ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠬᠦᠰᠡᠯᠡᠩ ᠢᠲᠡᠭᠡᠯ ᠵᠶ᠋ᠡᠨ ᠪᠠᠷᠢᠮᠲᠠᠯᠠᠨ ᠠᠷᠠᠳ᠎ᠤᠨ ᠲᠦᠯᠦᠭᠡᠬᠢ ᠵᠣᠷᠢᠯᠲᠠ᠎ᠪᠠᠨ ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄ 2021-11-01

ᠬᠦᠰᠡᠯᠡᠩ ᠢᠲᠡᠭᠡᠯ ᠵᠶ᠋ᠡᠨ ᠪᠠᠷᠢᠮᠲᠠᠯᠠᠨ ᠠᠷᠠᠳ᠎ᠤᠨ   ᠲᠦᠯᠦᠭᠡᠬᠢ ᠵᠣᠷᠢᠯᠲᠠ᠎ᠪᠠᠨ ᠪᠡᠶᠡᠯᠡᠭᠦᠯᠦᠶ᠎ᠡ
   

        ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠵᠢᠯ᠎ᠠᠴᠠ ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ ᠎ᠤᠨ ᠮᠠ ᠵᠢᠶᠦ᠋ᠨ   ᠵᠤᠬᠢᠶᠠᠪᠠ
              ᠪᠠᠳᠠᠷᠠ ᠣᠷᠴᠢᠭᠤᠯᠪᠠ

    ᠲᠡᠦᠬᠡ ᠵᠢᠨ ᠶᠡᠬᠡ ᠮᠦᠷᠡᠨ ᠳᠠᠪᠠᠯᠭ᠋ᠠᠯᠠᠨ ᠤᠷᠤᠰᠤᠷᠤᠨ᠂ ᠵᠣᠷᠢᠭ ᠰᠠᠨᠠᠭ᠎ᠠ ᠦᠶ᠎ᠡ ᠵᠢᠨ ᠦᠶ᠎ᠡ᠎ᠳᠤ ᠤᠯᠠᠮᠵᠢᠯᠠᠭᠳᠠᠨ᠎ᠠ  ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠪᠣᠯ ᠳᠠᠷᠤᠢ ᠨᠢᠭᠡᠨ ᠪᠤᠳᠢ ᠠᠭᠤᠤ ᠶᠡᠬᠡ ᠨᠠᠮ ᠪᠠᠢ᠌ᠭᠣᠯᠬᠤ ᠵᠣᠷᠢᠭ ᠰᠠᠨᠠᠭ᠎ᠠ ᠵᠢᠨ ᠬᠦᠭᠵᠢᠯᠲᠡ ᠵᠢᠨ ᠲᠡᠦᠬᠡ  ᠂ ᠤᠯᠠᠮᠵᠢᠯᠠᠯ᠎ᠤᠨ ᠲᠡᠦᠬᠡ ᠮᠦᠨ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠲᠤ ᠴᠢᠩᠭ᠎ᠠ ᠬᠦᠰᠡᠯᠡᠩ ᠢᠲᠡᠭᠡᠯ᠎ᠳᠤ᠎ᠪᠠᠨ ᠲᠦᠰᠢᠭᠯᠡᠨ ᠨᠠᠷᠠᠨ ᠰᠠᠷᠠᠨ᠎ᠢ ᠵᠢᠭ᠋ᠠᠨ ᠵᠠᠬᠢᠷᠴᠣ ᠰᠢᠨ᠎ᠡ ᠶᠢᠷᠳᠢᠨᠴᠣ ᠵᠢ   ᠴᠤᠭᠴᠠᠯᠠᠨ᠂   ᠪᠦᠬᠦ ᠰᠡᠳᠭᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ᠎ᠪᠠᠷ ᠳᠠᠮᠵᠢᠨ ᠪᠦᠬᠦᠢ᠌ᠯᠡ ᠳᠤᠮᠳᠠᠳᠤ ᠵᠢᠨ ᠬᠦᠪᠡᠭᠦᠳ ᠦᠬᠢᠳ᠎ᠤᠨ ᠴᠢᠩ ᠰᠡᠳᠭᠢᠯ᠎ᠤᠨ ᠬᠦᠷᠢᠶᠡᠯᠡᠯ ᠪᠠ ᠬᠠᠢ᠌ᠷ᠎ᠠ ᠬᠦᠨᠳᠦᠳᠭᠡᠯ᠎ᠢ ᠣᠯᠵᠣ᠂   ᠦᠨᠳᠦᠰᠦᠳᠡᠨ᠎ᠤ ᠰᠡᠷᠭᠦᠨ   ᠮᠠᠨᠳᠤᠯᠲᠠ ᠵᠢᠨ   ᠲᠦᠯᠦᠭᠡᠬᠢ   ᠬᠠᠳᠠᠨ   ᠵᠣᠷᠢᠭᠲᠤ ᠬᠦᠬᠡᠬᠡᠴᠡᠯᠳᠦᠯ ᠵᠶ᠋ᠡᠷ ᠵᠶ᠋ᠡᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠪᠣᠰᠴᠣ ᠵᠣᠭᠰᠠᠤᠭᠰᠠᠨ᠂ ᠪᠠᠶᠠᠵᠢᠨ ᠴᠢᠨᠡᠭᠡᠯᠢᠭᠵᠢᠭᠰᠡᠨ᠎ᠠᠴᠠ᠎ᠪᠠᠨ ᠬᠦᠴᠦᠷᠭᠡᠭᠵᠢᠭᠰᠡᠨ ᠠᠭᠤᠤ ᠶᠡᠬᠡ ᠤᠰᠦᠷᠦᠯᠲᠡ ᠵᠢ ᠪᠡᠶᠡᠯᠡᠭᠦᠯᠦᠭᠰᠡᠨ ᠶᠤᠮ᠃
      ᠨᠠᠮ ᠪᠠᠢ᠌ᠭᠣᠯᠣᠭᠳᠠᠭᠰᠠᠨ ᠵᠠᠭᠤᠨ ᠵᠢᠯ᠎ᠤᠨ ᠣᠢ ᠵᠢᠨ ᠡᠨᠡ ᠬᠦ᠌ ᠣᠨᠴᠠᠭ᠋ᠠᠢ   ᠣᠨ ᠵᠢᠯ᠎ᠳᠤ᠂ ᠪᠢᠳᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠦᠨᠳᠦᠰᠦᠳᠡᠨ᠎ᠤ ᠲᠤᠰᠠᠭ᠋ᠠᠷ ᠳᠣᠭᠲᠠᠨᠢᠯ ᠪᠠ ᠠᠷᠠᠳ ᠲᠦᠮᠡᠨ᠎ᠤ ᠴᠢᠯᠦᠭᠡᠯᠡᠯᠲᠡ᠂ ᠤᠯᠤᠰ ᠭᠦᠷᠦᠨ᠎ᠤ ᠪᠠᠶᠠᠨ ᠬᠦᠴᠦᠷᠬᠡᠭ ᠪᠣᠯᠣᠨ ᠠᠷᠠᠳ ᠲᠦᠮᠡᠨ᠎ᠤ   ᠵᠣᠯ ᠵᠢᠷᠭ᠋ᠠᠯ ᠎ᠤᠨ ᠲᠦᠯᠦᠭᠡ ᠪᠠᠢ᠌ᠭᠣᠯᠣᠭᠰᠠᠨ ᠦᠯᠡᠮᠵᠢ ᠶᠡᠬᠡ ᠭᠠᠪᠢᠶ᠎ᠠ   ᠵᠢᠳᠬᠦᠯ᠎ᠢ᠎ᠨᠢ ᠨᠡᠩᠲᠡ ᠲᠤᠷᠠᠰᠤᠨ   ᠰᠠᠨᠠᠭ᠋ᠠᠯᠵᠠᠬᠤ ᠵᠢᠨ ᠵᠡᠷᠭᠡ᠎ᠪᠠᠷ ᠲᠡᠳᠡᠨ᠎ᠤ   ᠵᠣᠷᠢᠭ ᠰᠠᠨᠠᠭ᠎ᠠ ᠵᠢᠨ ᠬᠦᠴᠦᠨ᠎ᠢ᠎ᠨᠢ ᠦᠪᠯᠡᠨ ᠵᠠᠯᠭ᠋ᠠᠮᠵᠢᠯᠠᠵᠤ᠂ ᠲᠡᠳᠡᠨ᠎ᠤ ᠠᠮᠢ ᠨᠠᠰᠤ ᠎ᠪᠠᠨ ᠦᠷᠡᠭᠳᠡᠭᠦᠯᠦᠨ ᠪᠠᠢ᠌ᠵᠤ   ᠲᠡᠮᠡᠴᠡᠵᠦ ᠪᠣᠰᠬᠠᠭᠰᠠᠨ ᠠᠭᠤᠤ ᠶᠡᠬᠡ ᠦᠢ᠍ᠯᠡᠰ᠎ᠢ᠎ᠨᠢ ᠣᠷᠣᠭᠰᠢ᠎ᠪᠠᠨ ᠬᠦᠴᠦᠯᠡᠨ ᠠᠬᠢᠭᠤᠯᠬᠤ ᠴᠢᠬᠣᠯᠠᠲᠠᠢ᠃ ᠵᠠᠭᠤᠨ ᠵᠢᠯ᠎ᠤᠨ ᠲᠤᠷᠰᠢᠳᠠ᠂ ᠠᠷᠠᠳ᠎ᠤᠨ ᠶᠠᠪᠤᠳᠠᠯ᠎ᠤᠨ ᠠᠵᠢᠯ᠎ᠨᠢ ᠨᠠᠮ᠎ᠤᠨ ᠤᠳᠤᠷᠢᠳᠤᠯᠭ᠎ᠠ ᠵᠢᠨ ᠳᠤᠤᠷ᠎ᠠ ᠠᠳᠠᠯᠢ ᠪᠤᠰᠤ ᠲᠡᠦᠬᠡᠨ ᠴᠠᠭ ᠦᠶ᠎ᠡ ᠎ᠠᠴᠠ ᠠᠷᠠᠳ᠎ᠤᠨ ᠶᠠᠪᠤᠳᠠᠯ᠎ᠤᠨ᠎ᠬᠢᠨ᠎ᠳᠤ ᠰᠣᠶᠣᠷᠬᠠᠭᠰᠠᠨ ᠦᠩᠭᠡ ᠭᠡᠷᠡᠯᠲᠦ ᠡᠭᠦᠷᠭᠡ ᠬᠠᠷᠢᠭᠣᠴᠠᠯᠭ᠎ᠠ ᠵᠢ ᠰᠠᠨᠠᠭ᠋ᠠᠴᠢᠯᠠᠭ᠎ᠠ᠎ᠲᠠᠢ᠎ᠪᠠᠷ   ᠡᠭᠦᠷᠭᠡᠯᠡᠨ᠂ ᠨᠡᠢ᠌ᠭᠡᠮ᠎ᠤᠨ ᠡᠶ᠎ᠡ ᠵᠣᠬᠢᠴᠠᠯ ᠠᠮᠤᠷ ᠲᠣᠭᠳᠠᠭᠤᠨ᠎ᠢ ᠬᠠᠮᠠᠯᠠᠭ᠋ᠠᠬᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠢ ᠪᠠᠲᠤᠯᠠᠬᠤ ᠵᠡᠷᠭᠡ ᠲᠡᠦᠭᠡᠳᠦ ᠴᠢᠨᠠᠷᠲᠠᠢ ᠦᠢ᠍ᠯᠡᠳᠦᠯ ᠵᠶ᠋ᠡᠨ ᠪᠠᠳᠠᠷᠠᠭ᠋ᠠᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠭᠡᠷᠡᠯ   ᠰᠠᠴᠣᠷᠠᠩᠭᠤᠢ ᠬᠠᠭᠤᠳᠠᠰᠤ ᠵᠢ ᠪᠢᠴᠢᠭᠯᠡᠭᠰᠡᠨ ᠶᠤᠮ᠃
ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢᠨ ᠡᠬᠢᠯᠡᠯᠲᠡ ᠵᠢᠨ ᠴᠡᠭ ᠳᠡᠭᠡᠷ᠎ᠡ ᠵᠣᠭᠰᠣᠨ᠂ ᠰᠢᠨ᠎ᠡ ᠴᠠᠭ   ᠦᠶ᠎ᠡ ᠵᠢᠨ   ᠠᠶᠠᠨ  ᠎ᠳᠤ᠎ᠪᠠᠨ ᠰᠠᠢ᠌ᠲᠤᠷ   ᠮᠣᠷᠳᠠᠬᠤ᠎ᠳᠤ ᠎ᠪᠠᠨ ᠠᠷᠠᠳ᠎ᠤᠨ ᠶᠠᠪᠤᠳᠠᠯ᠎ᠤᠨ᠎ᠬᠢᠨ ᠵᠠᠪᠠᠯ ᠬᠦᠰᠡᠯᠡᠩ ᠢᠲᠡᠭᠡᠯ ᠵᠶ᠋ᠡᠨ ᠪᠠᠷᠢᠮᠲᠠᠯᠠᠨ᠂ ᠵᠣᠷᠢᠭ   ᠰᠠᠨᠠᠭ᠎ᠠ ᠵᠢᠨ ᠬᠦᠴᠦᠨ ᠵᠶ᠋ᠡᠨ ᠨᠢᠭᠲᠠᠷᠠᠭᠤᠯᠬᠤ ᠬᠡᠷᠡᠭᠲᠡᠢ᠃
   《ᠬᠦᠰᠡᠯᠡᠩ ᠢᠲᠡᠭᠡᠯ᠎ᠤᠨ ᠭᠠᠯ ᠎ᠨᠢ   ᠨᠢᠭᠡᠨᠲᠡ ᠨᠤᠴᠣᠭᠰᠠᠭ᠋ᠠᠷ᠂   ᠥᠨᠢ ᠡᠭᠦᠷᠢᠳᠡ ᠤᠨᠲᠠᠷᠠᠰᠢ ᠦᠭᠡᠢ   ᠶᠤᠮ᠃》 ᠪᠠᠲᠤ ᠴᠢᠩᠭ᠎ᠠ ᠬᠦᠰᠡᠯᠡᠩ ᠢᠲᠡᠭᠡᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭ᠎ᠠ ᠵᠢᠨ ᠴᠠᠳᠢᠭ ᠪᠣᠯᠣᠨ ᠭ᠋ᠸᠨ ᠮᠦᠨ᠃ ᠨᠢᠭᠡᠨ ᠺᠠᠳ᠋ᠷ᠎ᠤᠨ ᠬᠦᠰᠡᠯᠡᠩ ᠢᠲᠡᠭᠡᠯ᠎ᠲᠠᠢ ᠪᠠᠢ᠌ᠬᠤ ᠡᠰᠡᠬᠦ ᠵᠢ ᠬᠡᠮᠵᠢᠶᠡᠯᠡᠬᠦ ᠵᠢᠨ ᠵᠠᠩᠭᠢᠯᠠᠭ᠎ᠠ᠎ᠨᠢ   ᠳᠠᠷᠤᠢ ᠲᠡᠭᠦᠨ᠎ᠤ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠡᠰᠡᠬᠦ ᠵᠢ᠎ᠨᠢ ᠦᠵᠡᠨ᠎ᠡ᠃ ᠥᠨᠦ ᠵᠢᠯ᠂ ᠪᠢᠳᠡ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ ᠠᠮᠠᠷᠠᠭᠰᠠᠨ ᠠᠬᠠᠮᠠᠳ ᠺᠠᠳ᠋ᠷ᠎ᠤᠨ ᠨᠠᠮ᠎ᠤᠨ ᠲᠡᠦᠬᠡ ᠵᠢᠨ ᠰᠣᠷᠣᠯᠴᠠᠯᠭ᠎ᠠ ᠵᠢᠨ ᠠᠵᠢᠯᠯᠠᠭ᠎ᠠ ᠵᠢ ᠣᠯᠠᠨᠲᠠ ᠦᠷᠨᠢᠭᠦᠯᠦᠭᠰᠡᠨ ᠪᠢᠯᠡ᠃ ᠤᠳᠠᠭ᠎ᠠ ᠪᠣᠯᠭ᠋ᠠᠨ᠎ᠳᠤ ᠠᠬᠠᠮᠠᠳ ᠨᠦᠬᠦᠳ᠎ᠲᠠᠢ ᠪᠣᠳᠣᠯ ᠰᠠᠨᠠᠯ ᠵᠶ᠋ᠠᠨ ᠰᠣᠯᠢᠯᠴᠠᠬᠤ᠎ᠨᠢ ᠳᠠᠷᠤᠢ ᠨᠢᠭᠡᠨ   ᠤᠳᠠᠭ᠋ᠠᠨ᠎ᠤ ᠠᠮᠢᠳᠤᠯᠢᠭ ᠰᠠᠢ᠌ᠬᠠᠨ ᠨᠠᠮ᠎ᠤᠨ ᠬᠢᠴᠢᠶᠡᠯ᠂ ᠨᠢᠭᠡᠨ   ᠤᠳᠠᠭ᠋ᠠᠨ᠎ᠤ ᠦᠵᠡᠯ ᠰᠠᠨᠠᠭ᠋ᠠᠨ᠎ᠤ ᠤᠬᠢᠶᠠᠯᠭ᠎ᠠ   ᠪᠠᠢ᠌ᠵᠤ᠂   ᠲᠡᠳᠡ ᠨᠠᠷ᠎ᠤᠨ ᠦᠭᠡ ᠶᠠᠷᠢᠶ᠎ᠠ᠎ᠠᠴᠠ ᠨᠠᠮ᠎ᠳᠤ᠎ᠪᠠᠨ ᠦᠨᠡᠨᠴᠢ ᠰᠢᠳᠤᠷᠭᠤ ᠬᠠᠯᠠᠭᠤᠨ ᠬᠠᠢ᠌ᠷ᠎ᠠ᠎ᠲᠠᠢ ᠪᠠᠢ᠌ᠬᠤ ᠪᠠ   ᠬᠦᠰᠡᠯᠡᠩ ᠢᠲᠡᠭᠡᠯ ᠵᠶ᠋ᠡᠨ ᠡᠷᠡᠰ ᠴᠢᠩᠭ᠎ᠠ ᠪᠠᠷᠢᠮᠲᠠᠯᠠᠵᠤ ᠪᠠᠢ᠌ᠭ᠎ᠠ ᠵᠢ᠎ᠨᠢ ᠦᠨᠡᠨ ᠬᠦ᠌ ᠮᠡᠳᠡᠷᠡᠯ᠎ᠡ᠃ ᠨᠢᠭᠡ ᠠᠬᠠᠮᠠᠳ ᠨᠦᠬᠦᠷ᠎ᠤᠨ ᠬᠡᠯᠡᠭᠰᠡᠨᠴᠢᠯᠡᠨ ᠵᠶ᠋ᠡᠷ᠂ ᠵᠠᠯᠠᠭᠤ᠎ᠳᠤ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠤᠬᠤ᠎ᠪᠠᠷ ᠢᠳᠡᠪᠬᠢᠲᠡᠢ ᠭᠤᠶᠤᠴᠢᠯᠠᠵᠠᠢ᠂   ᠡᠳᠦᠭᠡ ᠬᠡᠳᠦᠨ ᠠᠷᠪᠠᠨ ᠵᠢᠯ᠎ᠤᠨ ᠨᠠᠮ᠎ᠤᠨ ᠬᠡᠰᠢᠭᠦᠨ᠎ᠤ ᠬᠤᠪᠢ  ᠎ᠳᠤ᠂ ᠦᠪᠡᠷ᠎ᠤᠨ ᠲᠤᠬᠠᠢ ᠵᠢᠨ ᠦᠶ᠎ᠡ ᠵᠢᠨ ᠰᠣᠩᠭᠤᠯᠲᠠ᠎ᠳᠤ᠎ᠪᠠᠨ ᠶᠡᠷᠦ ᠬᠠᠷᠠᠮᠰᠠᠭ᠎ᠠ ᠦᠬᠡᠢ  ᠂ ᠢᠮᠠᠭᠳᠠ ᠢᠲᠡᠭᠡᠯ ᠵᠶ᠋ᠠᠨ ᠪᠠᠲᠤᠳᠬᠠᠨ ᠨᠠᠮ ᠵᠶ᠋ᠠᠨ ᠳᠠᠭ᠋ᠠᠵᠤ ᠣᠷᠤᠭᠰᠢᠯᠠᠭᠰᠠᠭ᠋ᠠᠷ ᠢᠷᠡᠵᠡᠢ᠃ ᠡᠨᠡ ᠪᠣᠯ ᠳᠠᠷᠤᠢ ᠢᠲᠡᠭᠡᠯ ᠪᠢᠰᠢᠷᠡᠯ᠎ᠤᠨ   ᠬᠦᠴᠦᠨ   ᠪᠣᠯᠬᠤ ᠪᠢᠯᠡ᠃
      ᠰᠢᠨ᠎ᠡ ᠨᠢᠭᠡᠨ ᠦᠶ᠎ᠡ ᠵᠢᠨ ᠠᠷᠠᠳ᠎ᠤᠨ ᠶᠠᠪᠤᠳᠠᠯ᠎ᠤᠨ᠎ᠬᠢᠨ ᠪᠣᠯᠣᠭᠰᠠᠨ᠎ᠤ ᠬᠤᠪᠢ᠎ᠳᠤ᠂ ᠪᠢᠳᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠰᠢᠯᠢᠳᠡᠭ ᠤᠯᠠᠮᠵᠢᠯᠠᠯ᠎ᠢ ᠵᠠᠯᠭ᠋ᠠᠮᠵᠢᠯᠠᠵᠤ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠲᠠᠯ᠎ᠠ᠎ᠪᠠᠷ ᠢᠮᠠᠭᠲᠠ ᠡᠮᠦᠨ᠎ᠡ ᠡᠩᠨᠡᠭᠡᠨ᠎ᠳᠤ᠎ᠨᠢ ᠶᠠᠪᠤᠵᠤ᠂ ᠬᠡᠪ ᠳᠠᠭᠤᠷᠢᠶᠠᠯ ᠪᠣᠯᠬᠣ ᠬᠡᠷᠡᠭᠲᠡᠢ᠃   ᠦᠵᠡᠯ ᠰᠠᠨᠠᠭ᠋ᠠᠨ᠎ᠤ ᠲᠠᠯ᠎ᠠ᠎ᠪᠠᠷ᠂ ᠮᠠᠷᠺᠰ᠎ᠤᠨ ᠦᠵᠡᠯ᠎ᠤᠨ ᠦᠨᠡᠨ   ᠶᠤᠰᠤ᠎ᠪᠠᠷ ᠲᠠᠷᠢᠬᠢ ᠲᠣᠯᠣᠭ᠋ᠠᠢ᠎ᠪᠠᠨ   ᠵᠠᠪᠰᠡᠭᠯᠡᠨ ᠦᠢ᠍ᠯᠡᠳᠦᠯᠭᠡ᠎ᠪᠠᠨ ᠵᠢᠯᠣᠭᠣᠳᠤᠭᠤᠯᠬᠤ ᠵᠢ ᠪᠠᠷᠢᠮᠲᠠᠯᠠᠵᠤ᠂   ᠬᠤᠪᠢᠰᠬᠠᠯᠲᠤ ᠤᠳᠤᠮᠰᠢᠯ᠎ᠢ ᠵᠠᠯᠭ᠋ᠠᠮᠵᠢᠯᠠᠨ᠂ ᠦᠵᠡᠯ ᠰᠠᠨᠠᠭ᠎ᠠ᠎ᠪᠠᠨ ᠲᠤᠯᠭ᠋ᠠᠭᠤᠷᠢᠯᠠᠨ᠂   ᠠᠯᠤᠰ ᠬᠡᠳᠦ ᠵᠢᠨ ᠬᠦᠰᠡᠯᠡᠩ ᠪᠠ ᠲᠡᠮᠡᠴᠡᠯ᠎ᠤᠨ ᠬᠠᠷᠠᠯᠲᠠ ᠵᠢᠨ ᠵᠶ᠋ᠡᠨ ᠲᠤᠬᠠᠢ ᠰᠡᠷᠭᠡᠢ ᠲᠠᠨᠢᠯᠲᠠ᠎ᠲᠠᠢ ᠪᠠᠢ᠌ᠬᠤ ᠪᠠ   ᠡᠷᠡᠰ ᠰᠢᠭᠤᠷᠬᠠᠢ ᠬᠦᠭᠡᠭᠡᠴᠡᠯᠳᠦᠯ ᠵᠶ᠋ᠡᠨ   ᠢᠮᠠᠭᠲᠠ ᠪᠠᠷᠢᠮᠲᠠᠯᠠᠬᠤ ᠬᠡᠷᠡᠭᠲᠡᠢ᠃ ᠦᠢ᠍ᠯᠡ   ᠠᠵᠢᠯᠯᠠᠭ᠋ᠠᠨ᠎ᠤ ᠲᠠᠯ᠎ᠠ᠎ᠪᠠᠷ᠂   ᠨᠠᠮ᠎ᠤᠨ ᠵᠶ᠋ᠠᠨ ᠦᠭᠡ ᠵᠢ   ᠢᠮᠠᠭᠲᠠ ᠰᠣᠨᠣᠰᠴᠣ᠂ ᠨᠠᠮ ᠵᠶ᠋ᠠᠨ ᠳᠠᠭ᠋ᠠᠵᠤ ᠤᠷᠤᠭᠰᠢᠯᠠᠨ᠂ ᠤᠯᠤᠰ ᠲᠥᠷᠦ ᠵᠢᠨ ᠰᠠᠬᠢᠯᠭ᠎ᠠ   ᠪᠠᠲᠤ ᠪᠣᠯᠣᠨ ᠤᠯᠤᠰ ᠲᠥᠷᠦ ᠵᠢᠨ ᠶᠤᠰᠤ ᠳᠦᠷᠢᠮ᠎ᠢ ᠴᠢᠩᠭ᠎ᠠ ᠰᠠᠬᠢᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠬᠦᠯᠬᠦ ᠬᠡᠷᠡᠭᠲᠡᠢ᠃ ᠠᠵᠢᠯ᠎ᠤᠨ ᠳᠤᠮᠳᠠ᠎ᠪᠠᠨ᠂   ᠨᠠᠮ᠎ᠤᠨ ᠤᠳᠤᠷᠢᠳᠤᠯᠭ᠎ᠠ ᠵᠢ ᠠᠵᠢᠯ ᠎ᠳᠤ᠎ᠪᠠᠨ ᠢᠮᠠᠭᠲᠠ ᠲᠤᠭᠤᠰᠢᠯᠠᠭᠤᠯᠤᠨ  ᠂ ᠬᠦᠰᠡᠯᠩ ᠢᠲᠡᠭᠡᠯ ᠵᠶ᠋ᠡᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠦᠭᠵᠢᠯᠲᠡ ᠵᠢ ᠠᠬᠢᠭᠤᠯᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭ᠋ᠠᠵᠤ᠂ ᠠᠷᠠᠳ ᠣᠯᠠᠨ᠎ᠳᠤ ᠪᠤᠲᠠᠲᠤ ᠶᠠᠪᠤᠳᠠᠯ ᠬᠢᠵᠦ ᠥᠭᠬᠦ ᠦᠢ᠍ᠯᠡ ᠠᠵᠢᠯᠯᠠᠭ᠎ᠠ᠎ᠳᠤ᠎ᠪᠠᠨ ᠨᠠᠢ᠌ᠳᠠᠪᠤᠷᠢᠵᠢᠭᠤᠯᠤᠨ᠎ᠠ᠃
      ᠬᠦᠰᠡᠯᠡᠩ ᠢᠲᠡᠭᠡᠯ ᠵᠶ᠋ᠡᠨ ᠪᠠᠷᠢᠮᠲᠠᠯᠠᠬᠤ ᠪᠣᠯ ᠠᠭᠤᠤ ᠶᠡᠬᠡ ᠨᠠᠮ ᠪᠠᠢ᠌ᠭᠤᠯᠬᠤ ᠵᠣᠷᠢᠭ ᠰᠠᠨᠠᠭ᠎ᠠ ᠵᠢᠨ ᠴᠢᠬᠤᠯᠠ ᠠᠭᠤᠯᠬᠤᠨ᠎ᠨᠢ ᠪᠠᠢ᠌ᠵᠤ᠂   ᠡᠪ ᠬᠠᠮᠲᠤ ᠨᠠᠮ᠎ᠤᠨ ᠬᠡᠰᠢᠭᠦᠳ᠎ᠤᠨ ᠨᠢᠭᠡ ᠨᠠᠰᠤᠨ᠎ᠤ   ᠰᠡᠳᠦᠪ ᠮᠦᠨ᠃ ᠶᠡᠷᠦ ᠵᠢᠨ ᠦᠭᠡᠨ᠎ᠳᠤ᠄《ᠤᠭ ᠰᠠᠨᠠᠭ᠎ᠠ ᠵᠢ ᠣᠯᠬᠤᠢ᠎ᠳᠤᠷ ᠬᠢᠯᠪᠠᠷ᠂   ᠢᠮᠠᠭᠲᠠ ᠪᠠᠷᠢᠮᠲᠠᠯᠠᠬᠤ᠎ᠨᠢ ᠬᠡᠴᠡᠭᠦᠦ》 ᠭᠡᠳᠡᠭ᠃ ᠬᠦᠮᠦᠰ ᠢᠮᠠᠭᠲᠠ ᠪᠠᠷᠢᠮᠲᠠᠯᠠᠯ᠎ᠢ   ᠪᠡᠶᠡᠯᠡᠬᠦᠯᠬᠦ᠎ᠳᠤ   ᠬᠦᠴᠢᠷ ᠪᠠᠢ᠌ᠳᠠᠭ᠃ ᠦᠨᠦᠳᠦᠷ᠎ᠤᠨ᠎ᠬᠢ ᠰᠢᠭ ᠡᠢ᠌ᠮᠦᠷᠬᠦᠦ ᠡᠩᠬᠡ ᠲᠠᠢ᠌ᠪᠤᠩ ᠴᠠᠭ ᠦᠶ᠎ᠡ᠎ᠳᠤ ᠪᠢᠳᠡᠨ᠎ᠳᠤ ᠲᠤᠯᠭ᠋ᠠᠷᠠᠬᠤ ᠦᠬᠦᠯ ᠰᠡᠬᠡᠯ᠂   ᠳᠠᠷᠢ ᠤᠲᠤᠭ᠎ᠠ ᠵᠢᠨ ᠰᠢᠯᠭ᠋ᠠᠯᠲᠠ ᠴᠦᠬᠡᠷᠡᠭᠰᠡᠨ ᠴᠤ᠌   ᠦᠵᠡᠯ ᠤᠬᠠᠮᠰᠠᠷ᠎ᠤᠨ ᠬᠡᠯᠪᠡᠷᠢ ᠵᠢᠨ ᠲᠠᠯ᠎ᠠ ᠵᠢᠨ ᠨᠡᠪᠴᠢᠯᠲᠡ ᠪᠣᠯᠣᠨ ᠡᠳ᠋ ᠠᠰᠢᠭ᠎ᠤᠨ ᠦᠳᠦᠭᠡᠯᠲᠡ ᠵᠢᠨ ᠰᠢᠯᠭ᠋ᠠᠯᠲᠠ   ᠮᠦᠨ ᠣᠷᠣᠰᠢᠵᠤ ᠯᠡ ᠪᠠᠢ᠌ᠳᠠᠭ᠃   ᠪᠢᠳᠡ ᠢᠮᠠᠭᠲᠠ ᠳᠠᠷᠢᠬᠢ ᠲᠣᠯᠣᠭ᠋ᠠᠢ᠎ᠪᠠᠨ ᠬᠤᠷᠴᠠ ᠰᠡᠷᠭᠡᠢ ᠪᠠᠢ᠌ᠯᠭ᠋ᠠᠵᠤ᠂ ᠨᠠᠮ᠎ᠤᠨ ᠰᠢᠨ᠎ᠡ ᠵᠢ   ᠡᠭᠦᠳᠬᠦ ᠣᠨᠣᠯ ᠵᠶ᠋ᠠᠷ   ᠤᠭ ᠰᠠᠨᠠᠭ᠎ᠠ᠎ᠪᠠᠨ ᠰᠢᠮᠡᠵᠢᠭᠦᠯᠦᠨ᠂ ᠡᠭᠦᠷᠭᠡ ᠬᠠᠷᠢᠭᠤᠴᠠᠯᠭ᠎ᠠ᠎ᠪᠠᠨ ᠬᠦᠲᠦᠯᠦᠨ ᠵᠢᠯᠤᠳᠤᠭᠤᠯᠵᠤ᠂ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠲᠤᠷᠰᠢᠯᠭ᠎ᠠ ᠵᠢ᠎ᠨᠢ ᠰᠣᠷᠣᠯᠴᠠᠨ᠂ ᠤᠶᠤᠨ ᠤᠬᠠᠭ᠋ᠠᠨ ᠵᠶ᠋ᠠᠨ ᠰᠡᠭᠡᠭᠡᠷᠡᠭᠦᠯᠵᠦ᠂ ᠪᠠᠲᠤ ᠴᠢᠩᠭ᠎ᠠ ᠬᠦᠰᠡᠯᠡᠩ ᠢᠲᠡᠭᠡᠯ ᠵᠶ᠋ᠡᠨ ᠪᠡᠷᠬᠡ ᠪᠠᠷᠳᠠᠭ᠎ᠠ᠎ᠲᠠᠢ ᠪᠠᠢ᠌ᠬᠤ ᠲᠣᠲᠤᠮ   ᠣᠷᠣᠭᠰᠢᠯᠠᠨ ᠵᠢᠳᠭᠦᠯᠡᠬᠦ   ᠰᠢᠢ᠍ᠳᠪᠦᠷᠢ ᠪᠠ   ᠪᠠᠭ᠋ᠠᠲᠤᠷ ᠵᠣᠷᠢᠭ᠎ᠲᠠᠢ ᠪᠠᠢ᠌ᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠲᠡ ᠬᠦᠴᠦᠷᠭᠡᠭ ᠶᠡᠬᠡ ᠬᠦᠴᠦᠨ ᠴᠢᠳᠠᠯ᠎ᠢ ᠨᠢᠭᠲᠠᠷᠠᠭᠤᠯᠬᠤ ᠴᠢᠬᠤᠯᠠᠲᠠᠢ᠃
      ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢᠨ ᠡᠬᠢᠯᠡᠯᠲᠡ ᠵᠢᠨ ᠴᠡᠭ ᠳᠡᠭᠡᠷ᠎ᠡ ᠵᠣᠭᠰᠣᠨ᠂ ᠰᠢᠨ᠎ᠡ ᠴᠠᠭ   ᠦᠶ᠎ᠡ ᠵᠢᠨ   ᠠᠶᠠᠨ  ᠎ᠳᠤ᠎ᠪᠠᠨ ᠰᠠᠢ᠌ᠲᠤᠷ   ᠮᠣᠷᠳᠠᠬᠤ᠎ᠳᠤ ᠎ᠪᠠᠨ ᠠᠷᠠᠳ᠎ᠤᠨ ᠶᠠᠪᠤᠳᠠᠯ᠎ᠤᠨ᠎ᠬᠢᠨ ᠵᠠᠪᠠᠯ ᠠᠷᠠᠳ᠎ᠤᠨ ᠲᠦᠯᠦᠬᠡᠬᠢ ᠵᠤᠷᠢᠯᠲᠠ᠎ᠪᠠᠨ ᠪᠡᠶᠡᠯᠡᠭᠦᠯᠵᠦ᠂   ᠠᠷᠠᠳ ᠵᠶ᠋ᠠᠨ ᠬᠠᠢ᠌ᠷᠠᠯᠠᠬᠤ ᠬᠡᠪ ᠴᠢᠨᠠᠷ ᠵᠶ᠋ᠠᠨ ᠢᠮᠠᠭᠲᠠ ᠬᠠᠳᠠᠭ᠋ᠠᠯᠠᠬᠤ ᠬᠡᠷᠡᠭᠲᠡᠢ᠃
      ᠠᠷᠠᠳ᠎ᠤᠨ ᠶᠠᠪᠤᠳᠠᠯ᠎ᠤᠨ ᠠᠵᠢᠯ᠎ᠤᠨ ᠨᠢᠭᠡ   ᠲᠠᠯ᠎ᠠ᠎ᠨᠢ ᠨᠠᠮ ᠪᠠ ᠵᠠᠰᠠᠭ᠎ᠤᠨ ᠣᠷᠳᠤᠨ᠎ᠲᠠᠢ   ᠬᠣᠯᠪᠤᠭ᠎ᠠ᠎ᠲᠠᠢ᠂ ᠨᠦᠭᠦᠭᠡ ᠲᠠᠯ᠎ᠠ᠎ᠨᠢ ᠠᠷᠠᠳ ᠣᠯᠠᠨ᠎ᠲᠠᠢ ᠬᠣᠯᠪᠤᠭ᠎ᠠ᠎ᠲᠠᠢ ᠪᠠᠢ᠌ᠵᠤ᠂ ᠠᠷᠠᠳ ᠲᠦᠮᠡᠨ ᠵᠶ᠋ᠡᠷ ᠲᠥᠪ ᠪᠣᠯᠭ᠋ᠠᠬᠤ   ᠬᠦᠭᠵᠢᠯᠲᠡ ᠵᠢᠨ ᠦᠵᠡᠯ ᠰᠠᠨᠠᠭ᠎ᠠ ᠵᠢ ᠬᠠᠮᠤᠭ᠎ᠠᠴᠠ ᠰᠢᠭᠤᠳ ᠰᠢᠯᠤᠭᠤᠨ ᠢᠯᠡᠷᠡᠭᠦᠯᠵᠦ ᠴᠢᠳᠠᠳᠠᠭ ᠠᠭᠤᠤ ᠶᠡᠬᠡ ᠦᠢ᠍ᠯᠡᠰ ᠪᠣᠯᠬᠣ   ᠶᠤᠮ᠃ 《ᠠᠷᠠᠳ᠎ᠤᠨ ᠶᠠᠪᠤᠳᠠᠯ ᠠᠷᠠᠳ᠎ᠤᠨ ᠲᠦᠯᠦᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ》 ᠠᠵᠢᠯ᠎ᠤᠨ ᠣᠢ᠌ᠯᠠᠭ᠋ᠠᠭᠳᠠᠬᠤᠨ᠎ᠨᠢ ᠮᠦᠨ ᠨᠠᠮ᠎ᠤᠨ ᠰᠢᠨᠵᠢ ᠴᠢᠨᠠᠷ ᠵᠤᠷᠢᠯᠲᠠ᠎ᠲᠠᠢ ᠠᠶᠠᠨᠳᠠᠭ᠋ᠠᠨ   ᠨᠡᠢ᠌ᠴᠡᠨ᠎ᠡ᠃ ᠠᠷᠠᠳ᠎ᠤᠨ ᠶᠠᠪᠤᠳᠠᠯ᠎ᠤᠨ ᠺᠠᠳ᠋ᠷ ᠪᠣᠯᠣᠭᠰᠠᠨ᠎ᠤ ᠬᠤᠪᠢ ᠳᠦᠳ᠂ ᠬᠡᠭᠦᠳᠡᠭ ᠴᠡᠭᠡᠵᠢᠨ᠎ᠳᠤ᠎ᠪᠠᠨ《ᠤᠯᠤᠰ᠎ᠤᠨ ᠶᠡᠬᠡ ᠶᠠᠪᠤᠳᠠᠯ》᠎ᠢ ᠠᠬᠤᠭᠤᠯᠵᠤ᠂ ᠶᠡᠬᠡ ᠬᠠᠢ᠌ᠷ᠎ᠠ ᠵᠢᠨ ᠰᠡᠳᠭᠢᠯ ᠵᠶ᠋ᠡᠷ ᠨᠠᠮ ᠪᠠ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠪᠣᠯᠣᠨ ᠦᠶᠦᠭ ᠳᠤᠯᠠᠭ᠋ᠠᠨ᠎ᠢ ᠳᠠᠮᠵᠢᠭᠤᠯᠤᠨ᠂ ᠬᠠᠷᠠᠮ ᠦᠬᠡᠢ ᠵᠣᠷᠢᠭᠤᠯᠤᠯᠲᠠ᠎ᠪᠠᠷ ᠵᠶ᠋ᠠᠨ ᠠᠷᠠᠳ᠎ᠤᠨ ᠲᠦᠯᠦᠭᠡᠬᠢ ᠪᠠ ᠠᠷᠠᠳ ᠵᠶ᠋ᠠᠨ ᠬᠠᠢ᠌ᠷᠠᠯᠠᠬᠤ ᠠᠭᠤᠯᠬᠤᠨ᠎ᠢ ᠲᠠᠢ᠌ᠯᠤᠮᠵᠢᠯᠠᠵᠤ᠂ ᠶᠠᠳᠠᠷᠠᠯ ᠵᠦᠳᠡᠷᠡᠯ᠎ᠢ ᠬᠠᠢ᠌ᠬᠤᠷᠤᠯ ᠦᠬᠡᠢ᠎ᠪᠠᠷ ᠡᠳᠦᠷ ᠰᠠᠷ᠎ᠠ ᠵᠢ ᠬᠠᠲᠠᠭᠤᠵᠢᠯᠲᠠᠢ ᠲᠤᠭᠤᠯᠬᠤ ᠡᠭᠡᠯ ᠵᠢᠷ᠎ᠤᠨ ᠠᠵᠢᠯ ᠵᠶ᠋ᠠᠷ ᠵᠶ᠋ᠠᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠨᠠᠮᠴᠢ   ᠴᠢᠨᠠᠷ᠎ᠤᠨ ᠭᠡᠷᠡᠯ ᠭᠡᠭᠡ ᠵᠢ ᠰᠠᠴᠣᠷᠠᠭᠤᠯᠤᠨᠠᠮ᠃
      ᠰᠢᠨ᠎ᠡ ᠠᠶᠠᠨ ᠵᠶ᠋ᠠᠨ   ᠡᠬᠢᠯᠡᠭᠦᠯᠦᠨ᠂   ᠦᠨᠳᠦᠰᠦᠨ ᠱᠠᠳᠤᠨ᠎ᠤ ᠣᠯᠠᠨ ᠲᠦᠮᠡᠨ᠎ᠤ《ᠰᠡᠳᠭᠢᠯ᠎ᠢ ᠮᠡᠳᠡᠭᠴᠢ》 ᠪᠣᠯᠬᠣ᠎ᠪᠠᠷ ᠴᠢᠷᠮᠠᠢ᠌ᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠠᠵᠢᠯ᠎ᠨᠢ ᠢᠯᠡ ᠲᠣᠳᠤᠷᠬᠠᠢ ᠣᠯᠠᠨ ᠲᠦᠮᠡᠨᠴᠢ ᠰᠢᠨᠵᠢ᠎ᠲᠠᠢ᠂ ᠰᠢᠭᠤᠳ ᠦᠢ᠍ᠯᠡᠴᠢᠯᠡᠬᠦ ᠡᠲᠡᠭᠡᠳ᠎ᠨᠢ ᠪᠦᠷ ᠨᠡᠢ᠌ᠭᠡᠮ᠎ᠳᠤ᠎ᠬᠢ ᠲᠤᠰᠠᠯᠠᠮᠵᠢ ᠪᠠ ᠬᠠᠢ᠌ᠷ᠎ᠠ ᠬᠠᠯᠠᠮᠵᠢ ᠱᠠᠭ᠋ᠠᠷᠳᠠᠭᠳᠠᠵᠤ ᠪᠦᠬᠦᠢ   ᠡᠮᠵᠡᠭ ᠪᠠᠭᠤᠷᠠᠢ᠌ᠴᠣᠳ ᠪᠠᠢ᠌ᠵᠤ᠂ ᠲᠡᠳᠡᠨ᠎ᠤ   ᠵᠣᠪᠠᠭᠤᠷᠢᠲᠦ ᠶᠠᠪᠤᠳᠠᠯ᠂   ᠰᠠᠨᠠᠭ᠋ᠠᠰᠢᠷᠠᠯᠲᠦ ᠶᠠᠪᠤᠳᠠᠯ᠂ ᠡᠭᠡᠳᠡᠷᠡᠭᠡᠨᠲᠦ ᠶᠠᠪᠤᠳᠠᠯ᠎ᠤᠳ᠎ᠨᠢ ᠳᠠᠷᠤᠢ ᠠᠷᠠᠳ᠎ᠤᠨ ᠶᠠᠪᠤᠳᠠᠯ᠎ᠤᠨ᠎ᠬᠢᠨ᠎ᠤ ᠬᠠᠮᠤᠭ᠎ᠤᠨ ᠠᠩᠬᠠᠷᠤᠨ ᠬᠠᠯᠠᠮᠵᠢᠯᠠᠳᠠᠭ ᠶᠠᠪᠤᠳᠠᠯ ᠪᠣᠯᠬᠣ ᠪᠢᠯᠡ᠃ ᠡᠢ᠌ᠨ ᠬᠦ᠌᠂   ᠪᠢᠳᠡ ᠢᠮᠠᠭᠲᠠ ᠠᠷᠠᠳ ᠲᠦᠮᠡᠨ᠎ᠤ   ᠵᠣᠭᠰᠤᠯᠲᠠ᠎ᠳᠤ   ᠯᠠᠪᠳᠠᠭᠤᠨ   ᠵᠣᠭᠰᠣᠵᠣ᠂   ᠠᠵᠢᠯ᠎ᠤᠨ ᠳᠤᠮᠳᠠ᠎ᠪᠠᠨ ᠨᠢᠭᠡᠳᠦᠭᠡᠷ ᠹᠷᠤᠨᠲ᠎ᠲᠤ ᠬᠦᠨᠵᠡᠭᠡᠢ᠌ᠷᠡᠬᠦ ᠵᠢ ᠪᠠᠷᠢᠮᠳᠠᠯᠠᠨ᠂ ᠪᠠᠢ᠌ᠴᠠᠭ᠋ᠠᠨ ᠰᠣᠳᠤᠯᠵᠤ᠂ ᠣᠯᠠᠨ ᠲᠦᠮᠡᠨ᠎ᠤ ᠬᠦᠴᠢᠷᠳᠡᠯ᠎ᠢ   ᠣᠢ᠌ᠯᠠᠭ᠋ᠠᠨ᠂ ᠦᠨᠳᠦᠰᠦᠨ ᠱᠠᠲᠤᠨ᠎ᠤ ᠱᠠᠭ᠋ᠠᠷᠳᠠᠯᠭ᠎ᠠ ᠵᠢ ᠡᠵᠡᠮᠰᠢᠨ᠂ ᠲᠥᠷᠦ ᠵᠢᠨ ᠪᠣᠳᠣᠯᠭ᠎ᠠ ᠵᠢᠨ ᠳᠤᠰᠤᠯᠲᠠ ᠵᠢ ᠣᠨᠣᠴᠠᠳᠠᠢ ᠮᠡᠳᠡᠨ᠂ ᠬᠡᠷᠡᠭᠵᠢᠭᠦᠯᠦᠯᠲᠡ ᠵᠢᠨ ᠲᠦᠭᠵᠢᠷᠡᠯ᠎ᠤᠨ ᠴᠡᠭ᠎ᠢ ᠨᠡᠪᠲᠡᠷᠬᠡᠢ ᠮᠦᠷᠳᠡᠨ ᠪᠠᠢ᠌ᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠤ  《ᠰᠡᠳᠭᠢᠯ᠎ᠢ ᠮᠡᠳᠡᠭᠴᠢ》 ᠪᠣᠯᠬᠣ᠎ᠪᠠᠷ   ᠴᠢᠷᠮᠠᠢ᠌ᠨ᠂   ᠠᠷᠠᠳ ᠣᠯᠠᠨ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ     ᠡᠷᠡᠮᠡᠯᠵᠡᠯ᠎ᠢ   ᠦᠨᠡᠨ ᠪᠤᠲᠠᠳᠠᠢ ᠠᠷᠠᠳ᠎ᠲᠤ ᠠᠰᠢᠭ ᠬᠦᠷᠲᠡᠭᠡᠬᠦ ᠪᠣᠳᠣᠯᠭ᠎ᠠ᠂ ᠠᠷᠠᠳ᠎ᠲᠤ ᠠᠰᠢᠭᠲᠠᠢ ᠦᠢ᠍ᠯᠡ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠃
      ᠰᠢᠨ᠎ᠡ ᠠᠶᠠᠨ ᠵᠶ᠋ᠠᠨ   ᠡᠬᠢᠯᠡᠭᠦᠯᠦᠨ᠂   ᠺᠠᠳ᠋ᠷ ᠠᠵᠢᠯᠲᠠᠨ᠎ᠤ《  ᠳᠣᠲᠤᠨᠤ ᠬᠦᠮᠦᠨ》 ᠪᠣᠯᠬᠣ᠎ᠪᠠᠷ ᠴᠢᠷᠮᠠᠢ᠌ᠬᠤ ᠬᠡᠷᠡᠭᠲᠡᠢ᠃ ᠵᠤᠬᠢᠶᠠᠨ ᠪᠠᠢ᠌ᠭᠤᠯᠤᠯᠲᠠ ᠵᠢᠨ ᠬᠦᠮᠦᠨ᠎ᠤ ᠶᠠᠪᠤᠳᠠᠯ᠎ᠤᠨ ᠺᠠᠳ᠋ᠷ ᠪᠣᠯᠣᠭᠰᠠᠨ᠎ᠤ ᠬᠤᠪᠢ  ᠎ᠳᠤ᠂   《ᠬᠦᠮᠦᠨ ᠱᠠᠲᠤ ᠵᠢᠨ   ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠨᠡᠮᠡᠭᠳᠡᠭᠦᠯᠦᠨ᠂ ᠦᠢ᠍ᠯᠡᠴᠢᠯᠡᠭᠡᠨ᠎ᠤ ᠦᠶᠦᠭ ᠳᠤᠯᠠᠭ᠋ᠠᠨ ᠵᠶ᠋ᠠᠨ ᠳᠡᠭᠡᠭᠰᠢᠯᠡᠭᠦᠯᠦᠨ᠎ᠡ᠃ ᠡᠳᠦᠷ ᠳᠣᠲᠤᠮ᠎ᠤᠨ ᠠᠵᠢᠯ  ᠎ᠳᠤ᠎ᠪᠠᠨ   ᠺᠠᠳ᠋ᠷ ᠠᠵᠢᠯᠲᠠᠨ᠎ᠤ ᠦᠰᠦᠨ ᠪᠣᠢ᠌ᠵᠢᠯᠲᠠ ᠳᠠᠪᠰᠢᠯᠲᠠ ᠵᠢ ᠴᠠᠭ ᠲᠣᠬᠠᠢ᠎ᠳᠤ᠎ᠨᠢ ᠠᠩᠬᠠᠷᠤᠨ᠂ ᠲᠡᠳᠡᠨ᠎ᠤ ᠠᠲᠠᠯ ᠦᠢ᠍ᠯᠡᠰ     ᠪᠤᠰᠬᠠᠬᠤ᠎ᠳᠤ᠎ᠨᠢ   ᠠᠷᠤ ᠲᠠᠯ᠎ᠠ ᠵᠢᠨ ᠪᠠᠳᠣᠯᠠᠭ᠎ᠠ ᠬᠠᠩᠭ᠋ᠠᠨ᠎ᠠ᠃ ᠮᠦᠨ ᠬᠦ᠌ ᠺᠠᠳ᠋ᠷ ᠠᠵᠢᠯᠲᠠᠨ᠎ᠤ ᠠᠵᠢᠯ ᠠᠮᠢᠳᠤᠷᠠᠯ ᠪᠣᠯᠣᠨ ᠪᠡᠶ᠎ᠡ ᠰᠡᠳᠭᠢᠯ᠎ᠤᠨ ᠡᠷᠡᠭᠦᠯ ᠮᠡᠨᠳᠦ ᠵᠢ᠎ᠨᠢ ᠠᠩᠬᠠᠷᠤᠨ ᠬᠠᠯᠠᠮᠵᠢᠯᠠᠵᠦ᠂   ᠴᠢᠳᠠᠬᠤ ᠵᠢᠨ ᠬᠢᠷᠢ᠎ᠪᠠᠷ ᠵᠶ᠋ᠠᠨ ᠲᠡᠳᠡᠨ᠎ᠢ ᠬᠠᠪᠰᠤᠷᠤᠨ ᠬᠦᠴᠢᠷᠳᠡᠯ ᠵᠤᠪᠠᠨᠢᠯ᠎ᠢ᠎ᠨᠢ ᠠᠷᠢᠯᠭ᠋ᠠᠨ᠂ ᠺᠠᠳ᠋ᠷ ᠨᠠᠷ᠎ᠤᠨ ᠠᠳᠠᠯ ᠦᠢ᠍ᠯᠡᠰ ᠪᠤᠰᠬᠠᠬᠤ᠎ᠳᠤ  ᠎ᠨᠢ   ᠡᠷᠡᠭᠦᠯ ᠥᠭᠡᠳᠡᠷᠬᠡᠭ᠂   ᠲᠥᠪ ᠴᠢᠭᠴᠢ ᠰᠠᠢ᠌ᠬᠠᠨ   ᠬᠥᠭ ᠠᠮᠢᠰᠬᠤᠯ᠎ᠢ ᠪᠣᠢ ᠪᠣᠯᠭ᠋ᠠᠵᠤ ᠥᠭᠭᠦᠨ᠎ᠡ᠃    
      ᠰᠢᠨ᠎ᠡ ᠠᠶᠠᠨ ᠵᠶ᠋ᠠᠨ   ᠡᠬᠢᠯᠡᠭᠦᠯᠦᠨ᠂   ᠠᠳᠠᠯ ᠦᠢ᠍ᠯᠡᠰ ᠪᠤᠰᠬᠠᠬᠤ《  ᠵᠠᠮ ᠨᠡᠬᠡᠬᠡᠭᠴᠢ》 ᠪᠣᠯᠬᠣ᠎ᠪᠠᠷ ᠴᠢᠷᠮᠠᠢ᠌ᠬᠤ ᠬᠡᠷᠡᠭᠲᠡᠢ᠃     ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ  ᠎ᠨᠢ ᠮᠠᠰᠢ ᠣᠯᠠᠨ ᠰᠢᠨ᠎ᠡ ᠦᠷᠢᠰᠦᠯᠳᠦᠭᠡᠨ᠎ᠳᠤ ᠲᠤᠯᠭ᠋ᠠᠷᠠᠵᠤ᠂ ᠦᠢ᠍ᠯᠡᠴᠢᠯᠡᠭᠡᠨ᠎ᠤ ᠡᠲᠡᠭᠡᠳ ᠎ᠤᠨ ᠡᠩᠨᠡᠭᠡ᠎ᠨᠢ ᠦᠷᠭᠡᠵᠢᠨ᠂ ᠦᠢ᠍ᠯᠡᠴᠢᠯᠡᠭᠡᠨ᠎ᠤ ᠪᠠᠷᠢᠮᠵᠢᠶ᠎ᠠ᠎ᠨᠢ ᠳᠡᠭᠡᠭᠰᠢᠯᠡᠵᠦ᠂ ᠦᠢ᠍ᠯᠡᠴᠢᠯᠡᠭᠡᠨ᠎ᠤ ᠱᠠᠭ᠋ᠠᠷᠳᠠᠯᠭ᠎ᠠ᠎ᠨᠢ ᠤᠯᠠᠮ᠎ᠠᠴᠠ ᠤᠯᠠᠮ ᠣᠯᠠᠨ ᠶᠠᠩᠵᠤᠴᠢᠯᠠᠵᠤ᠂   ᠦᠪᠡᠷᠮᠢᠴᠡ ᠴᠢᠨᠠᠷ᠎ᠲᠠᠢ ᠪᠤᠯᠵᠠᠢ᠃   ᠪᠢᠳᠡ ᠰᠠᠨᠠᠭ᠋ᠠᠴᠢᠯᠠᠭ᠎ᠠ᠎ᠠᠴᠠ᠎ᠪᠠᠨ ᠦᠷᠢᠰᠦᠯᠳᠦᠭᠡᠨ᠎ᠢ ᠣᠭᠲᠤᠨ ᠪᠠᠢ᠌ᠯᠳᠤᠵᠤ᠂ ᠨᠢᠭᠡ ᠲᠠᠯ᠎ᠠ᠎ᠪᠠᠷ᠂   ᠠᠵᠢᠯ᠎ᠤᠨ ᠪᠠᠷᠢᠮᠵᠢᠶᠠᠵᠢᠯ ᠪᠤᠯᠤᠨ ᠨᠠᠷᠢᠯᠢᠭᠵᠢᠯ ᠵᠶ᠋ᠠᠨ ᠶᠡᠬᠡ᠎ᠪᠠᠷ   ᠳᠡᠭᠡᠭᠰᠢᠯᠡᠭᠦᠯᠦᠨ᠎ᠡ᠃ ᠨᠦᠭᠦᠭᠡ ᠲᠠᠯ᠎ᠠ᠎ᠪᠠᠷ᠂   ᠬᠦᠴᠢᠷ ᠎ᠢ   ᠰᠥᠷᠦᠨ ᠣᠷᠣᠭᠰᠢᠯᠠᠵᠤ᠂   ᠵᠣᠷᠢᠭᠲᠠᠢ᠎ᠪᠠᠷ ᠬᠠᠢ᠌ᠨ ᠰᠦᠪᠡᠭᠴᠢᠯᠡᠨ᠂ ᠢᠳᠡᠪᠬᠢᠲᠡᠢ᠎ᠪᠠᠷ ᠰᠢᠨ᠎ᠡ ᠵᠢ ᠡᠭᠦᠳᠴᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠲᠡ᠎ᠳᠤ᠎ᠬᠢ ᠳᠤᠲᠠᠭᠤᠳᠠᠯ ᠪᠠᠭᠤᠷᠠᠢ ᠲᠠᠯ᠎ᠠ ᠪᠠ ᠲᠦᠭᠵᠢᠷᠡᠯ᠎ᠤᠨ ᠴᠡᠭ ᠬᠦᠴᠢᠷᠳᠡᠯ᠎ᠤᠨ ᠴᠡᠭ᠎ᠢ ᠰᠠᠨᠠᠭ᠋ᠠᠴᠢᠯᠠᠭ᠎ᠠ᠎ᠠᠴᠠ᠎ᠪᠠᠨ ᠲᠠᠢ᠌ᠯᠤᠨ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠦᠭᠵᠢᠯᠲᠡ ᠵᠢᠨ《ᠵᠠᠮ ᠨᠡᠬᠡᠬᠡᠭᠴᠢ》 ᠪᠣᠯᠬᠣ᠎ᠪᠠᠷ   ᠴᠢᠷᠮᠠᠢ᠌ᠵᠤ᠂ ᠡᠭᠡᠯ ᠵᠢᠷ᠎ᠤᠨ ᠠᠵᠢᠯ᠎ᠤᠨ ᠪᠠᠢ᠌ᠷᠢ ᠳᠡᠭᠡᠷ᠎ᠡ᠎ᠪᠠᠨ ᠳᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ᠎ᠳᠤ ᠡᠭᠡᠯ ᠪᠤᠰᠤ ᠵᠢᠨ   ᠬᠦᠴᠦᠨ ᠴᠢᠳᠠᠯ ᠵᠶ᠋ᠠᠨ ᠵᠣᠷᠢᠭᠤᠯᠤᠨ᠎ᠠ᠃  

        ᠣᠷᠴᠢᠭᠣᠯᠣᠭᠴᠢ ᠵᠢᠨ ᠬᠠᠶᠢᠭ᠄   ᠬᠦᠬᠡᠬᠤᠲᠠ ᠵᠢᠨ ᠰᠠᠢ᠌ᠬᠠᠨ ᠲᠣᠭᠣᠷᠢᠭ

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠳᠠᠭᠣᠤ ᠰᠢᠭ᠋ ᠣᠨ ᠵᠢᠯ᠎ᠤᠳ᠎ᠠᠴᠠ ᠬᠣᠪᠢᠷᠠᠰᠢ ᠦᠭᠡᠢ ᠠᠷᠠᠳ᠎ᠤᠨ ᠶᠠᠪᠣᠳᠠᠯ ᠎ᠤᠨ ᠬᠠᠢ᠌ᠷ᠎ᠠ ᠰᠡᠳᠭᠢᠯᠭᠡ ᠵᠢ ᠮᠡᠳᠡᠷᠡᠬᠦᠢ
ᠵᠠᠯᠠᠭᠤ ᠽᠠᠨᠳᠠᠨ ᠨᠠᠰᠤ᠎ᠪᠠᠨ ᠦᠳᠡᠭᠡᠷᠦᠯ ᠦᠬᠡᠢ ᠰᠢᠨ᠎ᠡ ᠴᠠᠭ ᠦᠶ᠎ᠡ ᠵᠢᠨ ᠬᠢᠷᠢ ᠲᠡᠩᠴᠡᠭᠰᠡᠨ ᠠᠷᠠᠳ᠎ᠤᠨ ᠶᠠᠪᠤᠳᠠᠯ᠎ᠤᠨ᠎ᠬᠢᠨ ᠪᠣᠯᠬᠣ᠎ᠪᠠᠷ ᠴᠢᠷᠮᠠᠢ᠌ᠶ᠎ᠠ
ᠣᠭ ᠵᠣᠷᠢᠯᠲᠠ᠎ᠪᠠᠨ ᠪᠠᠷᠢᠮᠲᠠᠯᠠᠨ ᠠᠷᠠᠳ᠎ᠤᠨ ᠰᠡᠳᠬᠢᠯ᠎ᠢ ᠲᠥᠪᠯᠡᠷᠡᠭᠦᠯᠵᠦ ᠠ᠋ᠭᠦᠷᠭᠡ ᠬᠠᠷᠢᠭᠤᠴᠠᠯᠭ᠎ᠠ᠎ᠪᠠᠨ ᠠ᠋ᠭᠦᠷᠭᠡᠯᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠶ᠎ᠡ
ᠰᠦᠷ ᠵᠢᠪᠬᠤᠭ᠋ᠠᠲᠤ ᠲᠡᠦᠬᠡ ᠰᠤᠳᠤᠷ᠎ᠨᠢ ᠲᠣᠯᠢ ᠪᠤᠯᠵᠤ᠂ ᠴᠢᠩ ᠦᠨᠡᠨᠴᠢ ᠰᠡᠳᠬᠢᠯ᠎ᠨᠢ ᠮᠢᠩᠭ᠋ᠠᠨ ᠤᠨ᠎ᠢ ᠭᠡᠢ᠌ᠭᠦᠯᠦᠨ᠎ᠡ
ᠵᠠᠯᠠᠭᠤ ᠨᠠᠰᠤᠨ᠎ᠤ ᠤᠷᠢ᠎ᠪᠠᠷ ᠴᠢᠩ ᠦᠨᠡᠨᠴᠢ ᠤᠬ ᠰᠠᠨᠠᠭ᠎ᠠ᠎ᠪᠠᠨ ᠰᠠᠬᠢᠨ ᠵᠢᠷᠤᠮᠯᠠᠵᠤ ᠬᠠᠷᠠᠮᠰᠠᠯ ᠦᠭᠡᠢ ᠵᠣᠷᠢᠭ ᠵᠶ᠋ᠠᠷ ᠢᠷᠠᠭᠤ ᠠᠯᠳᠠᠷᠲᠤ ᠡᠭᠦᠷᠭᠡ ᠎ᠪᠠᠨ ᠦᠢ᠍ᠯᠡᠳᠤᠯᠭᠡᠵᠢᠭᠥᠯᠦᠶ᠎ᠡ
 
            