ᠰᠦᠷ ᠵᠢᠪᠬᠤᠭ᠋ᠠᠲᠤ ᠲᠡᠦᠬᠡ ᠰᠤᠳᠤᠷ᠎ᠨᠢ ᠲᠣᠯᠢ ᠪᠤᠯᠵᠤ᠂
ᠴᠢᠩ ᠦᠨᠡᠨᠴᠢ ᠰᠡᠳᠬᠢᠯ᠎ᠨᠢ ᠮᠢᠩᠭ᠋ᠠᠨ ᠤᠨ᠎ᠢ ᠭᠡᠢ᠌ᠭᠦᠯᠦᠨ᠎ᠡ
— ᠵᠠᠭᠤᠨ ᠵᠢᠯ᠎ᠤᠨ ᠨᠠᠮ᠎ᠤᠨ ᠲᠡᠦᠬᠡ ᠵᠢ ᠰᠣᠷᠣᠯᠴᠠᠵᠤ᠂
ᠠᠷᠠᠳ᠎ᠤᠨ ᠶᠠᠪᠤᠳᠠᠯ᠎ᠤᠨ ᠬᠠᠶ᠋ᠢᠷ᠎ᠠ ᠰᠡᠳᠬᠢᠯᠭᠡ ᠪᠠᠨ ᠲᠤᠭ᠋ᠠᠴᠢᠰᠤᠭ᠋ᠠᠢ
ᠵᠠᠯᠠᠶ᠋ᠢᠳ ᠬᠣᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ ᠵᠢᠶᠠᠩ ᠴᠤᠤ ᠹᠧᠩ ᠵᠣᠬᠢᠶᠠᠪᠠ ᠠᠳᠠᠩᠭ᠎ᠠ ᠣᠷᠴᠢᠭᠤᠯᠪᠠ
ᠨᠢᠭᠡ᠂ ᠠᠷᠠᠳ᠎ᠤᠨ ᠰᠡᠳᠬᠢᠯ᠎ᠳᠤ ᠵᠠᠰᠠᠭ ᠪᠠᠷᠢᠨ᠂ ᠡᠨᠡᠷᠢᠯ ᠬᠠᠢ᠌ᠷ᠎ᠠ ᠴᠢᠬᠡᠴᠢ ᠵᠢᠷᠤᠮ᠎ᠢ ᠡᠷᠬᠢᠮᠯᠡᠶ᠎ᠠ —— ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠨᠴᠠ ᠪᠠᠶ᠋ᠢᠳᠠᠭ ᠵᠠᠩ ᠰᠤᠷᠲᠠᠯ᠎ᠠᠴᠠ ᠠᠷᠠᠳ᠎ᠤᠨ ᠠᠮᠢᠳᠤᠷᠠᠯ᠎ᠢ ᠤᠬᠠᠪᠠ᠃
ᠶᠢᠰᠦᠨ ᠲᠢᠪ᠎ᠤᠨ ᠳᠣᠯᠭᠢᠰᠤᠯ᠂ ᠶᠠᠮᠠᠷ ᠦᠵᠡᠯ ᠰᠠᠨᠠᠭ᠎ᠠ ᠬᠤᠪᠢᠰᠬᠠᠯ᠎ᠤᠨ ᠭᠠᠯ ᠤᠨ ᠤᠴᠢ ᠵᠢ ᠨᠤᠴᠤᠭ᠋ᠠᠵᠤ ᠴᠢᠳᠠᠬᠤ ᠪᠤᠢ?
ᠨᠤᠢ᠌ᠷᠰᠤᠭᠰᠠᠨ ᠠᠷᠰᠯᠠᠨ ᠠᠷᠬᠢᠷᠠᠨ ᠰᠡᠷᠡᠪᠡ᠂ ᠶᠠᠮᠠᠷ ᠰᠢᠥᠬᠠᠨ ᠠᠶᠤᠩᠭ᠎ᠠ ᠨᠠᠮ ᠬᠥᠮᠤᠨ ᠲᠤᠮᠳᠠᠬᠢ ᠳᠤᠮᠳᠠᠳᠤ ᠤᠯᠤᠰ ᠲᠤ ᠴᠠᠬᠢᠯᠠᠬᠤ ᠨᠢ ᠪᠤᠢ?
ᠬᠡᠪ ᠴᠢᠨᠠᠷ
ᠮᠠᠨ᠎ᠤ ᠨᠠᠮ ᠮᠡᠨᠳᠦᠯᠡᠭᠰᠡᠨ ᠠ᠋ᠳᠦᠷ᠎ᠠᠴᠠ᠎ᠪᠠᠨ ᠠᠪᠤᠭ᠋ᠠᠳ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ ᠬᠤᠪᠢ ᠵᠠᠶᠠᠭ᠎ᠠ᠎ᠲᠠᠢ ᠨᠢᠭᠲᠠ ᠬᠣᠯᠪᠣᠭ᠎ᠠ᠎ᠲᠠᠢ ᠶᠤᠮ᠃ ᠤᠯᠤᠰ ᠣᠷᠣᠨ ᠵᠶ᠋ᠠᠨ ᠮᠥᠬᠥᠯ᠎ᠠᠴᠠ ᠠᠪᠤᠷᠠᠵᠤ ᠣᠷᠣᠰᠢᠨ ᠲᠣᠭᠲᠠᠨᠢᠬᠤ ᠵᠢᠨ ᠲᠥᠯᠥᠭᠡ ᠬᠠᠲᠠᠭᠤᠵᠢᠯᠲᠠᠢ᠎ᠪᠠᠷ ᠬᠠᠶ᠋ᠢᠨ ᠰᠦᠪᠡᠭᠴᠢᠯᠡᠬᠦ ᠶᠠᠪᠤᠴᠠ᠎ᠳᠤ᠂ ᠳᠤᠮᠳᠠᠳᠤ ᠤᠯᠤᠰ᠎ᠲᠤ ᠡᠪ ᠬᠠᠮᠲᠤ ᠨᠠᠮ ᠪᠤᠢ ᠪᠣᠯᠪᠠ᠂ ᠠ᠋ᠨᠡ ᠪᠣᠯ ᠭᠠᠯᠪᠠ ᠳᠡᠯᠡᠬᠡᠢ ᠵᠢ ᠲᠣᠭᠲᠠᠭ᠋ᠠᠭᠰᠠᠨ ᠶᠡᠬᠡ ᠬᠡᠷᠡᠭ ᠬᠤᠪᠢᠰᠤᠯ ᠮᠥᠨ᠂ ᠠ᠋ᠭᠦᠨ᠎ᠠᠴᠠ ᠠᠪᠤᠭ᠋ᠠᠳ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭ᠋ᠠᠨ᠎ᠤ ᠲᠠᠯ᠎ᠠ᠎ᠪᠠᠷ ᠰᠠᠨᠠᠭ᠋ᠠᠴᠢᠯᠠᠭ᠎ᠠ ᠦᠭᠡᠢ ᠪᠠᠶ᠋ᠢᠭᠰᠠᠨ᠎ᠠᠴᠠ᠎ᠪᠠᠨ ᠰᠠᠨᠠᠭ᠋ᠠᠴᠢᠯᠠᠭ᠋ᠠᠲᠤ ᠪᠠᠶ᠋ᠢᠳᠠᠯ᠎ᠳᠤ ᠰᠢᠯᠵᠢᠵᠦ ᠠ᠋ᠬᠢᠯᠡᠪᠡ!
ᠪᠠᠭᠤᠷᠠᠢ ᠪᠠᠭ᠎ᠠ ᠶᠤᠮ ᠤᠤ ᠬᠦᠴᠦᠷᠬᠡᠭ ᠶᠡᠬᠡ ᠪᠠᠶ᠋ᠢᠭᠰᠠᠨ ᠴᠤ᠌᠂ ᠤᠷᠤᠭᠰᠢᠲᠠᠢ ᠶᠤᠮ ᠤᠤ ᠤᠷᠤᠭᠰᠢ ᠦᠭᠡᠢ ᠪᠠᠶ᠋ᠢᠭᠰᠠᠨ ᠴᠤ᠌᠂ ᠮᠠᠨ᠎ᠤ ᠨᠠᠮ ᠤᠭ ᠰᠠᠨᠠᠭ᠎ᠠ᠎ᠪᠠᠨ ᠬᠤᠪᠢᠷᠠᠭᠤᠯᠬᠤ ᠦᠭᠡᠢ᠂ ᠬᠤᠪᠢᠷᠠᠰᠢ ᠦᠭᠡᠢ ᠪᠠᠶ᠋ᠢᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠦᠷᠬᠡᠭ ᠳᠠᠶ᠋ᠢᠰᠤᠨ᠎ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ ᠢᠯᠠᠯᠲᠠ ᠤᠯᠬᠤ᠎ᠪᠠᠷ ᠴᠢᠷᠮᠠᠢ᠌ᠭᠰᠠᠭ᠋ᠠᠷ ᠢᠷᠡᠵᠡᠢ ᠃ ᠦᠶ᠎ᠡ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ ᠠ᠋ᠮᠦᠨᠡᠬᠢ᠎ᠨᠢ ᠤᠨᠠᠪᠠᠯ ᠬᠣᠶ᠋ᠢᠨᠠᠬᠢ᠎ᠨᠢ ᠵᠠᠯᠭ᠋ᠠᠮᠵᠢᠯᠠᠵᠤ᠂ ᠴᠢᠰᠤ ᠤᠷᠤᠰᠬᠠᠨ ᠪᠠᠶ᠋ᠢᠯᠳᠤᠵᠤ᠂ ᠠᠭᠤᠯᠠ ᠤᠰᠤ ᠵᠢ ᠳᠣᠩᠰᠣᠯᠭ᠋ᠠᠭᠰᠠᠨ ᠪᠠᠭ᠋ᠠᠲᠤᠷᠯᠢᠭ ᠳᠠᠭᠤᠯᠠᠯ᠎ᠢ ᠪᠢᠴᠢᠭᠯᠡᠭᠰᠡᠨ ᠪᠠᠶ᠋ᠢᠨ᠎ᠠ᠃
ᠠᠷᠠᠳ᠎ᠤᠨ ᠠᠮᠢᠳᠤᠷᠠᠯ
ᠤᠯᠤᠰ᠎ᠢ ᠵᠠᠰᠠᠬᠤ᠎ᠳᠤ ᠪᠠᠶ᠋ᠢᠩᠭᠤ ᠵᠢᠨ᠎ᠬᠢ ᠪᠠᠶ᠋ᠢᠵᠤ᠂ ᠠᠷᠠᠳ᠎ᠲᠤ ᠠᠰᠢᠭ ᠬᠦᠷᠲᠡᠭᠡᠬᠦ᠎ᠪᠠᠷ ᠦᠨᠳᠦᠰᠦ ᠪᠣᠯᠭ᠋ᠠᠨ᠎ᠠ᠃ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠠ᠋ᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠤᠭ ᠰᠠᠨᠠᠭ᠎ᠠ ᠠ᠋ᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠦᠢ᠍ᠯᠡᠳᠦᠯᠭᠡᠵᠢᠭᠦᠯᠬᠦ᠎ᠨᠢ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠵᠢ ᠲᠤᠭᠤᠰᠢᠯᠠᠭᠤᠯᠬᠤ ᠤᠯᠠᠭ᠋ᠠᠨ ᠱᠤᠭᠤᠮ ᠪᠣᠯᠪᠠ᠃ ᠠᠷᠠᠳ᠎ᠤᠨ ᠠᠮᠢᠳᠤᠷᠠᠯ᠎ᠤᠨ ᠠᠵᠢᠯ ᠠᠷᠠᠳ ᠲᠦᠮᠡᠨ᠎ᠠᠴᠠ ᠬᠠᠮᠤᠭ᠎ᠤᠨ ᠣᠶ᠋ᠢᠷᠠᠬᠠᠨ ᠪᠠᠶ᠋ᠢᠳᠠᠭ᠂ ᠣᠷᠣᠭ ᠳᠠᠩᠰᠠᠯᠠᠭᠤᠯᠬᠤ᠎ᠠᠴᠠ ᠬᠡᠦᠬᠡᠳ᠎ᠤᠨ ᠠᠰᠠᠷᠠᠮᠵᠢ ᠬᠦᠷᠲᠡᠯ᠎ᠡ᠂ ᠨᠡᠶ᠋ᠢᠭᠡᠮ᠎ᠤᠨ ᠠᠪᠤᠷᠠᠨ ᠲᠤᠰᠠᠯᠠᠯᠲᠠ᠎ᠠᠴᠠ ᠨᠡᠶ᠋ᠢᠭᠡᠮ ᠲᠣᠭᠣᠷᠢᠭ᠎ᠤᠨ ᠵᠠᠰᠠᠯᠲᠠ ᠬᠦᠷᠲᠡᠯ᠎ᠡ᠂ ᠨᠠᠰᠤᠲᠠᠨ᠎ᠢ ᠠᠰᠠᠷᠠᠵᠤ ᠨᠠᠰᠤᠲᠠᠨ᠎ᠢ ᠲᠤᠰᠠᠯᠠᠬᠤ᠎ᠠᠴᠠ ᠣᠷᠣᠰᠢᠭᠤᠯᠭ᠎ᠠ ᠵᠢᠨ ᠦᠢᠯᠡᠴᠢᠯᠡᠭᠡ ᠬᠦᠷᠲᠡᠯ᠎ᠡ᠃ ᠠᠷᠠᠳ᠎ᠤᠨ ᠶᠠᠪᠤᠳᠠᠯ᠎ᠤᠨ ᠠᠵᠢᠯ᠎ᠢ ᠰᠠᠶ᠋ᠢᠲᠤᠷ ᠬᠢᠬᠦ ᠪᠣᠯ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠵᠦ ᠪᠠᠶ᠋ᠢᠭ᠎ᠠ ᠶᠠᠪᠤᠳᠠᠯ ᠮᠥᠨ᠂ ᠨᠠᠮ᠎ᠤᠨ ᠦᠨᠳᠦᠰᠦᠨ ᠵᠣᠷᠢᠯᠲᠠ ᠵᠢ ᠦᠢᠯᠡᠳᠦᠯᠭᠡᠵᠢᠭᠦᠯᠵᠦ ᠪᠠᠶ᠋ᠢᠭ᠎ᠠ ᠶᠠᠪᠤᠳᠠᠯ ᠮᠥᠨ᠂ ᠨᠠᠮ᠎ᠤᠨ ᠲᠥᠷᠥ ᠪᠠᠷᠢᠬᠤ ᠰᠠᠭᠤᠷᠢ ᠵᠢ ᠪᠡᠬᠢᠵᠢᠭᠦᠯᠬᠦ᠎ᠳᠤ ᠬᠦᠴᠦ ᠨᠡᠮᠡᠷᠢᠯᠡᠵᠦ ᠪᠠᠶ᠋ᠢᠭ᠎ᠠ ᠶᠠᠪᠤᠳᠠᠯ ᠮᠥᠨ᠃
ᠬᠣᠶᠠᠷ᠂ ᠨᠤᠲᠤᠭ ᠤᠰᠤ᠎ᠪᠠᠨ ᠠᠮᠤᠷᠵᠢᠭᠤᠯᠤᠨ ᠲᠦᠮᠡᠨ ᠤᠯᠠᠨ ᠵᠶ᠋ᠠᠨ ᠠᠮᠤᠷᠵᠢᠭᠤᠯᠵᠤ᠂ ᠤᠯᠤᠰ ᠣᠷᠣᠨ ᠵᠶ᠋ᠠᠨ ᠴᠢᠨᠡᠭᠡᠯᠢᠭᠵᠢᠭᠦᠯᠦᠨ ᠠᠷᠠᠳ ᠲᠦᠮᠡᠨ ᠵᠶ᠋ᠡᠨ ᠴᠢᠨᠡᠭᠡᠯᠢᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠤᠶᠤᠨ ᠤᠬᠠᠭ᠋ᠠᠨ᠎ᠠᠴᠠ ᠠᠷᠠᠳ᠎ᠤᠨ ᠶᠠᠪᠤᠳᠠᠯ ᠢ ᠤᠬᠠᠭ᠋ᠠᠨᠠ᠃ ᠦᠪᠡᠷ ᠪᠡᠶ᠎ᠡ᠎ᠪᠠᠨ ᠤᠮᠠᠷᠳᠠᠨ᠂ ᠠᠷᠠᠳ ᠲᠦᠮᠡᠨ᠎ᠢ ᠬᠥᠰᠡᠷᠳᠡᠭᠦᠯᠬᠦ ᠦᠭᠡᠢ!
ᠴᠢᠷᠮᠠᠢ᠌ᠵᠤ ᠦᠩᠭᠡᠷᠡᠭᠦᠯᠦᠭᠰᠡᠨ ᠴᠠᠭ ᠮᠦᠴᠡ ᠬᠦᠮᠦᠰ᠎ᠢ ᠬᠦᠰᠡᠷᠳᠡᠬᠦᠯᠬᠦ ᠦᠬᠡᠢ᠂ ᠲᠡᠦᠬᠡ ᠪᠣᠯ ᠲᠡᠮᠡᠴᠡᠭᠴᠢ᠎ᠳᠤ ᠬᠠᠷᠢᠶᠠᠯᠠᠭᠳᠠᠨ᠎ᠠ!
ᠣᠶᠤᠨ ᠪᠢᠯᠢᠭ
ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠣᠯᠤᠭᠰᠠᠨ᠎ᠤ ᠬᠠᠮᠤᠭ᠎ᠤᠨ ᠦᠨᠳᠦᠰᠦᠨ ᠰᠢᠯᠲᠠᠭ᠋ᠠᠨ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠥᠪᠡᠷ᠎ᠤᠨ ᠵᠶ᠋ᠡᠨ ᠭᠡᠰᠡᠨ ᠵᠠᠮ᠎ᠢ ᠨᠡᠭᠡᠭᠡᠭᠰᠡᠨ᠎ᠳᠤ ᠣᠷᠣᠰᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠤᠰᠤᠳ ᠤᠯᠤᠰ᠎ᠤᠨ ᠲᠤᠷᠰᠢᠯᠭ᠎ᠠ ᠵᠢ ᠮᠧᠬᠠᠨᠢᠭ ᠵᠶ᠋ᠠᠷ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠬᠦ ᠦᠭᠡᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠠ᠋ᠳᠦᠷ᠎ᠠᠴᠠ᠎ᠪᠠᠨ ᠠ᠋ᠬᠢᠯᠡᠭᠡᠳ ᠳᠠᠷᠤᠢ ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠯᠳᠠᠭ᠎ᠠ ᠪᠤᠷᠤᠭᠤ᠎ᠪᠠᠨ ᠴᠠᠭ ᠲᠤᠬᠠᠢᠳᠤᠨᠢ ᠵᠠᠯᠠᠷᠠᠭᠤᠯᠬᠤ ᠵᠢᠨ ᠬᠠᠮᠲᠤ ᠵᠥᠪ ᠵᠠᠮ᠎ᠢ ᠠ᠋ᠷᠢᠵᠦ ᠤᠯᠬᠤ ᠤᠶᠤᠨ ᠤᠬᠠᠭ᠋ᠠᠨ ᠵᠶ᠋ᠠᠷ ᠪᠢᠯᠬᠠᠮ᠎ᠠ ᠪᠠᠶ᠋ᠢᠭᠰᠠᠨ ᠶᠤᠮ᠃
ᠣᠳᠣᠬᠠᠨ᠎ᠤ ᠳᠡᠯᠡᠬᠡᠢ ᠶᠢᠷᠲᠢᠨᠴᠦ ᠠᠵᠤ ᠠᠬᠤᠢ᠂ ᠤᠯᠤᠰ ᠲᠦᠷᠦ᠂ ᠰᠢᠨᠵᠢᠯᠡᠬᠦ ᠤᠬᠠᠭ᠋ᠠᠨ ᠮᠡᠷᠭᠡᠵᠢᠯ ᠪᠠ ᠣᠷᠴᠢᠨ ᠠᠬᠤᠢ ᠵᠡᠷᠭᠡ ᠬᠦᠷᠢᠶᠡᠨ᠎ᠳᠤ ᠠᠯᠢ ᠤᠯᠠᠨ ᠪᠦᠬᠦ ᠪᠥᠮᠪᠥᠷᠴᠡᠭ᠎ᠤᠨ ᠴᠢᠨᠠᠷᠲᠠᠢ ᠠᠰᠠᠭᠤᠳᠠᠯ᠎ᠳᠤ ᠲᠤᠯᠭ᠋ᠠᠷᠠᠵᠤ᠂ ᠪᠦᠬᠦ ᠪᠥᠮᠪᠥᠷᠴᠡᠭ᠎ᠤᠨ ᠴᠢᠨᠠᠷᠲᠠᠢ ᠰᠢᠢ᠍ᠳᠪᠦᠷᠢᠯᠡᠬᠦ ᠲᠥᠰᠦᠯ ᠱᠠᠭ᠋ᠠᠷᠳᠠᠭᠳᠠᠵᠤ ᠪᠠᠶ᠋ᠢᠨ᠎ᠠ᠃ ᠠ᠋ᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ ᠵᠢ ᠰᠠᠨᠠᠭ᠋ᠠᠴᠢᠯᠠᠵᠤ᠂ ᠣᠯᠠᠨ ᠲᠠᠯᠠᠲᠤ ᠦᠵᠡᠯ᠎ᠢ ᠢᠳᠡᠪᠬᠢᠲᠡᠶ ᠳᠡᠮᠵᠢᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠥ ᠪᠥᠮᠪᠥᠷᠴᠡᠭ᠎ᠤᠨ ᠬᠠᠷᠠᠭ᠋ᠠᠰᠤ ᠪᠠ ᠠ᠋ᠭᠦᠷᠭᠡ ᠬᠠᠷᠢᠭᠤᠴᠠᠯᠭ᠎ᠠ ᠵᠢ ᠢᠯᠡᠷᠡᠭᠦᠯᠪᠡ᠃
ᠠᠷᠠᠳ᠎ᠤᠨ ᠶᠠᠪᠤᠳᠠᠯ
ᠭᠡᠨᠡᠳᠲᠡ ᠠ᠋ᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠠ᠋ᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠥᠴᠦᠬᠡᠨ ᠴᠦ᠍ ᠲᠠᠲᠠᠭ᠋ᠠᠯᠵᠠᠯ ᠦᠭᠡᠢ᠎ᠪᠠᠷ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ᠎ᠤᠨ ᠠ᠋ᠷᠡᠭᠦᠯ ᠮᠡᠨᠳᠦ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠣᠬᠣᠷᠬᠠᠨ ᠬᠤᠭᠤᠴᠠᠭ᠋ᠠᠨ᠎ᠳᠤ ᠬᠢᠵᠢᠭ᠎ᠤᠨ ᠪᠠᠶ᠋ᠢᠳᠠᠯ᠎ᠢ ᠡᠵᠡᠮᠳᠡᠪᠡ᠃ ᠠ᠋ᠭᠦᠨ᠎ᠤ ᠬᠠᠮᠲᠤ᠂ ᠳᠤᠮᠳᠠᠳᠤ ᠤᠯᠤᠰ ᠪᠠᠰᠠ ᠪᠤᠰᠤᠳ ᠤᠯᠤᠰ᠎ᠲᠤ ᠠ᠋ᠮᠴᠢᠯᠡᠭᠡᠨ᠎ᠤ ᠠ᠋ᠳ᠋ ᠪᠣᠳᠠᠰ᠎ᠤᠨ ᠲᠤᠰᠠᠯᠠᠮᠵᠢ ᠬᠠᠩᠭ᠋ᠠᠵᠤ᠂ ᠬᠥᠮᠦᠨ ᠲᠥᠷᠥᠯᠬᠢᠲᠡᠨ᠎ᠤ ᠠ᠋ᠷᠡᠭᠦᠯ ᠬᠠᠮᠠᠭ᠋ᠠᠯᠠᠯ ᠠ᠋ᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠪᠡ᠃
ᠠᠷᠠᠳ᠎ᠤᠨ ᠶᠠᠪᠤᠳᠠᠯ ᠪᠣᠯ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠡᠴᠦᠰ᠎ᠤᠨ ᠰᠡᠷᠭᠡᠶ᠋ᠢᠯᠡᠯᠲᠡ ᠵᠢᠨ ᠱᠤᠭᠤᠮ ᠮᠥᠨ᠂ ᠪᠠᠰᠠ ᠴᠤ᠌ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠬᠣᠷᠢᠭ᠎ᠠ ᠱᠤᠭᠤᠮ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ᠂ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠡᠶ᠋ᠢᠭᠡᠮ᠎ᠤᠨ ᠲᠡᠳᠬᠦᠮᠵᠢ ᠵᠢᠨ ᠲᠦᠷᠢᠮ ᠲᠠᠰᠤᠷᠠᠯᠲᠠ ᠥᠬᠡᠶ ᠲᠡᠭᠦᠯᠳᠡᠷᠵᠢᠵᠦ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠭᠠᠮᠰᠢᠭ᠎ᠠᠴᠠ ᠠᠪᠤᠷᠠᠨ ᠲᠤᠰᠠᠯᠠᠬᠤ᠂ ᠡᠮ ᠠ᠋ᠮᠨᠡᠯᠭᠡ ᠵᠢᠨ ᠠᠪᠤᠷᠠᠨ ᠲᠤᠰᠠᠯᠠᠬᠤ ᠵᠡᠷᠭᠡ᠎ᠪᠠᠷ ᠭᠤᠤᠯ ᠠᠭᠤᠯᠭ᠎ᠠ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠨᠡᠶ᠋ᠢᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠤᠯᠠᠮ ᠨᠢᠭᠡ ᠠᠯᠬᠤᠮ ᠪᠠᠶ᠋ᠢᠭᠤᠯᠤᠨ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ 《ᠠᠮᠤᠷ ᠲᠦᠪᠰᠢᠨ᠎ᠤ ᠲᠤᠤᠷ》᠎ᠢ ᠨᠢᠭᠲᠠ ᠰᠦᠯᠵᠢᠪᠡ᠃
ᠭᠤᠷᠪᠠ᠂ ᠬᠦᠰᠡᠯ ᠰᠡᠳᠬᠢᠯ᠎ᠤᠨ ᠬᠠᠨᠳᠤᠯᠭ᠎ᠠ᠂ ᠬᠦᠰᠡᠯ ᠰᠡᠳᠬᠢᠯ᠎ᠤᠨ ᠢᠯᠡᠯᠲᠡ
ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠳᠡᠯᠡᠬᠡᠢ ᠵᠢᠨ ᠪᠤᠰᠤᠳ ᠲᠦᠷᠦ ᠵᠢᠨ ᠨᠠᠮ᠎ᠳᠤ ᠦᠵᠡᠭᠦᠯᠦᠭᠰᠡᠨ ᠦᠯᠢᠭᠡᠷ ᠳᠠᠭᠤᠷᠢᠶᠠᠯ ᠠᠴᠠ ᠠᠷᠠᠳ᠎ᠤᠨ ᠰᠡᠳᠬᠢᠯ᠎ᠢ ᠰᠡᠳᠬᠢᠨ ᠤᠬᠠᠬᠤ᠎ᠨᠢ᠃
ᠬᠡᠭᠦᠳᠡᠭ ᠴᠡᠭᠡᠵᠢᠨ᠎ᠳᠡᠭᠡᠨ ᠮᠢᠩᠭ᠋ᠠᠨ ᠣᠨ᠎ᠤ ᠠᠤᠭ᠎ᠠ ᠦᠢ᠍ᠯᠡᠰ᠎ᠢ ᠡᠪᠦᠷᠯᠡᠬᠦ᠎ᠨᠢ ᠴᠢᠪ ᠬᠡᠮᠡᠨ ᠵᠠᠭᠤᠨ ᠵᠢᠯ᠎ᠤᠨ ᠴᠤᠭ ᠵᠢᠪᠬᠤᠭ᠎ᠠ ᠪᠣᠯᠤᠨ᠎ᠠ;
ᠤᠷᠤᠭᠰᠢᠯᠠᠯᠲᠠ ᠵᠢᠨ ᠬᠦᠴᠦᠨ᠎ᠢ ᠣᠯᠵᠤ᠂ ᠨᠠᠰᠤᠨ ᠲᠤᠷᠰᠢᠳᠠ ᠨᠠᠮ ᠪᠠ ᠤᠯᠤᠰ᠎ᠲᠠᠭᠠᠨ ᠠᠯᠢᠪᠠ᠎ᠪᠠᠨ ᠵᠤᠷᠢᠭᠤᠯᠤᠨ᠎ᠠ᠃
ᠲᠠᠭᠤᠷᠢᠶᠠᠯ
ᠵᠠᠭᠤᠨ ᠵᠢᠯ᠎ᠤᠨ ᠲᠡᠦᠬᠡᠨ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ 9000 ᠭᠠᠷᠤᠢ ᠲᠦᠮᠡᠨ ᠨᠠᠮ᠎ᠤᠨ ᠭᠡᠰᠢᠭᠦᠨ᠎ᠲᠠᠢ ᠲᠤᠮᠤ ᠨᠠᠮ ᠪᠣᠯᠤᠨ ᠪᠣᠶ᠋ᠢᠵᠢᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠲᠠᠰᠤᠷᠠᠯᠲᠠ ᠦᠭᠡᠢ ᠬᠥᠭᠵᠢᠨ ᠪᠤᠵᠠᠭ᠋ᠠᠢ᠍ᠢ᠍ᠷᠠᠭᠰᠠᠨᠤ ᠴᠢᠬᠤᠯᠠ ᠰᠢᠯᠲᠠᠭ᠋ᠠᠨ᠎ᠨᠢ ᠠᠷᠠᠳ ᠲᠦᠮᠡᠨ᠎ᠤ ᠠᠰᠢᠭ ᠲᠤᠰᠠ ᠵᠢ ᠲᠡᠷᠢᠭᠦᠨ ᠪᠠᠶ᠋ᠢᠷᠢᠨ᠎ᠳᠤ ᠲᠠᠯᠪᠢᠭᠰᠠᠨ᠎ᠳᠤ ᠣᠷᠣᠰᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠺᠠᠳ᠋ᠷ᠎ᠢ ᠰᠢᠯᠢᠨ ᠰᠣᠩᠭᠣᠬᠤ᠂ ᠴᠢᠳᠠᠪᠤᠷᠢᠲᠠᠨ᠎ᠢ ᠬᠡᠷᠡᠭᠯᠡᠬᠦ᠎ᠳᠡᠭᠡᠨ ᠶᠣᠰᠣ ᠰᠤᠷᠲᠠᠬᠤᠨ ᠠ᠋ᠷᠳᠡᠮ ᠴᠢᠳᠠᠪᠤᠷᠢ ᠵᠢ ᠬᠣᠣᠰᠯᠠᠭᠤᠯᠬᠤ᠂ ᠶᠣᠰᠣ ᠰᠤᠷᠲᠠᠬᠤᠨ᠎ᠢ ᠲᠡᠷᠢᠭᠦᠨ᠎ᠳᠤ ᠲᠠᠯᠪᠢᠬᠤ᠂ ᠠ᠋ᠷᠳᠡᠮᠲᠡᠨ ᠮᠡᠷᠭᠡᠳ᠎ᠢ ᠯᠡ ᠬᠡᠷᠡᠭᠯᠡᠬᠦ ᠵᠢ ᠴᠢᠬᠤᠯᠠᠴᠢᠯᠠᠵᠤ᠂ ᠵᠠᠰᠠᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠦᠢ᠍ᠯᠡᠳᠦᠯᠭᠡ ᠵᠢᠨ ᠳᠤᠮᠳᠠ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ ᠠᠵᠤ ᠠᠬᠤᠢ ᠵᠢᠨ ᠲᠦᠷᠭᠡᠨ ᠬᠥᠭᠵᠢᠯᠲᠡ ᠵᠢᠨ ᠭᠠᠶ᠋ᠢᠬᠠᠮᠰᠢᠭ ᠪᠣᠯᠤᠨ ᠨᠡᠶ᠋ᠢᠭᠡᠮ᠎ᠤᠨ ᠤᠷᠳᠤ ᠬᠤᠭᠤᠴᠠᠭ᠋ᠠᠨ᠎ᠤ ᠲᠣᠭᠲᠠᠭᠤᠨ᠎ᠤ ᠭᠠᠶ᠋ᠢᠬᠠᠮᠰᠢᠭ᠎ᠢ ᠠ᠋ᠭᠦᠳᠪᠡ᠃ ᠲᠡᠭᠦᠨ᠎ᠤ ᠳᠣᠲᠣᠷᠠᠬᠢ ᠨᠢᠭᠡᠨ ᠴᠢᠬᠤᠯᠠ ᠰᠢᠯᠲᠠᠭ᠋ᠠᠨ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠮᠥᠨ ᠴᠢᠨᠠᠷ᠎ᠢ ᠣᠨᠣᠪᠴᠢᠲᠠᠢ ᠡᠵᠡᠮᠰᠢᠬᠦ ᠵᠢᠨ ᠬᠠᠮᠲᠤ ᠲᠡᠭᠦᠨ᠎ᠤ ᠠᠭᠤᠯᠤᠭᠳᠠᠬᠤᠨ᠎ᠢ ᠲᠠᠰᠤᠷᠠᠯᠳᠠ ᠦᠭᠡᠢ ᠪᠦᠲᠦᠭᠡᠯᠴᠢ᠎ᠪᠠᠷ ᠬᠥᠭᠵᠢᠭᠦᠯᠦᠭᠰᠡᠨ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠪᠣᠯ ᠪᠣᠳᠠᠲᠤ ᠪᠠᠶ᠋ᠢᠳᠠᠯ᠎ᠲᠠᠢ ᠭᠦᠨᠵᠡᠭᠡᠢ ᠤᠶᠠᠯᠳᠤᠭᠤᠯᠤᠭᠰᠠᠨ ᠮᠠᠷᠺᠰ᠎ᠤᠨ ᠦᠵᠡᠯ ᠮᠥᠨ᠃
ᠠᠷᠠᠳ᠎ᠤᠨ ᠰᠡᠳᠬᠢᠯ
ᠠᠷᠠᠳ᠎ᠤᠨ ᠰᠡᠳᠬᠢᠯ ᠪᠣᠯ ᠬᠠᠮᠤᠭ᠎ᠤᠨ ᠶᠡᠬᠡ ᠤᠯᠤᠰ ᠲᠦᠷᠦ ᠮᠥᠨ᠃ ᠠᠷᠠᠳ ᠤᠯᠠᠨ᠎ᠤ ᠠᠮᠢᠳᠤᠷᠠᠯ᠎ᠨᠢ ᠤᠯᠤᠰ ᠢ ᠵᠠᠰᠠᠬᠤ ᠂ ᠠᠷᠠᠳ ᠤᠯᠠᠨ᠎ᠤ ᠠᠩᠬᠠᠷᠴᠤ ᠪᠠᠶ᠋ᠢᠭ᠎ᠠ ᠶᠡᠬᠡ ᠪᠠᠭ᠎ᠠ ᠶᠠᠪᠤᠳᠠᠯ᠎ᠲᠠᠢ ᠬᠣᠯᠪᠣᠭᠳᠠᠵᠤ᠂ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯᠬᠤ ᠪᠥᠭᠡᠳ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠠᠴᠠ᠎ᠪᠠᠨ ᠰᠠᠨᠠᠭ᠋ᠠᠰᠢᠷᠠᠵᠤ ᠪᠠᠶ᠋ᠢᠭ᠎ᠠ ᠠᠷᠠᠳ᠎ᠤᠨ ᠠᠮᠢᠳᠤᠷᠠᠯ ᠪᠣᠯᠤᠨ᠎ᠠ᠃ ᠲᠡᠷᠡ᠎ᠪᠠᠷ ᠪᠢᠳᠡᠨ᠎ᠤ ᠴᠢᠬᠤᠯᠠ ᠶᠡᠬᠡ ᠠᠵᠢᠯ ᠪᠠ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ᠎ᠳᠠᠭᠠᠨ ᠠ᠋ᠷᠬᠡᠪᠰᠢ ᠠᠷᠠᠳ᠎ᠤᠨ ᠪᠠᠶ᠋ᠢᠳᠠᠯ᠎ᠢ ᠣᠶ᠋ᠢᠯᠠᠭ᠋ᠠᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠠᠷᠠᠳ ᠤᠯᠠᠨ᠎ᠤ ᠠᠰᠢᠭ ᠲᠤᠰᠠ ᠵᠢ ᠴᠢᠬᠤᠯᠠᠴᠢᠯᠠᠵᠤ᠂ ᠠᠷᠠᠳ ᠤᠯᠠᠨ᠎ᠤ ᠬᠦᠰᠡᠯ ᠠ᠋ᠷᠡᠮᠡᠯᠵᠡᠯ ᠵᠶ᠋ᠡᠷ ᠮᠥᠷᠥᠭᠡᠳᠦᠯ ᠵᠶ᠋ᠡᠨ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠥᠷᠢᠰᠥᠯᠳᠦᠭᠡᠨ᠎ᠢ ᠠᠮᠵᠢᠯᠲᠠ᠎ᠲᠠᠢ ᠠᠷᠭ᠋ᠠᠴᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠣᠯᠤᠨ ᠠ᠋ᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠠᠯᠬᠤᠭ᠎ᠠ ᠵᠢ ᠨᠡᠩ ᠪᠠᠲᠤ ᠴᠢᠩᠭ᠎ᠠ ᠪᠣᠯᠭ᠋ᠠᠪᠠ᠃
ᠵᠠᠮ ᠣᠶ᠋ᠢᠷ᠎ᠠ ᠪᠣᠯᠪᠠᠴᠤ ᠶᠠᠪᠤᠬᠤ ᠦᠭᠡᠢ ᠪᠣᠯ ᠬᠦᠷᠬᠦ ᠦᠭᠡᠢ᠂ ᠶᠠᠪᠤᠳᠠᠯ ᠪᠠᠭ᠎ᠠ ᠪᠣᠯᠪᠠᠴᠤ ᠬᠢᠬᠦ ᠦᠭᠡᠢ ᠪᠣᠯ ᠪᠦᠲᠦᠬᠦ ᠦᠭᠡᠢ᠃ ᠠᠷᠠᠳ᠎ᠤᠨ ᠰᠡᠳᠬᠢᠯ᠎ᠢ ᠣᠯᠵᠤ᠂ ᠴᠠᠭ ᠮᠥᠴᠡ ᠵᠢ ᠠᠵᠢᠭᠯᠠᠵᠤ᠂ ᠠᠷᠠᠳ᠎ᠤᠨ ᠵᠣᠪᠠᠭᠤᠷᠢ ᠵᠦᠳᠡᠭᠦᠷᠢ ᠵᠢ ᠠ᠋ᠭᠦᠷᠢᠳᠡ ᠰᠡᠳᠬᠢᠯ᠎ᠳᠤ᠎ᠪᠠᠨ ᠲᠤᠭᠲᠠᠭ᠋ᠠᠵᠤ; ᠶᠠᠪᠤᠳᠠᠯ ᠪᠦᠬᠦᠨ᠎ᠳᠤ ᠪᠣᠯᠭᠣᠮᠵᠢᠲᠠᠶ ᠪᠠᠶ᠋ᠢᠵᠤ᠂ ᠠᠷᠢᠭᠤᠨ ᠴᠢᠬᠡᠴᠢ ᠨᠤᠶᠠᠨ ᠪᠤᠯᠪᠠᠯ ᠵᠡᠭᠦᠳᠦ ᠠᠮᠤᠭᠤᠯᠠᠩ ᠃ ᠠᠵᠢᠯ᠎ᠤᠨ ᠪᠠᠢ᠌ᠷᠢ᠎ᠪᠠᠨ ᠬᠠᠢ᠌ᠷᠠᠯᠠᠪᠠᠯ ᠰᠠᠶᠢ᠂ ᠠ᠋ᠳᠦᠷ᠎ᠠᠴᠠ ᠠ᠋ᠳᠦᠷ ᠴᠢᠨᠡᠭᠡᠯᠢᠭᠵᠢᠨ ᠮᠠᠨᠳᠤᠵᠤ᠂ ᠤᠯᠤᠰ ᠬᠦᠴᠦᠷᠭᠡᠭᠵᠢᠨ ᠬᠢᠯᠢ ᠬᠢᠵᠠᠭ᠋ᠠᠷ ᠲᠤᠭᠲᠠᠭᠤᠨ ᠪᠠᠢ᠌ᠵᠤ ᠴᠢᠳᠠᠨ᠎ᠠ; ᠠᠷᠠᠳ ᠢᠷᠭᠡᠳ ᠲᠤ᠎ᠪᠠᠨ ᠤᠰᠤᠯᠳᠠᠬᠤ ᠦᠬᠡᠢ ᠪᠣᠯ ᠰᠠᠶᠢ ᠦᠷ᠎ᠡ ᠬᠣᠶ᠋ᠢᠴᠢᠰ᠎ᠲᠤ᠎ᠪᠠᠨ ᠪᠤᠶᠠᠨ ᠪᠤᠯᠵᠤ ᠂ ᠬᠡᠷᠡᠯ ᠰᠠᠴᠤᠷᠠᠩᠭᠤᠢ ᠠᠮᠵᠢᠯᠲᠠ᠎ᠪᠠᠨ ᠦᠨᠢ ᠦᠩᠭᠡ ᠤᠯᠠᠮᠵᠢᠯᠠᠵᠤ ᠴᠢᠳᠠᠨ᠎ᠠ!