ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠣᠭ ᠵᠣᠷᠢᠯᠲᠠ᠎ᠪᠠᠨ ᠪᠠᠷᠢᠮᠲᠠᠯᠠᠨ ᠠᠷᠠᠳ᠎ᠤᠨ ᠰᠡᠳᠬᠢᠯ᠎ᠢ ᠲᠥᠪᠯᠡᠷᠡᠭᠦᠯᠵᠦ ᠠ᠋ᠭᠦᠷᠭᠡ ᠬᠠᠷᠢᠭᠤᠴᠠᠯᠭ᠎ᠠ᠎ᠪᠠᠨ ᠠ᠋ᠭᠦᠷᠭᠡᠯᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠶ᠎ᠡ
ᠨᠡᠶᠢᠲᠡᠯᠡᠭᠰᠡᠨ ᠴᠠᠭ᠄ 2021-11-09


      ᠣᠭ ᠵᠣᠷᠢᠯᠲᠠ᠎ᠪᠠᠨ ᠪᠠᠷᠢᠮᠲᠠᠯᠠᠨ ᠠᠷᠠᠳ᠎ᠤᠨ ᠰᠡᠳᠬᠢᠯ᠎ᠢ ᠲᠥᠪᠯᠡᠷᠡᠭᠦᠯᠵᠦ
      ᠠ᠋ᠭᠦᠷᠭᠡ ᠬᠠᠷᠢᠭᠤᠴᠠᠯᠭ᠎ᠠ᠎ᠪᠠᠨ ᠠ᠋ᠭᠦᠷᠭᠡᠯᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠶ᠎ᠡ
                  —— ᠵᠠᠭᠤᠨ ᠵᠢᠯ᠎ᠤᠨ ᠨᠠᠮ᠎ᠤᠨ ᠲᠡᠦᠬᠡ ᠵᠢ ᠰᠤᠷᠤᠯᠴᠠᠵᠤ᠂
                          ᠠᠷᠠᠳ᠎ᠤᠨ ᠶᠠᠪᠤᠳᠠᠯ᠎ᠤᠨ ᠬᠠᠢ᠌ᠷ᠎ᠠ ᠰᠡᠳᠬᠢᠯᠭᠡ ᠵᠢ ᠦᠭᠦᠯᠡᠰᠦᠬᠦᠢ
            ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠸᠠᠩ ᠪᠢ ᠴᠢᠶᠦ᠋ᠩ ᠵᠤᠬᠢᠶᠠᠪᠠ                                     ᠠᠳᠠᠩᠭ᠎ᠠ ᠣᠷᠴᠢᠭᠤᠯᠪᠠ
    1921 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠡᠨᠳᠦᠯᠡᠭᠰᠡᠨ᠎ᠨᠢ ᠳᠤᠮᠳᠠᠳᠤ ᠤᠯᠤᠰ᠎ᠤᠨ ᠲᠡᠦᠬᠡ ᠵᠢᠨ ᠰᠢᠨ᠎ᠡ ᠬᠠᠭᠤᠳᠠᠰᠤ ᠵᠢ ᠰᠡᠬᠦᠵᠦ᠂ ᠪᠦᠬᠦᠶ᠋ᠢᠯᠡ ᠵᠠᠭᠤᠨ ᠵᠢᠯ᠎ᠤᠨ ᠲᠤᠷᠰᠢ᠂ ᠲᠤᠮᠳᠠᠳᠤ ᠤᠯᠤᠰ᠎ᠤᠨ ᠡᠪ ᠬᠠᠮᠳᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠵᠤ᠂ ᠠ᠋ᠷᠡᠯᠬᠡᠭᠯᠡᠨ   ᠤᠷᠤᠭᠰᠢᠯᠠᠭᠰᠠᠨ ᠢᠷᠠᠭᠤ ᠭᠠᠶ᠋ᠢᠬᠠᠮᠰᠢᠭᠲᠤ ᠲᠤᠤᠯᠢᠰ᠎ᠢ ᠪᠢᠴᠢᠭᠯᠡᠭᠰᠡᠨ ᠪᠠᠶ᠋ᠢᠨ᠎ᠠ᠃ 《ᠲᠡᠦᠬᠡ᠎ᠪᠠᠷ ᠲᠤᠯᠢ ᠪᠣᠯᠭ᠋ᠠᠪᠠᠯ᠂ ᠮᠠᠨᠳᠤᠵᠤ ᠮᠥᠬᠥᠬᠦ ᠵᠢ ᠮᠡᠳᠡᠵᠦ ᠪᠣᠯᠤᠨ᠎ᠠ》᠂ ᠮᠠᠨ᠎ᠤ ᠨᠠᠮ᠎ᠤᠨ ᠰᠠᠯᠬᠢ ᠪᠣᠷᠣᠭ᠋ᠠᠨ᠎ᠢ ᠰᠦᠷᠦᠨ ᠤᠷᠤᠭᠰᠢᠯᠠᠭᠰᠠᠨ 100 ᠵᠢᠯ ᠪᠣᠯ ᠨᠢᠭᠡᠨ   ᠭᠦᠨ᠎ᠡ ᠵᠤᠵᠠᠭ᠋ᠠᠨ ᠰᠤᠷᠬᠤ ᠪᠢᠴᠢᠭ ᠮᠥᠨ᠂ ᠡᠪ ᠬᠠᠮᠲᠤ ᠨᠠᠮ᠎ᠤᠨ ᠭᠡᠰᠢᠭᠦᠨ ᠨᠢᠭᠡᠪᠦᠷᠢ ᠎ᠳᠤ ᠠᠪᠴᠤ ᠬᠡᠯᠡᠪᠡᠯ   ᠰᠤᠷᠤᠯᠴᠠᠪᠠᠰᠤ ᠠᠰᠢᠭ ᠬᠦᠷᠲᠡᠨ᠂ ᠴᠥᠮ ᠪᠢᠰᠢᠷᠡᠨ ᠬᠦᠨᠳᠦᠳᠬᠡᠬᠦ ᠰᠡᠳᠬᠢᠯᠭᠡ᠎ᠪᠠᠷ ᠨᠠᠮ᠎ᠤᠨ ᠲᠡᠦᠬᠡ ᠵᠢ ᠲᠠᠨᠢᠵᠤ᠂ ᠪᠢᠰᠢᠷᠡᠨ ᠵᠢᠷᠦᠬᠡᠰᠢᠶᠡᠬᠦ ᠵᠣᠷᠢᠭ ᠵᠶ᠋ᠠᠷ ᠲᠡᠦᠬᠡ᠎ᠳᠤ ᠬᠠᠨᠳᠤᠵᠤ᠂ ᠲᠡᠦᠬᠡ ᠵᠢ   ᠰᠤᠷᠤᠯᠴᠠᠨ᠂   ᠪᠢᠰᠢᠷᠡᠯ ᠢᠲᠡᠭᠡᠯ ᠵᠣᠷᠢᠭ ᠵᠶ᠋ᠠᠨ ᠪᠠᠲᠤᠳᠬᠠᠵᠤ᠂ 《ᠬᠤᠪᠢᠰᠬᠠᠯ᠎ᠤᠨ ᠠᠶᠠᠨ》᠎ᠠᠴᠠ ᠰᠢᠨ᠎ᠡ ᠤᠶᠤᠨ ᠤᠬᠠᠭ᠋ᠠᠨ ᠪᠠ ᠬᠦᠴᠦᠨ ᠴᠢᠳᠠᠯ ᠣᠯᠵᠤ᠂ ᠨᠠᠮᠴᠢ ᠴᠢᠨᠠᠷ᠎ᠤᠨ ᠪᠣᠯᠪᠠᠰᠤᠷᠠᠯ ᠪᠠ ᠲᠠᠨᠢᠯᠲᠠ᠎ᠪᠠᠨ ᠳᠡᠭᠡᠭᠰᠢᠯᠡᠭᠦᠯᠵᠦ᠂ ᠬᠦᠰᠡᠯ ᠨᠠᠶ᠋ᠢᠳᠠᠯᠭ᠎ᠠ ᠵᠢ ᠪᠠᠲᠤ   ᠴᠡᠭᠡᠵᠢᠯᠡᠨ᠂ ᠠᠴᠢ ᠠ᠋ᠨᠡᠷᠢᠯ᠎ᠳᠤ᠎ᠨᠢ ᠲᠠᠯᠠᠷᠬᠠᠵᠤ ᠠ᠋ᠷᠡᠮᠡᠬᠡᠶ᠋ᠢᠯᠡᠨ ᠤᠷᠤᠭᠰᠢᠯᠠᠪᠠᠯ ᠵᠣᠬᠢᠨ᠎ᠠ᠃
    ᠰᠦᠷᠯᠢᠭ ᠰᠠᠢ᠍ᠬᠠᠨ ᠠᠶᠠᠨ ᠵᠠᠮ ᠶᠠᠭ ᠯᠡ ᠣᠳᠣᠨ ᠮᠡᠴᠢᠳ᠎ᠤᠨ ᠠᠨᠠᠪᠠᠳ ᠳᠠᠯᠠᠢ ᠮᠡᠲᠦ᠂ ᠠᠭᠤᠤ ᠶᠡᠬᠡ ᠦᠵᠡᠯ ᠰᠠᠨᠠᠭ᠎ᠠ ᠪᠣᠯ ᠲᠤᠭ ᠲᠡᠮᠳᠡᠭ ᠳᠠᠷᠪᠠᠭᠤᠯ᠎ᠨᠢ ᠪᠣᠯᠤᠨ᠎ᠠ  ᠃   ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢᠨ ᠲᠠᠰᠢᠷᠠᠮ ᠵᠶ᠋ᠠᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠠᠶᠠᠨ ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠠ᠋ᠶ᠎ᠡ ᠵᠣᠬᠢᠴᠠᠩᠭᠤᠢ᠂ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠪᠠᠷ ᠤᠷᠤᠭᠰᠢᠯᠠᠵᠤ ᠪᠠᠶ᠋ᠢᠨ᠎ᠠ᠃ ᠠᠭᠤᠤ ᠶᠡᠬᠡ ᠬᠦᠰᠡᠯ ᠵᠡᠭᠦᠳᠦ ᠵᠦᠭ ᠎ᠤᠨ ᠤᠷᠤᠭᠰᠢᠯᠠᠯᠲᠠ᠂ ᠶᠠᠭ ᠮᠠᠨ᠎ᠤ ᠦᠶ᠎ᠡ᠎ᠳᠤ᠂ ᠶᠠᠭ ᠨᠢᠳᠦᠨ ᠠ᠋ᠮᠦᠨ᠎ᠡ   ᠪᠠᠢ᠌ᠭ᠎ᠠ ᠶᠤᠮ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ᠂ ᠠᠷᠠᠳ᠎ᠤᠨ ᠶᠠᠪᠤᠳᠠᠯ᠎ᠤᠨ ᠠᠵᠢᠯᠲᠠᠨ᠎ᠳᠤ ᠠᠪᠴᠤ ᠬᠡᠯᠡᠪᠡᠯ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠨ ᠱᠠᠲᠤᠨ᠎ᠤ ᠵᠠᠰᠠᠯᠲᠠ ᠵᠢᠨ ᠲᠤᠬᠠᠶ ᠴᠢᠬᠤᠯᠠ ᠪᠦᠬᠦᠢ ᠥᠭᠦᠯᠡᠯᠲᠡ ᠵᠢ ᠭᠦᠨᠵᠡᠭᠡᠶ ᠰᠤᠷᠤᠯᠴᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠦᠨᠳᠦᠰᠦᠨ ᠱᠠᠭ᠋ᠠᠷᠳᠠᠯᠭ᠎ᠠ ᠵᠢ ᠵᠦᠪ ᠣᠨᠣᠪᠴᠢᠲᠠᠶ ᠡᠵᠡᠮᠳᠡᠵᠦ᠂ ᠨᠠᠮ᠎ᠤᠨ ᠲᠥᠷᠥ ᠪᠠᠷᠢᠬᠤ ᠰᠠᠭᠤᠷᠢ ᠵᠢ ᠬᠦᠴᠦᠯᠡᠨ ᠪᠡᠬᠢᠵᠢᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠠ᠋ᠭᠦᠳᠴᠦ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠦᠰᠡᠯ ᠠ᠋ᠷᠡᠮᠡᠯᠵᠡᠯ᠎ᠢ ᠲᠠᠰᠤᠷᠠᠯᠲᠠ ᠥᠬᠡᠶ ᠬᠠᠩᠭ᠋ᠠᠬᠤ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠃
    ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠷ ᠲᠤᠭᠲᠠᠭᠤᠨ ᠪᠣᠯ   ᠪᠦᠬᠦ ᠨᠡᠢ᠌ᠭᠡᠮ ᠵᠢᠨᠷ ᠵᠢᠨᠨ ᠠᠮᠤᠭᠤᠯᠠᠩ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠎ᠳᠤ ᠰᠢᠨ᠎ᠡ ᠵᠢ ᠠ᠋ᠭᠦᠳᠬᠦ ᠲᠤᠬᠠᠢ ᠠᠯᠢ ᠤᠯᠠᠨ ᠴᠢᠬᠤᠯᠠ ᠪᠦᠬᠦᠢ ᠥᠭᠦᠯᠡᠯᠲᠡ   ᠵᠢ ᠲᠤᠷᠠᠳᠴᠤ᠂ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠭᠣᠣᠯᠳᠠᠯᠭ᠎ᠠ ᠵᠢ ᠠ᠋ᠷᠬᠡᠪᠰᠢ ᠬᠤᠳᠠ ᠬᠥᠳᠡᠭᠡ ᠵᠢᠨ ᠨᠡᠶ᠋ᠢᠭᠡᠮ ᠲᠣᠭᠣᠷᠢᠭ᠎ᠲᠤ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠵᠠᠰᠠᠯᠲᠠ ᠵᠢᠨ ᠭᠣᠣᠯᠳᠠᠯᠭ᠎ᠠ ᠵᠢ ᠦᠨᠳᠦᠰᠦᠨ ᠱᠠᠳᠤ ᠲᠡᠶ᠋ᠢᠰᠢ ᠰᠢᠯᠵᠢᠭᠦᠯᠬᠦ ᠵᠢ ᠠᠬᠢᠭᠤᠯᠵᠤ᠂ ᠨᠡᠩ ᠤᠯᠠᠨ ᠠ᠋ᠬᠢ ᠪᠠᠶᠠᠯᠢᠭ᠂ ᠦᠢ᠍ᠯᠡᠴᠢᠯᠡᠭᠡ᠂ ᠬᠠᠮᠢᠶᠠᠷᠤᠯᠲᠠ ᠵᠢ ᠨᠡᠶ᠋ᠢᠭᠡᠮ ᠲᠣᠭᠣᠷᠢᠭ᠎ᠲᠤ ᠲᠠᠯᠪᠢᠵᠤ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠣᠨᠣᠴᠠᠲᠠᠢ ᠨᠠᠷᠢᠯᠢᠭ ᠦᠢ᠍ᠯᠡᠴᠢᠯᠡᠭᠡ ᠬᠠᠩᠭ᠋ᠠᠬᠤ ᠬᠡᠷᠡᠭᠲᠡᠢ ᠭᠡᠵᠦ ᠲᠠᠬᠢᠨ ᠳᠠᠪᠲᠠᠨ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠪᠦᠬᠦᠢ ᠥᠭᠦᠯᠡᠯᠲᠡ᠎ᠨᠢ ᠦᠨᠳᠦᠰᠦᠨ ᠱᠠᠲᠤᠨ᠎ᠤ ᠵᠠᠰᠠᠯᠲᠠ ᠵᠢᠨ 《ᠬᠡᠨ᠎ᠤ ᠲᠥᠯᠥᠭᠡ ᠪᠠᠶ᠋ᠢᠬᠤ》᠂ 《ᠬᠡᠨ᠎ᠳᠤ ᠲᠦᠰᠢᠭᠯᠡᠬᠦ》 ᠵᠡᠷᠭᠡ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠨ᠎ᠡ ᠵᠢ ᠠ᠋ᠭᠦᠳᠬᠦ ᠴᠢᠭᠯᠡᠯ᠎ᠢ ᠲᠤᠳᠤᠷᠬᠠᠢ   ᠵᠢᠭ᠋ᠠᠵᠤ ᠥᠭᠴᠡᠢ᠃ 2021 ᠣᠨ᠎ᠤ 4 ᠳ᠋ᠤᠭᠡᠷ ᠰᠠᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠰᠢᠨ᠎ᠡ ᠴᠠᠭ ᠦᠶ᠎ᠡ ᠵᠢᠨ ᠦᠨᠳᠦᠰᠦᠨ ᠱᠠᠲᠤᠨ᠎ᠤ ᠵᠠᠰᠠᠯᠲᠠ ᠵᠢᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ 《ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠨᠡᠶ᠋ᠢᠲᠡᠯᠡᠵᠦ᠂ ᠦᠨᠳᠦᠰᠦᠨ ᠱᠠᠲᠤᠨ᠎ᠤ ᠵᠠᠰᠠᠯᠲᠠ ᠵᠢ ᠪᠥᠬᠥ ᠬᠦᠴᠦᠨ ᠵᠶ᠋ᠡᠷ ᠠᠬᠢᠭᠤᠯᠪᠠ᠃
    ᠰᠤᠷᠬᠤ ᠰᠡᠳᠬᠢᠬᠦ ᠤᠬᠠᠬᠤ ᠵᠢ ᠨᠡᠪᠲᠡᠷᠡᠭᠦᠯᠬᠦ᠂ ᠮᠡᠳᠡᠬᠦᠶ ᠬᠢᠬᠦᠶ ᠢᠲᠡᠭᠡᠬᠦᠢ ᠵᠢ ᠨᠢᠭᠡᠳᠬᠡᠬᠦ᠃ ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠎ᠲᠠᠢ ᠬᠣᠯᠪᠣᠭᠳᠠᠵᠤ᠂ ᠠᠷᠠᠳ᠎ᠤᠨ ᠰᠡᠳᠬᠢᠯ᠎ᠢ ᠬᠣᠯᠪᠣᠵᠤ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠰᠠᠭᠤᠷᠢ ᠴᠢᠨᠠᠷᠲᠠᠢ ᠠᠵᠢᠯ ᠪᠠᠶ᠋ᠢᠵᠤ᠂ ᠦᠨᠳᠦᠰᠦᠨ ᠵᠦᠢ᠍ᠯ᠎ᠢ ᠪᠠᠲᠤᠯᠠᠬᠤ ᠦᠢ᠍ᠯᠡᠳᠦᠯ ᠦᠵᠡᠭᠦᠯᠵᠦ ᠪᠠᠶ᠋ᠢᠳᠠᠭ᠃ ᠦᠨᠳᠦᠰᠦᠨ ᠱᠠᠲᠤᠨ᠎ᠤ ᠵᠠᠰᠠᠯᠲᠠ ᠵᠢᠨ ᠰᠠᠭᠤᠷᠢ ᠴᠢᠯᠠᠭᠤ ᠪᠣᠯᠤᠭᠰᠠᠨ᠎ᠤ ᠬᠤᠪᠢ᠎ᠳᠤ᠂ ᠪᠢ ᠠᠷᠠᠳ᠎ᠤᠨ ᠲᠥᠯᠥᠭᠡ ᠭᠡᠬᠦ ᠤᠭ ᠰᠠᠨᠠᠭ᠎ᠠ᠎ᠪᠠᠨ ᠪᠠᠲᠤ ᠰᠠᠬᠢᠵᠤ᠂ ᠵᠠᠰᠠᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠵᠠᠪᠠᠯ ᠰᠤᠷᠬᠤ ᠬᠢᠴᠢᠶᠡᠯ ᠪᠣᠯᠭ᠋ᠠᠵᠤ᠂ ᠦᠵᠡᠯ ᠰᠠᠨᠠᠭ᠋ᠠᠨ᠎ᠤ ᠪᠣᠯᠪᠠᠰᠤᠷᠠᠯ᠂ ᠲᠤᠰᠬᠠᠶ ᠮᠡᠷᠭᠡᠵᠢᠯ᠎ᠤᠨ ᠪᠣᠯᠪᠠᠰᠤᠷᠠᠯ᠂ ᠦᠢᠯᠡᠳᠦᠯᠭᠡ ᠵᠢᠨ ᠪᠣᠯᠪᠠᠰᠤᠷᠠᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠤᠯᠤᠰ ᠲᠥᠷᠦ ᠵᠢᠨ ᠲᠠᠯ᠎ᠠ᠎ᠪᠠᠷ ᠪᠠᠲᠤ ᠴᠢᠩᠭ᠎ᠠ᠂ ᠠ᠋ᠷᠳᠡᠮ ᠴᠢᠳᠠᠪᠤᠷᠢ ᠥᠨᠳᠥᠷ᠂ ᠰᠤᠷᠲᠠᠯ ᠰᠢᠯᠢᠳᠡᠭ ᠠᠷᠠᠳ᠎ᠤᠨ ᠶᠠᠪᠤᠳᠠᠯ᠎ᠤᠨ ᠺᠠᠳ᠋ᠷ᠂ ᠨᠠᠮ᠎ᠤᠨ ᠭᠡᠰᠢᠭᠦᠨ᠎ᠤ ᠬᠣᠰᠢᠭᠤᠴᠢ ᠪᠣᠯᠬᠤ᠎ᠪᠠᠷ ᠴᠢᠷᠮᠠᠶ᠋ᠢᠨ᠎ᠠ᠃ ᠪᠣᠳᠠᠲᠠᠢ᠎ᠪᠠᠷ ᠬᠡᠯᠡᠪᠡᠯ᠂ ᠳᠠᠷᠤᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠨᠠᠮ᠎ᠤᠨ ᠲᠥᠪ ᠬᠣᠷᠢᠶᠠᠨ᠎ᠤ ᠣᠳᠣᠬᠠᠨ᠎ᠤ ᠦᠨᠳᠦᠰᠦᠨ ᠱᠠᠲᠤᠨ᠎ᠤ ᠵᠠᠰᠠᠯᠲᠠ ᠵᠢᠨ ᠲᠤᠬᠠᠢ ᠵᠠᠳᠠᠯᠤᠯᠲᠠ ᠮᠠᠭ᠋ᠠᠳᠯᠠᠯᠲᠠ ᠵᠢ ᠭᠦᠨᠵᠡᠭᠡᠢ ᠡᠵᠡᠮᠳᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠠᠬᠢ ᠤᠯᠤᠰ ᠲᠦᠷᠦ ᠵᠢᠨ ᠣᠷᠣᠨ ᠪᠠᠶ᠋ᠢᠷᠢ ᠵᠢ ᠣᠨᠣᠪᠴᠢᠲᠠᠢ ᠣᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠭᠦᠢ᠍ᠴᠡᠳ ᠲᠠᠨᠢᠵᠤ᠂ ᠪᠦᠬᠦ ᠲᠠᠯ᠎ᠠ ᠵᠢᠨ ᠠᠵᠢᠯ᠎ᠳᠤ ᠦᠢ᠍ᠯᠡᠴᠢᠯᠡᠬᠦ ᠤᠯᠤᠰ ᠲᠦᠷᠦ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠥᠪᠡᠷ᠎ᠤᠨ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠵᠦ᠂ ᠬᠥᠭᠵᠢᠯᠲᠡ᠎ᠳᠤ ᠦᠢ᠍ᠯᠡᠴᠢᠯᠡᠬᠦ᠂ ᠰᠢᠢ᠍ᠳᠪᠦᠷᠢᠲᠦ ᠪᠤᠳᠤᠯᠭ᠎ᠠ᠎ᠳᠤ ᠦᠢ᠍ᠯᠡᠴᠢᠯᠡᠬᠦ᠂ ᠦᠢ᠍ᠯᠡᠴᠢᠯᠡᠭᠡ ᠵᠢ ᠨᠠᠶ᠋ᠢᠳᠠᠪᠤᠷᠢᠵᠢᠭᠤᠯᠬᠤ ᠳᠤᠮᠳᠠ ᠦᠷᠳᠡᠭ ᠵᠶ᠋ᠡᠨ   ᠢᠯᠡᠷᠡᠭᠦᠯᠦᠨ᠎ᠡ᠃ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠬᠤ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠪᠣᠳᠠᠲᠠᠢ᠎ᠳᠤ ᠰᠠᠭᠤᠷᠢᠯᠠᠨ᠂ ᠲᠦᠷᠦ ᠵᠢᠨ ᠪᠤᠳᠤᠯᠭ᠎ᠠ ᠲᠣᠭᠲᠠᠭ᠋ᠠᠬᠤ ᠪᠠ ᠬᠡᠷᠡᠭᠵᠢᠭᠦᠯᠬᠦ ᠠ᠋ᠷᠴᠢᠮ ᠵᠶ᠋ᠡᠨ ᠴᠢᠩᠭ᠋ᠠᠳᠬᠠᠵᠤ᠂ ᠵᠠᠰᠠᠯᠲᠠ ᠵᠢᠨ ᠰᠢᠨ᠎ᠡ ᠵᠠᠮ᠎ᠢ ᠬᠠᠶ᠋ᠢᠨ   ᠰᠦᠪᠡᠭᠴᠢᠯᠡᠨ᠎ᠡ  ; ᠠᠷᠠᠳ ᠤᠯᠠᠨ᠎ᠤ ᠲᠤᠰᠬᠠᠯ ᠴᠢᠩᠭ᠎ᠠ ᠪᠠᠶ᠋ᠢᠭ᠎ᠠ ᠪᠠᠴᠢᠮ ᠬᠦᠴᠢᠷᠳᠡᠯ ᠵᠣᠪᠠᠨᠢᠯ ᠬᠦᠰᠡᠯ ᠠ᠋ᠷᠡᠮᠡᠯᠵᠡᠯ᠎ᠤᠨ ᠠᠰᠠᠭᠤᠳᠠᠯ᠎ᠤᠨ ᠲᠣᠭᠣᠷᠢᠨ᠎ᠳᠤ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠦᠨᠳᠦᠰᠦᠨ ᠱᠠᠲᠤᠨ᠎ᠤ ᠵᠠᠰᠠᠯᠲᠠ ᠵᠢ ᠠᠬᠢᠭᠤᠯᠬᠤ ᠠᠵᠢᠯ᠎ᠤᠨ ᠳᠤᠮᠳᠠ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠪᠠᠶ᠋ᠢᠳᠠᠯ᠎ᠢ ᠠ᠋ᠭᠦᠳᠬᠦ ᠬᠡᠷᠡᠭᠲᠡᠢ᠃
      ᠰᠠᠶ᠋ᠢᠨ ᠶᠠᠪᠤᠳᠠᠯ ᠎ᠢ 《ᠰᠠᠢ᠌ᠲᠤᠷ》 ᠬᠢᠵᠦ᠂ ᠪᠣᠳᠠᠲᠠᠶ ᠶᠠᠪᠤᠳᠠᠯ ᠎ᠢ 《ᠪᠣᠳᠠᠲᠠᠶ》 ᠎ᠪᠠᠷ ᠬᠢᠨ᠎ᠠ᠃ ᠠᠷᠠᠳ᠎ᠤᠨ ᠲᠥᠯᠥᠭᠡ ᠪᠣᠳᠠᠲᠠᠢ ᠠᠵᠢᠯ ᠬᠢᠬᠦ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠤᠯᠳᠠ ᠪᠣᠯᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠠᠷᠠᠳ᠎ᠤᠨ ᠲᠥᠯᠥᠭᠡ ᠪᠣᠳᠠᠲᠠᠢ ᠠᠵᠢᠯ ᠬᠢᠬᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠠ᠋ᠭᠦᠷᠭᠡ ᠬᠠᠷᠢᠭᠤᠴᠠᠯᠭ᠎ᠠ ᠳᠤᠮᠳᠠ᠎ᠪᠠᠨ ᠠᠷᠠᠳ᠎ᠤᠨ ᠠᠮᠢᠳᠤᠷᠠᠯ᠎ᠳᠤ ᠪᠤᠶᠠᠨ ᠦᠢ᠍ᠯᠡᠳᠦᠨ᠎ᠡ᠃ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠠᠨ᠎ᠤ ᠪᠣᠳᠠᠲᠠᠶ ᠠᠰᠠᠭᠤᠳᠠᠯ᠎ᠢ ᠠᠩᠬᠠᠷᠬᠤ᠎ᠪᠠᠷ ᠪᠠᠷᠠᠬᠤ ᠥᠬᠡᠶ᠂ ᠬᠥᠭᠵᠢᠯᠲᠡ ᠵᠢᠨ ᠬᠠᠷᠠᠴᠠ᠎ᠪᠠᠷ ᠢᠷᠡᠭᠡᠳᠦᠶ ᠵᠢᠨ ᠬᠡᠷᠡᠭᠴᠡᠭᠡ ᠵᠢ ᠪᠣᠳᠣᠯᠬᠢᠯᠠᠬᠤ ᠵᠢ ᠨᠠᠩ ᠴᠢᠬᠤᠯᠠᠴᠢᠯᠠᠨ᠎ᠠ; ᠰᠠᠭᠤᠭ᠋ᠠᠯᠢ ᠠᠷᠠᠳ᠎ᠤᠨ ᠰᠠᠨᠠᠭ᠋ᠠᠰᠢᠷᠠᠵᠤ ᠪᠠᠶ᠋ᠢᠭ᠎ᠠ ᠶᠠᠪᠤᠳᠠᠯ᠂ ᠵᠣᠪᠠᠨᠢᠵᠤ ᠪᠠᠶ᠋ᠢᠭ᠎ᠠ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠪᠠᠷ ᠪᠠᠷᠠᠬᠤ ᠥᠬᠡᠶ᠂ ᠰᠢᠰᠲ᠋ᠧᠮᠲᠦ ᠴᠢᠨᠠᠷ ᠪᠠ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠵᠢ ᠨᠠᠩ ᠴᠢᠬᠤᠯᠠᠴᠢᠯᠠᠨ᠎ᠠ᠃ ᠰᠠᠭᠤᠭ᠋ᠠᠯᠢ ᠠᠷᠠᠳ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ᠂ ᠲᠤᠬᠠᠶ᠋ᠢᠯᠠᠭᠰᠠᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠬᠤ᠂ ᠰᠠᠨᠠᠭ᠋ᠠᠴᠢᠯᠠᠭ᠎ᠠ᠎ᠠᠴᠠ᠎ᠪᠠᠨ ᠪᠣᠳᠣᠯᠬᠢᠯᠠᠬᠤ᠂ ᠵᠣᠷᠢᠭᠲᠠᠶ᠎ᠪᠠᠷ ᠬᠠᠶ᠋ᠢᠨ ᠰᠦᠪᠡᠭᠴᠢᠯᠡᠬᠦ᠂ ᠰᠠᠭᠤᠭ᠋ᠠᠯᠢ ᠠᠷᠠᠳ᠎ᠲᠠᠢ ᠬᠠᠮᠲᠤ  ᠎ᠪᠠᠷ ᠰᠡᠳᠭᠢᠵᠦ ᠪᠠᠢ᠌ᠬᠤ ᠬᠡᠷᠡᠭᠳᠡᠢ᠂ ᠣᠯᠠᠨ ᠲᠦᠮᠡᠨ᠎ᠢ ᠳᠠᠶ᠋ᠢᠴᠢᠯᠠᠬᠤ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠂ ᠣᠯᠠᠨ ᠲᠦᠮᠡᠨ᠎ᠢ ᠨᠢᠭᠲᠠᠷᠠᠭᠤᠯᠬᠤ᠂ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ᠂ ᠠᠳᠠᠯᠢ ᠪᠤᠰᠤ ᠭᠤᠤᠯ ᠴᠣᠭᠴᠠ ᠵᠢ᠂ ᠠᠳᠠᠯᠢ ᠪᠤᠰᠤ ᠠ᠋ᠯᠧᠮᠧᠨ᠋ᠲ᠎ᠢ ᠦᠨᠳᠦᠰᠦᠨ ᠱᠠᠲᠤᠨ᠎ᠤ ᠵᠠᠰᠠᠯᠲᠠ ᠵᠢᠨ ᠪᠣᠷᠣ ᠲᠥᠯᠥᠪ᠎ᠲᠤ ᠲᠥᠪᠯᠡᠷᠡᠭᠦᠯᠦᠨ᠎ᠡ᠂ ᠢᠲᠡᠭᠡᠯ ᠵᠣᠷᠢᠭ᠎ᠤᠨ ᠬᠠᠮᠲᠤ ᠵᠢᠨ ᠲᠠᠨᠢᠯᠲᠠ᠂ ᠳᠦᠷᠢᠮ᠎ᠤᠨ ᠬᠠᠮᠲᠤ ᠵᠢᠨ ᠲᠠᠨᠢᠯᠲᠠ᠂ ᠲᠦᠷᠦ ᠵᠢᠨ ᠪᠤᠳᠤᠯᠭ᠎ᠠ ᠵᠢᠨ ᠬᠠᠮᠲᠤ ᠵᠢᠨ ᠲᠠᠨᠢᠯᠲᠠ ᠵᠢ ᠪᠦᠷᠢᠯᠳᠦᠭᠦᠯᠬᠦ ᠵᠢ ᠴᠢᠷᠮᠠᠶ᠋ᠢᠨ ᠠᠬᠢᠭᠤᠯᠬᠤ ᠬᠡᠷᠡᠭᠲᠡᠶ᠂   ᠨᠡᠶ᠋ᠢᠭᠡᠮ ᠲᠣᠭᠣᠷᠢᠭ (ᠲᠣᠰᠬᠣᠨ) ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠂ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠍ᠭᠤᠯᠤᠯᠲᠠ ᠵᠢ ᠵᠢᠯᠤᠭᠤᠳᠤᠨ ᠨᠠᠮ᠎ᠤᠨ ᠤᠯᠤᠰ ᠲᠥᠷᠥ ᠵᠢᠨ ᠳᠠᠪᠠᠭᠤᠯᠢᠭ᠎ᠢ᠂ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ ᠪᠠ ᠣᠯᠠᠨ ᠲᠦᠮᠡᠨ᠎ᠤ ᠠᠵᠢᠯ᠎ᠤᠨ ᠳᠠᠪᠠᠭᠤᠯᠢᠭ᠎ᠢ ᠵᠠᠰᠠᠯᠲᠠ ᠵᠢᠨ ᠳᠠᠪᠠᠭᠤᠯᠢᠭ ᠪᠣᠯᠭ᠋ᠠᠨ   ᠬᠤᠪᠢᠷᠠᠭᠤᠯᠬᠤ ᠵᠢ ᠠᠬᠢᠭᠤᠯᠵᠤ᠂ ᠲᠦᠭᠵᠢᠷᠡᠯ᠎ᠤᠨ ᠴᠡᠭ᠎ᠢ ᠨᠡᠪᠳᠡᠷᠡᠬᠦᠯᠬᠦ᠂ ᠬᠦᠴᠢᠷᠳᠡᠯ᠎ᠢ ᠰᠢᠢᠳᠪᠦᠷᠢᠯᠡᠬᠦ᠂ ᠡᠪᠡᠳᠬᠦ ᠵᠢ ᠵᠠᠰᠠᠬᠤ  ᠂ ᠪᠠᠲᠤ ᠰᠠᠭᠤᠷᠢ ᠵᠢ ᠪᠠᠳᠤᠳᠬᠠᠨ᠂ ᠳᠤᠲᠠᠭᠤᠳᠠᠯ᠎ᠢ ᠨᠥᠬᠥᠪᠥᠷᠢᠯᠡᠬᠦ᠂ ᠬᠥᠭᠵᠢᠯᠲᠡ ᠵᠢ   ᠠᠬᠢᠭᠤᠯᠤᠨ᠎ᠠ᠃ ᠰᠢᠨ᠎ᠡ ᠪᠠᠶ᠋ᠢᠳᠠᠯ ᠳᠤᠤᠷᠠᠬᠢ 《  ᠨᠡᠶ᠋ᠢᠭᠡᠮ ᠲᠣᠭᠣᠷᠢᠭ᠎ᠤᠨ ᠪᠦᠲᠦᠮᠵᠢᠲᠡᠶ ᠵᠠᠰᠠᠯᠲᠠ》 ᠵᠢᠨ ᠠᠷᠭ᠎ᠠ ᠵᠠᠮ᠎ᠢ ᠣᠨᠣᠪᠴᠢᠲᠠᠶ ᠠ᠋ᠷᠢᠵᠦ᠂ ᠪᠠᠲᠤᠯᠠᠭ᠎ᠠ ᠵᠢ ᠴᠢᠩᠭ᠋ᠠᠳᠬᠠᠨ᠂ ᠲᠠᠪᠴᠠᠩ ᠪᠠᠶ᠋ᠢᠭᠤᠯᠵᠤ᠂ ᠵᠢᠭᠰᠠᠭ᠋ᠠᠯ᠎ᠤᠨ ᠭᠠᠵᠠᠷ ᠪᠠᠶ᠋ᠢᠭᠤᠯᠤᠨ᠂ ᠵᠣᠬᠢᠶᠠᠨ ᠪᠠᠶ᠋ᠢᠭᠤᠯᠤᠯᠲᠠ ᠵᠢ ᠨᠡᠪᠴᠢᠭᠦᠯᠵᠦ᠂ ᠴᠢᠳᠠᠪᠤᠷᠢᠲᠠᠨ᠎ᠢ ᠬᠥᠮᠦᠵᠢᠭᠦᠯᠦᠨ᠂ ᠠ᠋ᠩᠨᠡᠭᠡ ᠵᠢ ᠬᠦᠴᠦᠷᠬᠡᠭᠵᠢᠭᠦᠯᠵᠦ᠂ ᠳᠠᠷᠤᠭ᠋ᠠᠰᠤ ᠵᠢ ᠬᠥᠩᠭᠡᠷᠡᠭᠦᠯᠦᠨ᠂ ᠦᠢᠯᠡᠴᠢᠯᠡᠭᠡ ᠵᠢ ᠨᠡᠮᠡᠭᠳᠡᠭᠦᠯᠵᠦ᠂ ᠣᠨᠣᠯᠵᠢᠬᠤᠨ᠎ᠢ   ᠰᠢᠨᠡᠳᠭᠡᠨ᠂ ᠴᠢᠳᠠᠪᠤᠷᠢ ᠵᠢ ᠳᠡᠭᠡᠭᠰᠢᠯᠡᠭᠦᠯᠵᠦ᠂ ᠨᠡᠶ᠋ᠢᠭᠡᠮ᠎ᠤᠨ ᠠ᠋ᠬᠢ ᠪᠠᠶᠠᠯᠢᠭ᠎ᠢ ᠵᠠᠰᠠᠯᠲᠠ᠎ᠳᠤ ᠣᠷᠣᠯᠴᠠᠭᠤᠯᠤᠨ᠂ ᠦᠢᠯᠡᠴᠢᠯᠡᠭᠡ᠂ ᠬᠠᠮᠢᠶᠠᠷᠤᠯᠲᠠ᠂ ᠠ᠋ᠬᠢ ᠪᠠᠶᠠᠯᠢᠭ᠂ ᠬᠦᠴᠦᠨ ᠴᠢᠳᠠᠯ᠎ᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠵᠠᠰᠠᠯᠲᠠ ᠵᠢᠨ ᠬᠠᠮᠤᠷᠤᠯᠲᠠ ᠵᠢ ᠤᠷᠲᠤᠳᠬᠠᠨ᠂ ᠣᠷᠣᠯᠴᠠᠬᠤ ᠬᠡᠪᠴᠢᠶ᠎ᠡ᠎ᠨᠢ ᠥᠷᠭᠡᠨ᠂ ᠬᠠᠮᠤᠷᠬᠤ ᠬᠡᠪᠴᠢᠶ᠎ᠡ᠎ᠨᠢ ᠪᠦᠷᠢᠨ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠠ᠋ᠳ᠋ᠯᠡᠬᠦ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠯᠳᠦᠭᠦᠯᠬᠦ ᠵᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠂ ᠨᠠᠮ᠎ᠤᠨ ᠬᠦᠴᠦᠨ ᠪᠠ ᠵᠣᠷᠢᠯᠲᠠ ᠵᠢ 《ᠮᠡᠳᠡᠷᠡᠯ᠎ᠤᠨ ᠦᠵᠦᠭᠦᠷ》 ᠎ᠲᠤ ᠳᠠᠮᠵᠢᠭᠤᠯᠵᠤ᠂ ᠣᠯᠠᠨ ᠲᠦᠮᠡᠨ᠎ᠳᠤ ᠦᠢ᠍ᠯᠡᠴᠢᠯᠡᠬᠦ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ᠃
      ᠭᠠᠶ᠋ᠢᠬᠠᠮᠰᠢᠭ᠎ᠨᠢ ᠠᠷᠠᠳ ᠲᠦᠮᠡᠨ᠎ᠠᠴᠠ ᠠ᠋ᠭᠦᠰᠴᠦ᠂ ᠠᠭᠤᠤ ᠶᠡᠬᠡ᠎ᠨᠢ ᠠ᠋ᠭᠡᠯ ᠵᠢᠷ᠎ᠤᠨ᠎ᠠᠴᠠ ᠢᠷᠡᠳᠡᠭ᠃ ᠪᠢ ᠪᠣᠳᠠᠲᠤ ᠦᠢ᠍ᠯᠡ ᠠᠵᠢᠯᠯᠠᠭ᠎ᠠ᠎ᠪᠠᠷ ᠵᠶ᠋ᠠᠨ ᠨᠠᠮ ᠪᠣᠯᠤᠨ ᠠᠷᠠᠳ ᠲᠦᠮᠡᠨ᠎ᠳᠤ᠎ᠪᠠᠨ ᠦᠨᠡᠨᠴᠢ ᠰᠢᠳᠤᠷᠭᠤ ᠪᠠᠶ᠋ᠢᠬᠤ᠎ᠪᠠᠨ ᠪᠢᠴᠢᠭᠯᠡᠵᠦ᠂ ᠦᠨᠡᠨ ᠬᠦ᠌ ᠤᠬ ᠰᠠᠨᠠᠭ᠎ᠠ᠎ᠪᠠᠨ ᠪᠠᠲᠤ ᠴᠡᠭᠡᠵᠢᠯᠡᠵᠦ᠂ ᠠ᠋ᠭᠦᠷᠭᠡ ᠬᠠᠷᠢᠭᠤᠴᠠᠯᠭ᠎ᠠ᠎ᠪᠠᠨ ᠠ᠋ᠭᠦᠷᠭᠡᠯᠡᠵᠦ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠠ᠋ᠩ᠎ᠤᠨ ᠦᠶ᠎ᠡ᠎ᠳᠤ ᠦᠵᠡᠵᠦ ᠭᠠᠷᠬᠤ᠂ ᠵᠠᠩᠭᠢᠯᠠᠭ᠎ᠠ ᠵᠢᠨ ᠦᠶ᠎ᠡ᠎ᠳᠤ   ᠵᠤᠭᠰᠤᠨ ᠭᠠᠷᠴᠤ ᠴᠢᠳᠠᠬᠤ  ᠂ ᠠᠶᠤᠯ ᠲᠦᠭᠰᠢᠭᠦᠷᠢ᠎ᠲᠠᠢ ᠦᠶ᠎ᠡ᠎ᠳᠤ ᠠᠮᠢ ᠴᠦᠯᠡᠵᠦ ᠳᠡᠶ᠋ᠢᠯᠬᠦ ᠪᠣᠯᠭ᠋ᠠᠨ᠎ᠠ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠰᠦᠷ ᠵᠢᠪᠬᠤᠭ᠋ᠠᠲᠤ ᠲᠡᠦᠬᠡ ᠰᠤᠳᠤᠷ᠎ᠨᠢ ᠲᠣᠯᠢ ᠪᠤᠯᠵᠤ᠂ ᠴᠢᠩ ᠦᠨᠡᠨᠴᠢ ᠰᠡᠳᠬᠢᠯ᠎ᠨᠢ ᠮᠢᠩᠭ᠋ᠠᠨ ᠤᠨ᠎ᠢ ᠭᠡᠢ᠌ᠭᠦᠯᠦᠨ᠎ᠡ
ᠵᠠᠯᠠᠭᠤ ᠨᠠᠰᠤᠨ᠎ᠤ ᠤᠷᠢ᠎ᠪᠠᠷ ᠴᠢᠩ ᠦᠨᠡᠨᠴᠢ ᠤᠬ ᠰᠠᠨᠠᠭ᠎ᠠ᠎ᠪᠠᠨ ᠰᠠᠬᠢᠨ ᠵᠢᠷᠤᠮᠯᠠᠵᠤ ᠬᠠᠷᠠᠮᠰᠠᠯ ᠦᠭᠡᠢ ᠵᠣᠷᠢᠭ ᠵᠶ᠋ᠠᠷ ᠢᠷᠠᠭᠤ ᠠᠯᠳᠠᠷᠲᠤ ᠡᠭᠦᠷᠭᠡ ᠎ᠪᠠᠨ ᠦᠢ᠍ᠯᠡᠳᠤᠯᠭᠡᠵᠢᠭᠥᠯᠦᠶ᠎ᠡ
〈〈ᠤᠷᠤᠭ ᠭᠡᠷ ᠪᠦᠯᠢ ᠨᠡᠢ᠌ᠬᠡᠮ〉〉᠎ᠠᠴᠠ 〈〈ᠨᠡᠢ᠌ᠬᠡᠮ〉〉 ᠰᠡᠳᠬᠦᠯ ᠪᠣᠯᠲᠠᠯᠠᠬᠢ ᠬᠦᠭᠵᠢᠯᠲᠡ ᠵᠢᠨ ᠬᠢᠨᠢ ᠳᠤᠬᠠᠢ ᠡᠷᠬᠢᠴᠡᠭᠦᠯᠤᠯ
ᠨᠤᠲᠤᠭ᠎ᠤᠨ ᠲᠡᠭᠦᠦ
ᠪᠤᠷᠤ ᠮᠤᠷᠢ ᠮᠢᠨᠢ
 
            