢ᠌ᠨ᠎ᠠ》 ᠭᠡᠵᠦ ᠶᠠᠷᠢᠪᠠ᠃
ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ ᠠᠨ ᠫᠢᠩ ᠨᠢᠩ ᠥᠪᠥᠷ ᠮᠣᠩᠭᠣᠯ᠎ᠳᠤ ᠤᠯᠠᠨᠳᠠ ᠢᠷᠡᠭᠰᠡᠨ ᠪᠣᠯᠪᠠᠴᠤ ᠪᠠᠰᠠ᠄ 《ᠣᠳᠣᠬᠠᠨ᠎ᠳᠤ ᠲᠠᠯ᠎ᠠ ᠨᠤᠲᠤᠭ᠎ᠤᠨ ᠦᠵᠡᠰᠬᠦᠯᠡᠩᠲᠦ ᠰᠠᠢ᠌ᠬᠠᠨ ᠤᠯᠠᠷᠢᠯ ᠪᠣᠯᠵᠤ᠂ ᠬᠥᠬᠡ ᠣᠭᠲᠠᠷᠭᠤᠢ᠂ ᠴᠠᠭ᠋ᠠᠨ ᠡᠭᠦᠯᠡ᠂ ᠨᠣᠭᠣᠭ᠋ᠠᠨ ᠲᠠᠯ᠎ᠠ᠂ ᠴᠡᠴᠡᠭ᠎ᠤᠨ ᠲᠠᠯᠠᠢ᠂ ᠪᠠᠰᠠ ᠲᠠᠷᠬᠠᠨ ᠪᠡᠯᠴᠢᠬᠦ ᠮᠠᠯ ᠰᠦᠷᠦᠭ᠎ᠢ ᠬᠠᠷᠠᠬᠤ᠎ᠳᠤ ᠪᠦᠷ ᠦᠵᠡᠮᠵᠢ ᠪᠣᠯᠵᠤ ᠪᠠᠢ᠌ᠨ᠎ᠠ᠃ ᠦᠪᠤᠷ ᠮᠤᠡᠭᠭᠤᠯ᠎ᠳᠤ ᠤᠯᠠᠨ ᠤᠳᠠᠭ᠎ᠠ ᠢᠷᠡᠵᠦ ᠥᠩᠭᠡᠷᠡᠭᠰᠡᠨ ᠪᠣᠯᠪᠠᠴᠤ 〈ᠦᠵᠡᠰᠬᠦᠯᠡᠩᠲᠦ ᠰᠠᠢ᠌ᠬᠠᠨ ᠥᠪᠥᠷ ᠮᠣᠩᠭᠣᠯ〉 ᠮᠥᠨ ᠯᠡ ᠨᠠᠮᠠᠶ᠋ᠢ ᠰᠣᠭᠲᠣᠭᠤᠷᠠᠭᠤᠯᠵᠤ᠂ ᠬᠦᠰᠡᠯ ᠡᠷᠡᠮᠡᠯᠵᠡᠯ ᠵᠶ᠋ᠡᠷ ᠪᠢᠯᠬᠠᠨ᠎ᠠ᠃ ᠡᠨᠳᠡᠬᠢ ᠪᠠᠢ᠌ᠭ᠋ᠠᠯᠢ ᠵᠢᠨ ᠭᠤᠸ᠎ᠠ ᠰᠠᠢ᠌ᠬᠠᠨ᠂ ᠰᠣᠶᠣᠯ᠎ᠤᠨ ᠭᠤᠸ᠎ᠠ ᠰᠠᠢ᠌ᠬᠠᠨ᠂ ᠪᠦᠯᠬᠦᠮᠳᠡᠯ᠎ᠤᠨ ᠭᠤᠸ᠎ᠠ ᠰᠠᠢ᠌ᠬᠠᠨ᠂ ᠡᠶ᠎ᠡ ᠵᠣᠬᠢᠴᠠᠯ᠎ᠤᠨ ᠭᠤᠸ᠎ᠠ ᠰᠠᠢ᠌ᠬᠠᠨ ᠮᠢᠨᠤ ᠢᠯᠡᠷᠡᠭᠦᠯᠬᠦ᠂ ᠰᠦᠪᠡᠭᠴᠢᠯᠡᠬᠦ᠂ ᠲᠡᠮᠳᠡᠭᠯᠡᠬᠦ ᠵᠢ ᠬᠦᠯᠢᠶᠡᠵᠦ ᠪᠠᠢ᠌ᠨ᠎ᠠ》 ᠭᠡᠵᠦ ᠭᠦᠨ ᠲᠥᠷᠥᠭᠳᠡᠯ᠎ᠲᠠᠢ ᠶᠠᠷᠢᠵᠤ ᠪᠠᠢ᠌ᠯ᠎ᠠ᠃
ᠡᠬᠢᠯᠡᠯᠲᠡ ᠵᠢᠨ ᠶᠣᠰᠣᠯᠠᠯ ᠲᠡᠭᠦᠰᠦᠭᠰᠡᠨ᠎ᠤ ᠲᠠᠷᠠᠭ᠎ᠠ ᠬᠤᠷᠠᠯ᠎ᠳᠤ ᠣᠷᠣᠯᠴᠠᠭᠰᠠᠳ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠳᠤ ᠢᠷᠡᠵᠥ᠂ ᠭᠡᠷᠡᠯ ᠵᠢᠷᠤᠭ᠎ᠤᠳ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠳ ᠵᠶ᠋ᠡᠷ ᠲᠠᠮᠵᠢᠨ ᠰᠦᠷ ᠳᠠᠯᠠᠢ᠌ᠴᠠᠲᠠᠢ ᠬᠤᠪᠢᠰᠬᠠᠯᠲᠤ ᠲᠡᠮᠡᠴᠡᠯ᠎ᠤᠨ ᠲᠡᠦᠬᠡ ᠵᠢ ᠲᠠᠬᠢᠨ ᠡᠷᠭᠢᠴᠡᠭᠦᠯᠪᠡ᠃
ᠤᠯᠠᠭ᠋ᠠᠨᠬᠣᠲᠠ ᠵᠢᠨ ᠬᠣᠩ ᠶᠦᠨ ᠬᠦᠰᠡᠯᠡᠩᠲᠦ ᠪᠠᠭ᠎ᠠ ᠰᠤᠷᠭ᠋ᠠᠭᠤᠯᠢ ᠵᠢᠨ 《ᠪᠢᠴᠢᠬᠠᠨ ᠲᠠᠢ᠌ᠯᠪᠤᠷᠢᠯᠠᠭᠴᠢ》 ᠹᠠᠨ ᠶᠤᠸᠠᠢ ᠴᠧᠨ᠄ 《ᠮᠠᠨ᠎ᠤ ᠠᠩᠭᠢ ᠵᠢᠨ ᠰᠤᠷᠤᠭᠴᠢᠳ᠎ᠤᠨ ᠵᠠᠷᠢᠮ᠎ᠨᠢ ᠬᠢᠲᠠᠳ ᠦᠨᠳᠦᠰᠦᠲᠡᠨ᠂ ᠵᠠᠷᠢᠮ᠎ᠨᠢ ᠮᠣᠩᠭᠣᠯ ᠦᠨᠳᠦᠰᠦᠲᠡᠨ᠂ ᠵᠠᠷᠢᠮ᠎ᠨᠢ ᠮᠠᠨᠵᠤ ᠦᠨᠳᠦᠰᠦᠲᠡᠨ ᠁ ᠪᠢᠳᠡ ᠪᠣᠯ ᠴᠥᠮ ᠰᠠᠢ᠌ᠨ ᠨᠠᠢ᠌ᠵᠠ᠃ ᠪᠢᠳᠡ ᠬᠠᠮᠲᠤ᠎ᠪᠠᠷ ᠰᠣᠶᠣᠯ ᠮᠡᠳᠡᠯᠭᠡ ᠵᠢ ᠰᠤᠷᠤᠯᠴᠠᠵᠤ᠂ ᠬᠠᠮᠲᠤ᠎ᠪᠠᠷ ᠦᠰᠤᠨ ᠳᠠᠪᠰᠢᠵᠤ ᠪᠠᠢ᠌ᠨ᠎ᠠ᠃ ᠮᠢᠨᠤ ᠲᠠᠢ᠌ᠯᠤᠮᠵᠢ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ ᠨᠡᠩ ᠤᠯᠠᠨ ᠬᠥᠮᠥᠨ᠎ᠳᠤ ᠡᠳᠡᠭᠡᠷ ᠲᠡᠦᠬᠡ ᠵᠢᠨ ᠮᠡᠳᠡᠯᠭᠡ ᠪᠣᠯᠣᠨ ᠬᠤᠪᠢᠰᠬᠠᠯ᠎ᠤᠨ ᠦᠯᠢᠭᠡᠷ᠎ᠢ ᠮᠡᠳᠡᠭᠦᠯᠬᠦ ᠵᠢ ᠬᠦᠰᠡᠵᠦ ᠪᠠᠢ᠌ᠨ᠎ᠠ》 ᠭᠡᠵᠦ ᠬᠡᠯᠡᠪᠡ᠃
ᠰᠡᠳᠬᠢᠯ ᠵᠢᠷᠦᠬᠡ᠎ᠪᠠᠨ ᠬᠣᠯᠪᠣᠵᠤ᠂ ᠦᠷ᠎ᠡ ᠵᠢᠷᠦᠬᠡ᠎ᠪᠠᠨ ᠬᠠᠮᠳᠤᠳᠬᠠᠨ᠎ᠠ᠃ ᠦᠨᠳᠦᠰᠦᠲᠡᠨ᠎ᠨᠦᠭᠦᠳ᠎ᠤᠨ ᠡᠶ᠎ᠡ ᠨᠠᠢ᠌ᠷᠲᠠᠢ᠎ᠪᠠᠷ ᠬᠠᠮᠲᠤ ᠣᠷᠣᠰᠢᠵᠤ᠂ ᠬᠠᠮᠳᠤ᠎ᠪᠠᠷ ᠬᠥᠭᠵᠢᠬᠦ ᠰᠡᠳᠬᠢᠯ ᠬᠥᠳᠡᠯᠭᠡᠮ᠎ᠡ ᠪᠠᠢ᠌ᠳᠠᠯ ᠤᠮᠠᠷᠠᠲᠤ ᠬᠢᠯᠢ ᠵᠢᠨ ᠡᠬᠡ ᠭᠠᠵᠠᠷ᠎ᠲᠤ ᠭᠠᠵᠠᠷ ᠪᠣᠯᠭ᠋ᠠᠨ᠎ᠳᠤ ᠬᠠᠷᠠᠭᠳᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠨᠢ ᠠᠯᠢ ᠬᠡᠳᠦᠢ᠌ᠨ ᠴᠢᠰᠤᠨ᠎ᠳᠤ ᠠᠭᠤᠰᠴᠤ᠂ ᠬᠦᠨ᠎ᠡ ᠦᠨᠳᠤᠰᠤᠯᠡᠭᠰᠡᠨ ᠪᠠᠢ᠌ᠨ᠎ᠠ᠃ ᠰᠢᠨ᠎ᠡ ᠠᠶᠠᠨ ᠵᠠᠮ᠎ᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠪᠦᠯᠬᠦᠮᠳᠡᠨ ᠲᠡᠮᠡᠴᠡᠵᠦ᠂ ᠬᠠᠮᠳᠤ᠎ᠪᠠᠷ ᠴᠡᠴᠡᠭᠯᠡᠨ ᠬᠥᠭᠵᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠬᠦᠬᠦ ᠪᠤᠯᠤᠨ᠎ᠠ᠃