ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠤᠨᠤᠯ᠎ᠤᠨ ᠰᠤᠷᠤᠯᠴᠠᠯᠭ᠎ᠠ ᠪᠤᠯ ᠦᠢ᠍ᠯᠡᠰ᠎ᠤᠨ ᠬᠦᠭᠵᠢᠯᠲᠡ ᠵᠢᠨ ᠵᠦᠭᠯᠡᠬᠦᠷ ᠶᠤᠮ
ᠨᠡᠶᠢᠲᠡᠯᠡᠭᠰᠡᠨ ᠴᠠᠭ᠄ 2022-04-06

 

                   ᠤᠯᠠᠭ᠋ᠠᠨᠳᠤᠶᠠᠭ᠎ᠠ ᠵᠤᠬᠢᠶᠠᠪᠠ

      《ᠠᠷᠠᠳ ᠲᠦᠮᠡᠨ᠎ᠳᠤ ᠰᠠᠢ᠌ᠳᠤᠷ ᠦᠢ᠍ᠯᠡᠴᠢᠯᠡᠬᠦ》 ᠪᠤᠯ ᠨᠠᠮ᠎ᠤᠨ ᠺᠠᠳ᠋ᠷᠴᠤᠳ᠎ᠤᠨ  ᠦᠨᠳᠤᠰᠤᠨ ᠱᠠᠭ᠋ᠠᠷᠲᠠᠯᠭ᠎ᠠ ᠶᠤᠮ᠃ ᠠᠷᠠᠳ ᠲᠦᠮᠡᠨ᠎ᠳᠤ ᠰᠠᠢ᠌ᠳᠤᠷ ᠦᠢ᠍ᠯᠡᠴᠢᠯᠡᠨ ᠂ ᠡᠭᠡ ᠤᠯᠤᠰ᠎ᠤᠨ ᠵᠶ᠋ᠡᠨ ᠬᠦᠭᠵᠢᠯᠲᠡ ᠲᠡᠪᠰᠢᠯᠲᠡ᠎ᠳᠤ ᠬᠦᠴᠦᠨ ᠴᠢᠲᠠᠯ ᠵᠶ᠋ᠡᠨ ᠡᠷᠬᠦᠬᠦ ᠭᠡᠪᠡᠯ᠂  ᠲᠤᠳᠤᠷᠬᠠᠢ ᠬᠡᠮᠵᠢᠶᠡᠨ᠎ᠤ ᠮᠡᠲᠡᠯᠭᠡ ᠪᠤᠯᠪᠠᠰᠤᠷᠠᠯ᠎ᠲᠠᠢ ᠪᠠᠢ᠌ᠵᠤ᠂ ᠲᠤᠬᠠᠢ᠌ᠯᠠᠭᠰᠠᠨ ᠠᠵᠢᠯ᠎ᠳᠠᠭᠠᠨ ᠭᠠᠷᠮᠠᠭ᠋ᠠᠢ ᠵᠢᠳᠬᠦᠯ ᠭᠠᠷᠭ᠋ᠠᠵᠤ᠂  ᠬᠦᠮᠦᠨ ᠲᠦᠷᠦᠯᠬᠢᠲᠡᠨ᠎ᠤ ᠠᠤᠭ᠎ᠠ ᠦᠢ᠍ᠯᠡᠰ᠎ᠤᠨ ᠬᠦᠭᠵᠢᠯᠲᠡ᠎ᠳᠤ ᠵᠤᠬᠢᠬᠤ ᠬᠡᠮᠵᠢᠶᠠᠨ᠎ᠤ ᠴᠢᠷᠮᠠᠢ᠌ᠯᠭ᠎ᠠ ᠭᠠᠷᠭ᠋ᠠᠭᠰᠠᠨ ᠪᠠᠢ᠌ᠬᠤ ᠭᠡᠷᠡᠭᠲᠡᠢ᠃
     ᠤᠨᠤᠯ᠎ᠤᠨ ᠰᠤᠷᠤᠯᠴᠠᠯᠭ᠎ᠠ ᠪᠤᠯ ᠦᠢ᠍ᠯᠡᠰ᠎ᠤᠨ ᠬᠦᠭᠵᠢᠯᠲᠡ ᠵᠢᠨ ᠵᠦᠭᠯᠡᠬᠦᠷ ᠶᠤᠮ᠃ ᠵᠦᠪ ᠤᠨᠤᠯ᠎ᠤᠨ ᠵᠢᠯᠤᠭᠤᠳᠤᠯᠭ᠎ᠠ᠎ᠪᠠᠷ ᠦᠢ᠍ᠯᠨ ᠠᠵᠢᠯᠯᠠᠭ᠎ᠠ ᠵᠢᠨ ᠵᠶ᠋ᠡᠨ ᠵᠦᠭᠯᠡᠬᠦᠷ ᠪᠤᠯᠭ᠋ᠠᠵᠤ ᠲᠡᠢ᠌ᠯᠪᠠᠯ ᠰᠠᠶᠢ  ᠶᠡᠭᠡ ᠵᠢ ᠪᠦᠲᠦᠭᠡᠵᠤ ᠴᠢᠲᠠᠬᠤ ᠶᠤᠮ᠃ ᠵᠦᠪ ᠤᠨᠤᠯ᠎ᠤᠨ ᠵᠢᠯᠤᠭᠤᠳᠤᠮᠵᠢ ᠵᠢ ᠬᠦᠷᠲᠡᠬᠦ᠎ᠳᠤ ᠤᠯᠠᠨ ᠪᠤᠯᠤᠮᠵᠢ ᠪᠤᠢ᠃ ᠰᠤᠷᠤᠯᠴᠠᠯᠭ᠎ᠠ ᠪᠤᠯ ᠬᠠᠮᠤᠭ᠎ᠤᠨ ᠢᠯᠭᠤᠮ ᠵᠠᠮ ᠱᠤᠭᠤᠮ ᠪᠤᠯᠬᠤ ᠶᠤᠮ᠃
   ᠦᠩᠭᠡᠷᠡᠭᠰᠡᠨ ᠲᠡᠤᠭᠡ᠎ᠪᠠᠨ ᠰᠢᠳᠤᠷᠭᠤ᠎ᠪᠠᠷ ᠳ᠋ᠦᠩᠨᠠᠵᠤ᠂ ᠤᠳᠤᠬᠢ ᠪᠠᠢ᠌ᠲᠠᠯ ᠵᠶ᠋ᠡᠨ ᠲᠤᠳᠤ ᠲᠠᠨᠢᠨ᠂ ᠢᠷᠡᠭᠡᠳᠤᠢ  ᠵᠢᠨ ᠰᠠᠷᠠᠭᠤᠯ ᠰᠠᠢ᠌ᠬᠠᠨ᠎ᠢ ᠪᠠᠷᠠᠯᠠᠬᠤ᠎ᠨᠢ ᠬᠦᠰᠡᠯ ᠮᠦᠷᠦᠭᠡᠳᠤᠯ᠎ᠤᠨ ᠭᠡᠭᠡᠨ ᠲᠤᠩᠭ᠋ᠠᠯᠠᠭ ᠵᠦᠭ ᠲᠨ ᠪᠢᠲᠡᠨ᠎ᠢ ᠬᠦᠳᠤᠯᠬᠦ ᠪᠤᠯᠤᠨ᠎ᠠ᠃
      ᠨᠢᠭᠡ᠄  ᠴᠠᠭ᠎ᠤᠨ ᠪᠠᠢ᠌ᠲᠠᠯ᠎ᠢ ᠲᠤᠳᠤ ᠲᠠᠨᠢᠬᠤ ᠭᠡᠷᠡᠭᠲᠡᠢ
    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠥᠬᠦᠳᠡ ᠬᠤᠷᠠᠯ 2021 ᠣᠨ᠎ᠤ 11 ᠰᠠᠷ᠎ᠠ ᠵᠢᠨ 8᠎ᠤ ᠡᠳᠦᠷ᠎ᠠᠴᠠ 11᠎ᠤ ᠡᠳᠦᠷ ᠪᠣᠯᠲᠠᠯ᠎ᠠ ᠪᠡᠭᠡᠵᠢᠩ ᠬᠤᠲᠠᠨ᠎ᠠ ᠬᠤᠷᠠᠯᠳᠤᠵᠤ᠂  ᠪᠥᠬᠦᠳᠡ ᠬᠤᠷᠠᠯ᠎ᠢ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ᠎ᠠᠴᠠ ᠡᠷᠬᠢᠯᠠᠨ᠂ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ  ᠲᠠᠯᠪᠢᠭᠰᠠᠨ ᠶᠤᠮ᠃ ᠪᠥᠬᠦᠳᠡ ᠬᠤᠷᠠᠯ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠠᠴᠠ ᠨᠠᠭ᠋ᠠᠰᠢᠬᠢ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠭᠦᠢ᠍ᠴᠡᠳ  ᠨᠤᠲᠠᠯᠠᠭᠰᠠᠨ ᠶᠤᠮ᠃ ᠨᠢᠭᠡ ᠵᠢᠯ᠎ᠤᠨ ᠲᠤᠷᠰᠢ᠂ ᠳᠡᠯᠡᠬᠡᠶ ᠶᠢᠷᠳᠢᠨᠴᠤ ᠵᠢᠨ ᠵᠠᠭᠤᠨ ᠵᠢᠯ᠎ᠳᠤ ᠪᠠᠢ᠌ᠭ᠎ᠠ ᠦᠭᠡᠶ ᠶᠡᠭᠡ ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠳᠡᠯᠡᠬᠡᠶ ᠨᠡᠢ᠌ᠳᠡ ᠵᠢᠨ ᠬᠡᠪᠴᠢᠶᠡᠨ᠎ᠳᠤ ᠶᠡᠭᠡ᠎ᠪᠠᠷ ᠳᠡᠯᠭᠡᠷᠡᠵᠤ ᠪᠠᠢ᠌ᠭ᠎ᠠ ᠪᠠᠢ᠌ᠳᠠᠯ ᠰᠤᠯᠪᠢᠴᠠᠨ ᠨᠦᠯᠤᠭᠡᠯᠡᠵᠤ᠂ ᠭᠠᠳᠠᠭ᠋ᠠᠳᠤ ᠣᠷᠴᠢᠨ ᠨᠦᠬᠦᠴᠡᠯ ᠨᠡᠩ ᠪᠤᠳᠤᠯᠢᠶᠠᠨᠲᠠᠶ ᠬᠦᠨᠳᠦ ᠬᠡᠴᠡᠭᠦᠤ ᠪᠤᠯᠵᠤ᠂ ᠤᠯᠤᠰ᠎ᠤᠨ ᠳᠣᠲᠣᠭ᠋ᠠᠳᠤ ᠵᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠡᠭᠦᠷᠭᠡ ᠲᠦᠢ᠍ᠯ᠎ᠤᠨ ᠨᠦᠰᠡᠷ ᠬᠦᠨᠳᠦ ᠪᠦᠭᠡᠳ ᠬᠠᠲᠠᠭᠤ ᠪᠡᠷᠬᠡ ᠪᠤᠯᠪᠠ᠃ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶ᠎ᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠤᠨ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠬᠦᠳᠡ ᠬᠤᠷᠠᠯ᠂ ᠭᠤᠷᠪᠠᠳᠤᠭ᠋ᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠶ ᠲᠥᠯᠥᠪᠯᠡᠵᠦ᠂ ᠬᠢᠵᠢᠭ᠎ᠢ ᠰᠡᠷᠭᠡᠢ᠌ᠯᠡᠨ ᠬᠢᠵᠠᠭ᠋ᠠᠷᠯᠠᠬᠤ ᠪᠠ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠵᠦ᠂ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠯᠡᠨ ᠪᠠᠢ᠌ᠭᠤᠯᠵᠤ᠂ ᠠᠵᠤ ᠠᠬᠤᠢ ᠵᠢᠨ ᠨᠨᠯᠢᠶᠡᠳ ᠰᠠᠢ᠌ᠨ ᠬᠥᠭᠵᠢᠯᠲᠡ ᠵᠢᠨ ᠪᠠᠢ᠌ᠳᠠᠯ᠎ᠢ ᠪᠠᠲᠤᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠢᠳᠡᠪᠬᠢᠲᠡᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠬᠦᠯᠤᠨ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠤᠪ᠎ᠢ ᠰᠢᠢ᠍ᠳᠪᠤᠷᠢᠯᠡᠬᠦ ᠲᠠᠢ᠌ᠨ᠎ᠳᠤ ᠬᠤᠭᠤᠴᠠᠭ᠎ᠠ ᠶᠤᠰᠤᠭ᠋ᠠᠷ ᠢᠯᠠᠯᠲᠠ ᠣᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠪᠦᠲᠦᠮᠵᠢᠲᠡᠶ ᠰᠠᠢ᠌ᠵᠢᠷᠠᠭᠤᠯᠤᠨ᠂ ᠨᠡᠢ᠌ᠭᠡᠮ᠎ᠤᠨ ᠶᠡᠭᠡ ᠲᠠᠯ᠎ᠠ ᠵᠢᠨ ᠲᠣᠭᠲᠠᠭᠤᠨ ᠪᠠᠢ᠌ᠳᠠᠯ᠎ᠢ ᠪᠠᠲᠤᠯᠠᠵᠤ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠪᠠ ᠴᠡᠷᠢᠭ ᠠᠩᠬᠢ ᠵᠢᠨ ᠤᠳᠤᠬᠢᠴᠢᠯᠠᠯᠳᠠ ᠵᠢ ᠯᠠᠪᠳᠠᠭᠤᠨ ᠪᠠᠳᠤᠳᠠᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢ ᠪᠦᠬᠦ ᠲᠠᠯ᠎ᠠ᠎ᠪᠠᠷ ᠠᠬᠢᠭᠤᠯᠵᠤ᠂ ᠨᠠᠮ᠎ᠤᠨ ᠲᠡᠤᠭᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠦᠷᠨᠢᠬᠦᠯᠵᠤ᠂ ᠤᠯᠠᠨ ᠵᠦᠢ᠍ᠯ᠎ᠤᠨ ᠬᠦᠨᠳᠦ ᠨᠣᠴᠢᠲᠠᠶ ᠪᠠᠢ᠌ᠭ᠋ᠠᠯᠢ ᠵᠢᠨ ᠭᠠᠮᠰᠢᠭ᠎ᠢ ᠢᠯᠠᠨ ᠳᠠᠪᠠᠭ᠋ᠠᠳ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠲᠤ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠵᠢ ᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ  ᠶᠤᠰᠤᠯᠠᠯ᠎ᠢ ᠠᠮᠵᠢᠯᠲᠠ᠎ᠲᠠᠢ ᠡᠷᠬᠢᠯᠡᠵᠦ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠭᠰᠡᠨ᠎ᠢ  ᠲᠤᠩᠬᠠᠭᠯᠠᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠤᠭ ᠵᠤᠷᠢᠬ ᠪᠠᠳᠠᠷᠠᠩᠭᠤᠢ᠎ᠪᠠᠷ ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢ᠌ᠰᠢ ᠤᠷᠤᠭᠰᠢᠯᠠᠬᠤ ᠰᠢᠨ᠎ᠡ ᠠᠶᠠᠨ ᠵᠠᠮ᠎ᠳᠤ ᠮᠣᠷᠳᠠᠬᠤ ᠵᠢ ᠤᠷᠮᠠᠰᠢᠭᠤᠯᠤᠨ ᠵᠤᠷᠢᠬ᠍ᠵᠢᠭᠤᠯᠤᠭᠰᠠᠨ ᠪᠠᠢ᠌ᠨ᠎ᠠ ᠃
     ᠴᠠᠭ᠎ᠤᠨ ᠪᠠᠢ᠌ᠲᠠᠯ᠎ᠢ ᠲᠤᠳᠤ ᠲᠠᠨᠢᠬᠤ ᠪᠤᠯ  ᠬᠦᠮᠦᠨ ᠪᠦᠬᠦᠨ᠎ᠤ ᠬᠠᠷᠢᠭᠤᠴᠠᠯᠭ᠎ᠠ ᠶᠤᠮ᠃ ᠴᠠᠭ᠎ᠤᠨ ᠪᠠᠢ᠌ᠲᠠᠯ᠎ᠢ ᠲᠤᠳᠤ ᠲᠠᠨᠢᠵᠤ᠂ ᠦᠪᠡᠷ᠎ᠤᠨ ᠡᠬᠦᠷᠭᠡ ᠬᠠᠷᠢᠭᠤᠴᠠᠯᠭ᠎ᠠ᠎ᠪᠠᠨ ᠲᠤᠳᠤᠷᠬᠠᠢ ᠮᠡᠲᠡᠪᠡᠯ ᠰᠠᠶᠢ ᠠᠷᠠᠳ ᠲᠦᠮᠡᠨ᠎ᠳᠤ ᠰᠠᠢ᠌ᠳᠤᠷ ᠦᠢ᠍ᠯᠡᠴᠢᠯᠠᠵᠤ ᠴᠢᠲᠠᠨ᠎ᠠ᠃
     ᠴᠠᠭ᠎ᠤᠨ ᠪᠠᠢ᠌ᠲᠠᠯ᠎ᠢ ᠲᠤᠳᠤ ᠲᠠᠨᠢᠬᠤ᠎ᠳᠤ ᠰᠤᠷᠤᠯᠴᠠᠯᠭ᠎ᠠ ᠪᠤᠯ ᠬᠠᠮᠤᠭ᠎ᠤᠨ ᠴᠢᠬᠤᠯᠨ ᠶᠤᠮ᠃ ᠡᠷᠲᠡᠨ ᠪᠠ ᠡᠳᠤᠭᠡ ᠵᠢ ᠬᠠᠷᠢᠴᠠᠭᠤᠯᠤᠨ ᠰᠢᠨᠵᠢᠬᠦ᠂  ᠭᠠᠲᠠᠭ᠋ᠠᠳᠤ ᠲᠤᠳᠤᠭ᠋ᠠᠳᠤ ᠵᠢᠨ ᠴᠠᠭ᠎ᠤᠨ ᠪᠠᠢ᠌ᠲᠠᠯ᠎ᠳᠤ ᠠᠩᠬᠠᠷᠤᠯ ᠵᠶ᠋ᠡᠨ ᠬᠠᠨᠳᠤᠭᠤᠯᠬᠤ᠂ ᠲᠡᠤᠭᠡᠨ ᠬᠦᠭᠵᠢᠯᠲᠡ ᠵᠢᠨ ᠤᠨᠤᠯ ᠪᠠ ᠦᠢ᠍ᠯᠡᠳᠤᠯᠭᠡ ᠵᠢ ᠬᠢᠴᠢᠶᠡᠩᠬᠦᠢ᠎ᠪᠠᠷ ᠬᠢᠨᠡᠨ ᠬᠠᠷᠠᠵᠤ᠂ ᠤᠯᠤᠯᠲᠡ ᠪᠠ ᠲᠤᠷᠰᠢᠯᠭ᠎ᠠ ᠵᠢ᠎ᠨᠢ ᠰᠢᠳᠤᠷᠭᠤ᠎ᠪᠠᠷ ᠳ᠋ᠦᠩᠨᠠᠵᠤ ᠴᠢᠲᠠᠭᠰᠠᠨ ᠪᠠᠢ᠌ᠬᠤ ᠭᠡᠷᠡᠭᠲᠡᠢ᠃
    ᠬᠤᠶᠠᠷ᠄  ᠦᠩᠭᠡᠷᠡᠭᠰᠡᠨ  ᠲᠡᠤᠭᠡ᠎ᠪᠠᠨ ᠲᠤᠳᠤ ᠲᠠᠨᠢᠬᠤ ᠭᠡᠷᠡᠭᠲᠡᠢ
   ᠳᠤᠮᠳᠠᠳᠤ ᠤᠯᠤᠰ᠎ᠤᠨ ᠡᠪ ᠬᠠᠮᠲᠤ ᠨᠠᠮ 1921 ᠣᠨ᠎ᠳᠤ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠣᠯᠭᠤᠵᠤ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠢᠮᠠᠭᠳᠠ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠡᠪ ᠬᠠᠮᠲᠤ ᠶᠣᠰᠣᠨ᠎ᠤ ᠬᠦᠰᠡᠯᠡᠩ ᠪᠣᠯᠤᠨ ᠨᠡᠢ᠌ᠭᠡᠮ ᠵᠢᠷᠤᠮ᠎ᠤᠨ ᠢᠲᠡᠭᠡᠯ ᠵᠣᠷᠢᠭ᠎ᠢ ᠢᠮᠠᠭᠲᠠ ᠪᠠᠷᠢᠮᠲᠠᠯᠠᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠥᠭᠡᠯᠡᠯᠲᠡ ᠵᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ ᠵᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ ᠨᠢᠭᠡᠨᠲᠡ ᠵᠠᠭᠤᠨ ᠵᠢᠯ᠎ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠵᠢ ᠥᠩᠭᠡᠷᠡᠭᠦᠯᠪᠡ᠃ ᠨᠠᠮ ᠪᠣᠯᠤᠨ ᠠᠷᠠᠳ ᠲᠦᠮᠡᠨ᠎ᠤ ᠵᠠᠭᠤᠨ ᠵᠢᠯ᠎ᠤᠨ ᠲᠡᠮᠡᠴᠡᠯ᠎ᠨᠢ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠲᠡᠦᠬᠡᠨ ᠳᠡᠭᠡᠷᠡᠬᠢ ᠬᠠᠮᠤᠭ᠎ᠤᠨ ᠰᠦᠷ ᠵᠢᠪᠬᠤᠯᠠᠩᠲᠠᠢ ᠲᠤᠤᠯᠢᠰ᠎ᠢ ᠪᠢᠴᠢᠭᠯᠡᠭᠰᠡᠨ ᠶᠤᠮ ᠭᠡᠵᠤ ᠪᠦᠬᠦᠳᠡ ᠬᠤᠷᠠᠯ᠎ᠠᠴᠠ ᠲᠤᠷᠠᠳᠤᠨ  ᠭᠠᠷᠭ᠋ᠠᠭᠰᠠᠨ ᠪᠢᠯᠨ᠃
    ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠵᠠᠭᠤᠨ ᠵᠢᠯ᠎ᠤᠨ ᠲᠡᠤᠭᠡ ᠪᠤᠯ ᠦᠩᠭᠡ ᠬᠡᠷᠡᠯᠲᠡᠢ  ᠲᠡᠤᠭᠡ ᠶᠤᠮ ᠂ ᠴᠦᠬᠦᠷᠦᠯ ᠦᠭᠡᠢ ᠵᠢᠳᠬᠦᠭᠰᠡᠨ ᠲᠡᠤᠭᠡ ᠶᠤᠮ ᠂ ᠭᠠᠢ᠌ᠬᠠᠮᠰᠢᠭᠳᠤ ᠲᠤᠤᠯᠢᠰ᠎ᠢ ᠪᠢᠴᠢᠭᠯᠡᠭᠰᠡᠨ ᠲᠡᠤᠭᠡ ᠶᠤᠮ᠃
     ᠪᠢᠲᠠ ᠦᠩᠭᠡᠷᠡᠭᠰᠡᠨ ᠲᠡᠤᠭᠡ᠎ᠪᠠᠨ ᠲᠤᠳᠤ ᠲᠠᠨᠢᠪᠠᠯ ᠰᠠᠶᠢ ᠦᠨᠦᠳᠤᠷ᠎ᠤᠨ ᠵᠤᠯ ᠵᠢᠷᠭ᠋ᠠᠯ ᠪᠤᠯ ᠮᠠᠰᠢ ᠶᠡᠭᠡ ᠵᠢᠳᠬᠦᠯ ᠴᠢᠷᠮᠠᠢ᠌ᠯᠭ᠎ᠠ᠎ᠪᠠᠷ ᠰᠤᠯᠢᠵᠤ ᠢᠷᠡᠭᠰᠡᠨ ᠭᠡᠲᠡᠭ᠎ᠢ ᠲᠤᠳᠤᠷᠬᠠᠢ ᠲᠠᠨᠢᠵᠤ ᠴᠢᠲᠡᠨ᠎ᠡ᠃  ᠮᠦᠨ ᠴᠤ᠌ ᠦᠨᠦᠳᠤᠷ᠎ᠤᠨ ᠵᠤᠯ ᠵᠢᠷᠭ᠋ᠠᠯᠳᠤ ᠠᠮᠢᠳᠤᠷᠠᠯ ᠵᠶ᠋ᠠᠨ ᠤᠯᠠᠮ ᠨᠠᠨᠳᠢᠩᠨᠠᠨ᠂ ᠬᠤᠪᠢᠰᠬᠠᠯ᠎ᠤᠨ ᠦᠢ᠍ᠯᠡᠰ᠎ᠲᠤ ᠬᠠᠯᠠᠭᠤᠨ ᠴᠢᠰᠤ᠎ᠪᠠᠨ ᠠᠰᠬᠠᠨ᠂ ᠠᠯᠲᠠᠨ ᠠᠮᠢ᠎ᠪᠠᠨ ᠵᠤᠷᠢᠭᠤᠯᠤᠭᠰᠠᠨ ᠲᠦᠭ ᠲᠦᠮᠡᠨ ᠬᠤᠪᠢᠰᠬᠠᠯᠳᠤ ᠪᠠᠭ᠋ᠠᠳᠤᠷᠴᠤᠳ ᠵᠶ᠋ᠡᠨ ᠤᠯᠠᠮ ᠬᠦᠨᠳᠤᠯᠠᠨ ᠲᠡᠭᠡᠳᠤᠯᠡᠬᠦ ᠪᠤᠯᠤᠨ᠎ᠠ᠃
   ᠠᠷᠠᠳ ᠲᠦᠮᠡᠨ ᠵᠶ᠋ᠡᠨ ᠬᠠᠷᠠᠩᠭᠤᠢ ᠵᠤᠪᠠᠯᠠᠩ᠎ᠠᠴᠠ ᠴᠢᠯᠦᠭᠡᠯᠡᠨ᠂ ᠭᠡᠭᠡᠨ ᠰᠠᠷᠠᠭᠤᠯ ᠢᠷᠡᠭᠡᠳᠤᠢ ᠵᠦᠭ ᠬᠦᠲᠦᠯᠦᠭᠰᠡᠨ ᠡᠪ ᠬᠠᠮᠳᠤ ᠨᠠᠮ᠎ᠤᠨ  ᠠᠴᠢ ᠭᠠᠪᠢᠶ᠎ᠠ ᠵᠢ ᠤᠯᠠᠮ ᠲᠡᠭᠡᠳᠤᠯᠡᠬᠦ ᠪᠤᠯᠤᠨ᠎ᠠ᠃
     ᠭᠤᠷᠪᠠ᠄ ᠢᠷᠡᠭᠡᠳᠤᠢ ᠵᠢᠨ ᠬᠦᠰᠡᠯ ᠮᠦᠷᠦᠭᠡᠳᠤᠯ᠎ᠲᠠᠢ ᠪᠠᠢ᠌ᠬᠤ ᠭᠡᠷᠡᠭᠲᠡᠢ
    ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠢ᠌ᠭᠤᠯᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠦᠨ᠂ ᠥᠴᠥᠭᠡᠳᠦᠷ᠎ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ᠎ᠪᠠᠨ ᠤᠮᠠᠷᠳᠠᠬᠤ ᠦᠭᠡᠢ᠂ ᠥᠨᠥᠳᠦᠷ᠎ᠤᠨ ᠡᠭᠦᠷᠭᠡ ᠬᠠᠷᠢᠭᠤᠴᠠᠯᠭ᠎ᠠ ᠎ᠳᠤ᠎ᠪᠠᠨ ᠤᠰᠤᠯᠳᠠᠬᠤ ᠦᠭᠡᠢ᠂ ᠮᠠᠷᠭ᠋ᠠᠰᠢ ᠵᠢᠨ ᠠᠭᠤᠤ ᠶᠡᠭᠡ ᠬᠦᠰᠡᠯ ᠡᠷᠡᠮᠡᠯᠵᠠᠯ ᠵᠶ᠋ᠠᠨ ᠬᠥᠰᠡᠷᠳᠡᠭᠦᠯᠬᠦ ᠦᠭᠡᠢ ᠪᠠᠢ᠌ᠵᠤ᠂ ᠲᠡᠦᠬᠡ᠎ᠪᠠᠷ ᠲᠣᠯᠢ ᠪᠣᠯᠭ᠋ᠠᠵᠤ᠂ ᠢᠷᠡᠭᠡᠳᠦᠶ᠎ᠪᠠᠨ ᠡᠭᠦᠳᠦᠨ ᠨᠡᠭᠡᠭᠡᠵᠦ᠂ ᠰᠢᠷᠭ᠋ᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ᠎ᠪᠠᠷ ᠤᠷᠤᠭᠰᠢᠯᠠᠵᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠵᠡᠬᠦᠳᠤ ᠵᠢ ᠪᠡᠶᠡᠯᠡᠭᠦᠯᠬᠦ ᠵᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠨᠠᠮ᠎ᠤᠨ ᠲᠦᠪ ᠬᠤᠷᠢᠶ᠎ᠠ᠎ᠠᠴᠠ ᠤᠷᠢᠶᠠᠯᠠᠵᠦ ᠪᠠᠢ᠌ᠨ᠎ᠠ᠃ ᠥᠩᠭᠡᠷᠡᠭᠰᠡᠨ ᠵᠠᠭᠤᠨ ᠵᠢᠯ᠎ᠳᠤ ᠠᠭᠤᠤ ᠶᠡᠭᠡ ᠢᠯᠠᠯᠲᠠ ᠪᠠ ᠦᠡᠭᠭᠡ ᠭᠡᠷᠡᠯ᠎ᠢ ᠣᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ᠎ᠤᠨ ᠠᠷᠠᠳ ᠲᠦᠮᠡᠨ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠨᠡᠩ ᠠᠭᠤᠤ ᠶᠡᠭᠡ ᠢᠯᠠᠯᠲᠠ ᠪᠠ ᠦᠡᠭᠭᠡ ᠬᠡᠷᠡᠯ᠎ᠢ ᠤᠯᠬᠤ᠎ᠨᠢ ᠯᠠᠪᠲᠠᠢ ᠶᠤᠮ ᠭᠡᠳᠡᠭ᠎ᠢ ᠪᠢᠳᠡ ᠪᠠᠲᠤ ᠢᠲᠡᠭᠡᠵᠦ ᠪᠠᠢ᠌ᠨ᠎ᠠ! ᠭᠡᠵᠤ ᠪᠦᠬᠦᠳᠡ ᠬᠤᠷᠠᠯ᠎ᠠᠴᠠ ᠲᠤᠷᠠᠳᠤᠨ  ᠭᠠᠷᠭ᠋ᠠᠭᠰᠠᠨ ᠪᠢᠯᠨ᠃
     ᠪᠦᠬᠦ ᠨᠠᠮ ᠵᠶ᠋ᠠᠷ ᠵᠶ᠋ᠠᠨ ᠡᠷᠬᠡᠪᠰᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠮᠠᠷᠺᠰ᠎ᠤᠨ ᠦᠵᠡᠯ᠎ᠤᠨ ᠵᠣᠭᠰᠣᠯᠲᠠ᠂ ᠦᠵᠡᠯᠲᠡ᠂ ᠠᠷᠭ᠎ᠠ᠎ᠪᠠᠷ ᠴᠠᠭ ᠦᠶ᠎ᠡ ᠵᠢ ᠠᠵᠢᠭᠯᠠᠵᠤ᠂ ᠴᠠᠭ ᠦᠶ᠎ᠡ ᠵᠢ ᠡᠵᠡᠮᠳᠡᠨ᠂ ᠴᠠᠭ ᠦᠶ᠎ᠡ ᠵᠢ ᠬᠥᠲᠥᠯᠥᠨ ᠳᠠᠭ᠋ᠠᠭᠤᠯᠵᠤ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ᠂ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠯᠲᠠ ᠵᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠵᠢᠮ᠎ᠡ ᠶᠣᠰᠣᠨ᠎ᠤ ᠲᠤᠬᠠᠶ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠬᠦ ᠬᠡᠷᠡᠭᠲᠡᠶ᠃ ᠡᠷᠬᠡᠪᠰᠢ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ 《ᠳᠥᠷᠪᠡᠨ ᠤᠬᠠᠮᠰᠠᠷ》 ᠵᠢᠡᠨ ᠴᠢᠩᠭ᠋ᠠᠳᠭ᠍ᠠᠨ᠂ 《ᠳᠥᠷᠪᠡᠨ ᠢᠲᠡᠭᠡᠯ》 ᠵᠢᠡᠨ ᠪᠠᠲᠤᠳᠭ᠍ᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠢ᠌ᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠵᠣᠬᠢᠴᠠᠩᠭᠤᠢ᠎ᠪᠠᠷ ᠠᠬᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠤᠨ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠵᠤ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠦᠨ᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ ᠵᠢ ᠪᠠᠲᠤᠯᠠᠵᠤ᠂ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠨ᠂ ᠨᠡᠢ᠌ᠭᠡᠮ ᠵᠢᠷᠤᠮ᠎ᠤᠨ ᠭᠤᠣᠯᠯᠠᠬᠤ ᠥᠷᠲᠡᠭ᠎ᠤᠨ ᠰᠢᠰᠲ᠋ᠧᠮ᠎ᠢ ᠪᠠᠷᠢᠮᠲᠠᠯᠠᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠪᠠᠷᠢᠮᠲᠠᠯᠠᠨ᠂ ᠬᠥᠮᠦᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠣᠳᠣᠬᠢᠴᠢᠯᠠᠯᠲᠠ ᠵᠢ ᠲᠦᠷᠭᠡᠳᠭᠡᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠢ᠌ᠬᠠᠨ ᠪᠤᠯᠬᠤ ᠵᠢ ᠬᠠᠮᠵᠢᠯᠴᠠᠭᠤᠯᠤᠨ ᠠᠬᠢᠭᠤᠯᠬᠤ ᠭᠡᠷᠡᠭᠲᠡᠢ  ᠭᠡᠵᠤ ᠪᠥᠬᠦᠳᠡ ᠬᠤᠷᠠᠯ᠎ᠠᠴᠠ ᠲᠠᠬᠢᠨᠲᠡ ᠴᠢᠬᠤᠯᠠᠴᠢᠯᠠᠭᠰᠠᠨ ᠶᠤᠮ᠃
    ᠲᠤᠮᠲᠠᠳᠤ ᠤᠯᠤᠰ᠎ᠤᠨ ᠢᠷᠡᠭᠡᠳᠤᠢ ᠪᠤᠯ ᠭᠡᠭᠡᠨ  ᠰᠠᠷᠠᠭᠤᠯ ᠶᠤᠮ᠃  ᠡᠨᠡ ᠬᠦ᠌ ᠭᠡᠭᠡᠨ ᠰᠠᠷᠠᠭᠤᠯ ᠢᠷᠡᠭᠡᠳᠤᠢ ᠵᠢ ᠴᠤᠭᠴᠠᠯᠠᠬᠤ  ᠪᠤᠯ ᠬᠦᠮᠦᠨ ᠪᠦᠬᠦᠨ᠎ᠤ ᠲᠠᠷᠬᠠᠨ ᠬᠠᠷᠢᠭᠤᠴᠠᠯᠭ᠎ᠠ ᠶᠤᠮ ᠃
     《ᠨᠠᠭᠤᠷ  ᠠᠮᠤᠭᠤᠯᠠᠩ ᠪᠤᠯ ᠨᠤᠭᠤᠰᠤ ᠠᠮᠤᠭᠤᠯᠠᠩ》 ᠶᠤᠮ᠃ ᠡᠰᠡᠨᠢᠨ ᠮᠠᠨᠳᠤᠭᠰᠠᠨ  ᠡᠩᠭᠡ ᠲᠠᠢ᠌ᠪᠤᠩ ᠡᠭᠡ ᠤᠯᠤᠰ ᠪᠤᠯ ᠠᠷᠠᠳ ᠲᠦᠮᠡᠨ᠎ᠤ ᠵᠤᠯ ᠵᠢᠷᠭ᠋ᠠᠯ᠎ᠤᠨ ᠦᠯᠦᠭᠡᠢ ᠶᠤᠮ᠃  ᠮᠦᠨ ᠴᠤ᠌ ᠠᠷᠠᠳ ᠤᠯᠠᠨ᠎ᠤ ᠢᠷᠡᠭᠡᠳᠤᠢ᠎ᠪᠠᠨ ᠴᠤᠭᠴᠠᠯᠠᠬᠤ ᠵᠢᠨ ᠮᠦᠩᠭᠡ ᠵᠢᠨ ᠪᠠᠳᠤᠯᠠᠭ᠎ᠠ ᠶᠤᠮ᠃
    ᠰᠢᠨ᠎ᠡ ᠴᠠᠭ  ᠦᠶ᠎ᠡ᠎ᠨᠢ ᠰᠢᠨ᠎ᠡ ᠬᠦᠰᠡᠯ ᠡᠷᠡᠮᠡᠯᠵᠡᠯ᠎ᠢ ᠪᠤᠢ ᠪᠤᠯᠭ᠋ᠠᠲᠠᠭ᠃ ᠰᠢᠨ᠎ᠡ ᠴᠠᠭ ᠦᠶ᠎ᠡ᠎ᠨᠢ  ᠮᠦᠨ ᠴᠤ᠌ ᠴᠢᠩ ᠵᠤᠷᠢᠭᠲᠠᠨ᠎ᠢ ᠱᠠᠭ᠋ᠠᠷᠲᠠᠲᠠᠭ᠃
    ᠪᠢᠲᠠ ᠡᠭᠡ ᠤᠷᠤᠨ᠎ᠤ᠎ᠪᠠᠨ ᠢᠷᠡᠭᠡᠳᠤᠢ ᠵᠢᠨ ᠲᠦᠯᠦᠭᠡ᠂ ᠦᠩᠭᠡᠷᠡᠭᠰᠡᠨ ᠲᠡᠤᠭᠡ᠎ᠪᠠᠨ ᠬᠢᠨᠠᠮᠠᠭ᠋ᠠᠢ ᠳ᠋ᠦᠩᠨᠠᠨ᠂ ᠤᠳᠤᠬᠢ ᠴᠠᠭ ᠦᠶ᠎ᠡ᠎ᠪᠠᠨ ᠲᠤᠳᠤ ᠲᠠᠨᠢᠵᠤ᠂ ᠢᠷᠡᠭᠡᠳᠤᠢ ᠵᠢᠨ ᠭᠡᠭᠡᠨ ᠰᠡᠷᠠᠭᠤᠯ ᠵᠦᠭ ᠴᠢᠩ ᠦᠨᠡᠨ᠎ᠠᠴᠠ᠎ᠪᠠᠨ ᠵᠢᠳᠬᠦᠰᠦᠭᠡᠢ᠃
   ᠤᠨᠤᠯ᠎ᠤᠨ ᠰᠤᠷᠤᠯᠴᠠᠯᠭ᠎ᠠ ᠪᠤᠯ ᠦᠢ᠍ᠯᠡᠰ᠎ᠤᠨ ᠬᠦᠭᠵᠢᠯᠲᠡ ᠵᠢᠨ ᠵᠦᠭᠯᠡᠬᠦᠷ ᠶᠤᠮ᠃  ᠪᠢᠲᠡ ᠤᠨᠤᠯ᠎ᠤᠨ  ᠰᠤᠷᠤᠯᠴᠠᠯᠭ᠎ᠠ᠎ᠪᠠᠨ ᠤᠯᠠᠮ ᠬᠦᠨᠵᠡᠭᠡᠢ᠌ᠷᠡᠬᠦᠯᠦᠨ᠂  ᠤᠨᠤᠯ᠎ᠤᠨ ᠬᠢᠷᠢ ᠲᠦᠪᠰᠢᠨ ᠵᠶ᠋ᠡᠨ ᠨᠠᠩ ᠲᠡᠭᠡᠭᠰᠢᠯᠡᠬᠦᠯᠦᠨ ᠂  ᠦᠪᠡᠷᠰᠡᠳ᠎ᠤᠨ ᠵᠶ᠋ᠡᠨ ᠠᠵᠢᠯ ᠦᠢ᠍ᠯᠡᠰ ᠵᠶ᠋ᠡᠨ ᠵᠦᠪ ᠤᠳᠤᠷᠢᠳᠤᠨ᠂ ᠨᠠᠩ ᠶᠡᠭᠡ ᠠᠮᠵᠢᠯᠲᠡ ᠵᠢ ᠲᠡᠮᠡᠴᠡᠨ ᠤᠯᠵᠤ᠂ ᠦᠢ᠍ᠯᠡᠰ᠎ᠤᠨ ᠬᠦᠭᠵᠢᠯᠲᠡ᠎ᠪᠠᠨ ᠤᠯᠠᠮ ᠠᠬᠢᠭᠤᠯᠰᠤᠭ᠋ᠠᠢ᠃
 

ᠵᠤᠬᠢᠶᠠᠭᠴᠢ ᠵᠢᠨ  ᠬᠠᠶᠢᠭ  ᠄  ᠲᠤᠮᠲᠠᠳᠤ ᠤᠯᠤᠰ᠎ᠤᠨ ᠡᠪ ᠬᠠᠮᠳᠤ ᠨᠠᠮ᠎ᠤᠨ ᠠᠯᠠᠱᠨ ᠠᠢ᠌ᠮᠠᠭ᠎ᠤᠨ ᠨᠠᠮ᠎ᠤᠨ ᠰᠤᠷᠭ᠋ᠠᠭᠤᠯᠢ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
《ᠢᠷᠬᠡᠨ᠎ᠤ ᠬᠠᠤᠯᠢ ᠵᠢᠨ ᠪᠢᠴᠢᠭ》᠎ᠲᠤ᠎ᠬᠢ ᠬᠡᠷ ᠪᠠᠢ᠌ᠰᠢᠡᠭ᠎ᠤᠨ ᠬᠤᠳᠠᠯᠳᠤᠭ᠎ᠠ᠎ᠯᠤᠭ᠎ᠠ ᠬᠤᠯᠪᠤᠬᠳᠠᠬᠤ ᠵᠦᠢ᠍ᠯᠡᠰ᠎ᠠᠴᠠ ᠶᠠᠭᠤ ᠶᠠᠭᠤ ᠵᠢ ᠠᠡᠭᠬᠠᠷᠬᠤ ᠴᠢᠬᠤᠯᠠᠳᠠᠢ ᠪᠤᠢ?
ᠬᠦᠳᠡᠯᠮᠦᠷᠢ — ᠦᠪᠡᠷ ᠵᠢᠡᠨ ᠠᠵᠠ ᠵᠢᠷᠭ᠋ᠠᠯ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠪᠤᠯᠪᠠᠰᠤᠨ ᠬᠦᠬᠡᠬᠤᠲᠠ ᠵᠢᠨ ᠴᠤᠬ᠍ᠴᠠᠯᠠᠯᠳᠠ᠎ᠳᠤ ᠤᠷᠤᠯᠴᠠᠶ᠎ᠠ》 ᠭᠡᠬᠦ ᠯᠸᠢ ᠹᠸᠡᠭ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ
ᠴᠠᠢ ᠵᠢᠨ ᠰᠣᠶᠣᠯ ᠵᠶ᠋ᠠᠷ ᠡᠮᠡᠭᠲᠡᠢ᠌ᠴᠦᠳ᠎ᠤᠨ ᠥᠩᠭᠡ ᠭᠢᠯᠪᠠᠭ᠎ᠠ ᠵᠢ ᠭᠠᠢ᠌ᠬᠠᠭᠤᠯᠪᠠ — ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠴᠢᠨ᠎ᠤ ᠡᠪᠯᠡᠯ᠎ᠤᠨ᠎ᠬᠢᠨ 《3 .8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠢ᠌ᠴᠦᠳ᠎ᠤᠨ ᠪᠠᠶᠠᠷ᠎ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠳᠤᠮᠳᠠᠳᠤ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ ᠫᠢᠩ ᠨᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠢᠷᠡᠵᠦ ᠠᠵᠢᠯ ᠪᠠᠢ᠌ᠴᠠᠭ᠋ᠠᠨ ᠰᠣᠳᠤᠯᠵᠤ ᠵᠢᠭ᠋ᠠᠨ ᠵᠢᠯᠣᠭᠤᠳᠪᠠ
 
            