ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
《ᠢᠷᠬᠡᠨ᠎ᠤ ᠬᠠᠤᠯᠢ ᠵᠢᠨ ᠪᠢᠴᠢᠭ》᠎ᠲᠤ᠎ᠬᠢ ᠬᠡᠷ ᠪᠠᠢ᠌ᠰᠢᠡᠭ᠎ᠤᠨ ᠬᠤᠳᠠᠯᠳᠤᠭ᠎ᠠ᠎ᠯᠤᠭ᠎ᠠ ᠬᠤᠯᠪᠤᠬᠳᠠᠬᠤ ᠵᠦᠢ᠍ᠯᠡᠰ᠎ᠠᠴᠠ ᠶᠠᠭᠤ ᠶᠠᠭᠤ ᠵᠢ ᠠᠡᠭᠬᠠᠷᠬᠤ ᠴᠢᠬᠤᠯᠠᠳᠠᠢ ᠪᠤᠢ?
ᠨᠡᠶᠢᠲᠡᠯᠡᠭᠰᠡᠨ ᠴᠠᠭ᠄ 2022-04-20

   《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠢᠷᠬᠡᠨ᠎ᠤ ᠬᠠᠤᠯᠢ ᠵᠢᠨ ᠪᠢᠴᠢᠭ》᠎ᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ   ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠠᠴᠠ ᠪᠠᠳᠤᠯᠠᠬᠰᠠᠨ ᠶᠤᠮ᠂ ᠡᠨᠡ ᠬᠦ᠌ ᠬᠠᠤᠯᠢ ᠵᠢ 2021 ᠤᠨ᠎ᠤ 1 ᠳ᠋ᠤᠬᠡᠷ ᠰᠠᠷ᠎ᠠ ᠵᠢᠨ 1᠎ᠤ ᠡᠳᠤᠷ᠎ᠠᠴᠠ ᠡᠬᠢᠯᠡᠨ ᠬᠡᠷᠡᠭᠵᠢᠬᠦᠯᠪᠡ᠃ ᠬᠡᠷ ᠬᠦᠷᠤᠡᠭᠭᠡ᠎ᠨᠢ ᠲᠤᠮᠳᠠᠳᠤᠴᠤᠳ᠎ᠤᠨ ᠬᠡᠷ ᠪᠦᠯᠢ ᠵᠢᠨ ᠬᠠᠮᠤᠭ᠎ᠤᠨ ᠴᠢᠬᠤᠯᠨ ᠡᠳ᠋ ᠬᠦᠷᠤᠡᠭᠭᠡ ᠪᠤᠯᠤᠬᠰᠠᠨ᠎ᠤ ᠬᠤᠪᠢ᠎ᠳᠤ 《ᠢᠷᠬᠡᠨ᠎ᠤ ᠬᠠᠤᠯᠢ ᠵᠢᠨ ᠪᠢᠴᠢᠭ》᠎ᠲᠤ ᠬᠡᠷ ᠬᠦᠷᠤᠡᠭᠭᠡ ᠵᠢ ᠮᠠᠢ᠌ᠮᠠᠢ᠌ᠯᠠᠬᠤ᠂ ᠲᠦᠷᠢᠶᠡᠰᠤᠯᠡᠬᠦ᠂ ᠲᠡᠨᠵᠢᠯᠠᠬᠤ᠂ ᠰᠠᠭᠤᠬᠤ᠂ ᠠᠳᠠᠯ ᠠᠬᠤᠢ ᠵᠢᠨ ᠬᠠᠮᠢᠶᠠᠷᠤᠯᠳᠠ᠂ ᠬᠤᠷᠢᠶᠠᠯᠠᠯ᠎ᠤᠨ ᠵᠠᠰᠠᠯᠳᠠ ᠵᠡᠷᠬᠡ ᠲᠠᠯ᠎ᠠ᠎ᠪᠠᠷ ᠪᠦᠬᠦ ᠲᠠᠯ᠎ᠠ ᠵᠢᠨ ᠲᠤᠬᠳᠠᠭ᠋ᠠᠯ᠎ᠢ ᠭᠠᠷᠭ᠋ᠠᠬᠰᠠᠨ ᠪᠠᠢ᠌ᠨ᠎ᠠ᠃
  1᠂ ᠬᠡᠷ ᠬᠦᠷᠤᠡᠭᠭᠡ ᠵᠢᠨ ᠡᠵᠡᠯᠡᠭᠰᠡᠨ ᠭᠠᠵᠠᠷ ᠰᠢᠷᠤᠢ ᠵᠢᠨ ᠦᠯᠡᠳᠡᠵᠤ ᠪᠠᠢ᠌ᠭ᠎ᠠ ᠬᠡᠷᠡᠭᠯᠡᠬᠦ ᠤᠨ ᠵᠢᠯ᠎ᠢ ᠠᠡᠭᠬᠠᠷᠬᠤ ᠬᠡᠷᠡᠭᠳᠡᠢ᠃
   ᠤᠳᠤᠬᠠᠨ᠎ᠤ ᠲᠠᠸᠠᠷ᠎ᠤᠨ ᠤᠷᠤᠨ ᠰᠠᠭᠤᠴᠨ ᠵᠢᠨ ᠬᠡᠷ ᠪᠠᠢ᠌ᠰᠢᠡᠭ᠎ᠤᠨ ᠭᠠᠵᠠᠷ ᠰᠢᠷᠤᠢ ᠵᠢ ᠬᠡᠷᠡᠭᠯᠡᠬᠦ ᠵᠢᠯ᠎ᠢ 70 ᠵᠢᠯ ᠵᠶ᠋ᠡᠷ ᠬᠢᠵᠠᠭ᠋ᠠᠷᠯᠠᠵᠤ ᠪᠠᠢ᠌ᠭ᠎ᠠ ᠵᠢ ᠪᠢᠳᠡ ᠪᠦᠬᠦᠨ ᠮᠡᠳᠡᠨ᠎ᠡ᠃ 70 ᠵᠢᠯ ᠪᠤᠯᠤᠬᠰᠠᠨ᠎ᠤ ᠲᠠᠷᠠᠭ᠎ᠠ ᠶᠠᠭ᠋ᠠᠬᠢᠳᠠᠭ ᠪᠤᠯ? ᠬᠡᠳᠡᠭ ᠠᠰᠠᠭᠤᠯᠳᠠ ᠬᠦᠮᠦᠰ᠎ᠤᠨ ᠠᠡᠭᠬᠠᠷᠤᠯ ᠪᠤᠯᠤᠬᠰᠠᠭ᠋ᠠᠷ ᠢᠷᠡᠯ᠎ᠡ᠃
   ᠡᠨᠡ ᠤᠳᠠᠭ᠋ᠠᠨ᠎ᠤ 《ᠢᠷᠬᠡᠨ᠎ᠤ ᠬᠠᠤᠯᠢ ᠵᠢᠨ ᠪᠢᠴᠢᠭ》᠎ᠲᠤ ᠡᠨᠡ ᠠᠰᠠᠭᠤᠯᠳᠠ ᠵᠢ ᠬᠠᠷᠢᠭᠤᠯᠪᠠ᠄ ᠤᠷᠤᠨ ᠰᠠᠭᠤᠴᠨ ᠵᠢᠨ ᠪᠠᠷᠢᠯᠭ᠎ᠠ᠎ᠳᠤ ᠬᠡᠷᠡᠭᠯᠡᠭᠰᠡᠨ ᠭᠠᠵᠠᠷ ᠰᠢᠷᠤᠢ ᠵᠢ ᠬᠡᠷᠡᠭᠯᠡᠬᠦ ᠡᠷᠬᠡ ᠵᠢᠨ ᠬᠤᠭᠤᠴᠠᠭ᠎ᠠ᠎ᠨᠢ ᠲᠤᠯᠪᠠᠯ ᠬᠤᠭᠤᠴᠠᠭ᠎ᠠ ᠵᠢ᠎ᠨᠢ ᠠᠶᠠᠨᠳᠠᠭ᠋ᠠᠨ ᠤᠷᠳᠤᠳᠬᠠᠵᠤ᠂  ᠤᠷᠳᠤᠳᠬᠠᠬᠰᠠᠨ ᠬᠤᠭᠤᠴᠠᠭ᠋ᠠᠨ᠎ᠳᠤ ᠰᠦᠢ᠍ᠳᠬᠡᠯ ᠲᠤᠰᠢᠶᠠᠨ᠎ᠠ᠃ ᠪᠤᠳᠠᠰ᠎ᠤᠨ ᠡᠷᠬᠡ ᠵᠢᠨ ᠠᠡᠭᠭᠢ ᠵᠢᠨ 359 ᠳ᠋ᠤᠭ᠋ᠠᠷ ᠵᠦᠢ᠍ᠯ᠎ᠤᠨ  1 ᠳ᠋ᠤᠬᠡᠷ ᠵᠤᠷᠪᠤᠰ᠎ᠲᠤ᠄ 《ᠤᠷᠤᠨ ᠰᠠᠭᠤᠴᠨ ᠵᠢᠨ ᠪᠠᠷᠢᠯᠭ᠎ᠠ ᠵᠢᠨ ᠭᠠᠵᠠᠷ ᠰᠢᠷᠤᠢ ᠵᠢ ᠬᠡᠷᠡᠭᠯᠡᠬᠦ ᠡᠷᠬᠡ ᠵᠢᠨ ᠬᠤᠭᠤᠴᠠᠭ᠎ᠠ᠎ᠨᠢ ᠲᠤᠯᠪᠠᠯ ᠬᠤᠭᠤᠴᠠᠭ᠎ᠠ ᠵᠢ᠎ᠨᠢ ᠠᠶᠠᠨᠳᠠᠭ᠋ᠠᠨ ᠤᠷᠳᠤᠳᠬᠠᠨ᠎ᠠ᠂ ᠤᠷᠳᠤᠳᠬᠠᠬᠰᠠᠨ ᠬᠤᠭᠤᠴᠠᠭ᠋ᠠᠨ᠎ᠳᠤ᠎ᠬᠢ ᠰᠦᠢ᠍ᠳᠬᠡᠯ᠎ᠢ ᠲᠤᠰᠢᠶᠠᠬᠤ ᠪᠤᠶᠤ ᠬᠡᠯᠳᠤᠷᠢᠬᠦᠯᠬᠦ ᠵᠢ ᠬᠠᠤᠯᠢ ᠴᠠᠭ᠋ᠠᠵᠨ ᠵᠢᠨ ᠵᠠᠰᠠᠭ ᠵᠠᠬᠢᠷᠭ᠋ᠠᠨ᠎ᠤ ᠲᠤᠬᠳᠠᠭ᠋ᠠᠯ᠎ᠢ ᠦᠨᠳᠤᠰᠤᠯᠡᠨ ᠬᠦᠢ᠍ᠴᠡᠳᠬᠡᠨ᠎ᠡ》 ᠭᠡᠵᠤ ᠲᠤᠬᠳᠠᠭ᠋ᠠᠬᠰᠠᠨ ᠪᠠᠢ᠌ᠳᠠᠭ᠃ ᠤᠷᠳᠤᠳᠬᠠᠬᠤ ᠬᠤᠭᠤᠴᠠᠭ᠋ᠠᠨ᠎ᠳᠤ ᠲᠤᠰᠢᠶᠠᠬᠤ ᠰᠦᠢ᠍ᠳᠬᠡᠯ᠎ᠤᠨ ᠪᠠᠷᠢᠮᠵᠢᠶ᠎ᠠ ᠵᠢ ᠢᠷᠬᠡᠨ᠎ᠤ ᠬᠠᠤᠯᠢ ᠵᠢᠨ ᠪᠢᠴᠢᠭ᠎ᠲᠤ ᠪᠤᠳᠠᠳᠠᠢ ᠲᠤᠬᠳᠠᠭ᠋ᠠᠯ ᠦᠬᠡᠢ ᠪᠤᠯᠬᠤᠷ ᠵᠠᠰᠠᠭ ᠵᠠᠬᠢᠷᠭ᠋ᠠᠨ᠎ᠤ ᠬᠠᠤᠯᠢ ᠲᠦᠷᠢᠮ᠎ᠤᠨ ᠲᠤᠬᠳᠠᠭ᠋ᠠᠯ ᠶᠤᠰᠤᠭ᠋ᠠᠷ ᠬᠦᠢ᠍ᠴᠡᠳᠬᠡᠨ᠎ᠡ᠃
    ᠡᠢ᠌ᠮᠤ᠎ᠠᠴᠠ ᠬᠡᠷ ᠪᠠᠢ᠌ᠰᠢᠡᠭ ᠬᠤᠳᠠᠯᠳᠤᠨ ᠠᠪᠬᠤ᠎ᠳᠤ᠎ᠪᠠᠨ ᠦᠷᠤᠬᠡ ᠬᠡᠷ᠎ᠤᠨ ᠬᠡᠯᠪᠡᠷᠢ ᠮᠠᠶᠢᠭ᠂ ᠪᠠᠢ᠌ᠷᠢᠰᠢᠯ᠎ᠠᠴᠠ ᠭᠠᠳᠠᠨ᠎ᠠ ᠬᠤᠳᠠᠯᠳᠤᠨ ᠠᠪᠬᠤ ᠭᠡᠵᠤ ᠪᠠᠢ᠌ᠭ᠎ᠠ ᠬᠡᠷ ᠪᠠᠢ᠌ᠰᠢᠡᠭ᠎ᠤᠨ ᠵᠶ᠋ᠡᠨ ᠭᠠᠵᠠᠷ ᠰᠢᠷᠤᠢ ᠵᠢᠨ ᠬᠡᠷᠡᠭᠯᠡᠬᠦ ᠡᠷᠬᠡ ᠵᠢᠨ ᠬᠤᠭᠤᠴᠠᠭ᠎ᠠ ᠵᠢ ᠵᠠᠪᠠᠯ ᠠᠡᠭᠬᠠᠷᠤᠭ᠋ᠠᠷᠠᠢ᠂ ᠬᠡᠷᠡᠭᠯᠡᠬᠦ ᠬᠤᠭᠤᠴᠠᠭ᠎ᠠ᠎ᠨᠢ ᠤᠬᠤᠷᠬᠠᠨ ᠰᠢᠭ᠋ ᠪᠠᠢ᠌ᠪᠠᠯ ᠲᠠ ᠬᠤᠭᠤᠴᠠᠭ᠎ᠠ ᠤᠷᠳᠤᠳᠬᠠᠬᠤ ᠮᠦᠡᠭᠬᠦ ᠲᠦᠬᠦᠷᠢᠭ ᠦᠷᠡᠨ᠎ᠡ ᠬᠡᠰᠡᠨ ᠦᠬᠡ᠃
   2᠂ ᠨᠢᠭᠡᠨᠲᠡ ᠪᠠᠷᠢᠴᠠᠭ᠋ᠠᠯᠠᠭᠰᠠᠨ ᠭᠡᠷ ᠪᠠᠢ᠌ᠰᠢᠩ᠎ᠤᠨ ᠪᠠᠷᠢᠴᠠᠭ᠎ᠠ ᠵᠢ ᠬᠦᠴᠦᠨ ᠦᠭᠡᠢ ᠪᠣᠯᠭ᠋ᠠᠬᠤ ᠦᠭᠡᠢ᠎ᠪᠠᠷ ᠰᠢᠭᠤᠳ ᠡᠷᠤᠭᠡ ᠰᠢᠯᠵᠢᠭᠦᠯᠬᠦ ᠭᠠᠷ ᠭᠦᠢ᠍ᠴᠡᠳᠬᠡᠯ ᠬᠢᠵᠦ ᠪᠣᠯᠣᠨ᠎ᠠ᠃
ᠭᠡᠷ ᠪᠠᠢ᠌ᠰᠢᠡᠭ ᠬᠤᠳᠠᠯᠳᠤᠨ ᠠᠪᠬᠤ᠎ᠳᠤ ᠬᠦᠮᠦᠰ ᠶᠡᠷᠦ᠎ᠳᠤ᠎ᠪᠠᠨ ᠪᠠᠩᠬᠢ᠎ᠠᠴᠠ ᠵᠣᠭᠣᠰ ᠵᠢᠭᠡᠯᠡᠳᠡᠭ᠂ ᠡᠨᠡ ᠦᠶ᠎ᠡ᠎ᠳᠤ ᠪᠠᠩᠬᠢ᠎ᠠᠴᠠ ᠭᠡᠷ ᠬᠥᠷᠥᠩᠭᠡ ᠵᠢᠨ ᠪᠡᠷᠢᠴᠠᠭ᠋ᠠᠨ᠎ᠤ ᠭᠠᠷ ᠭᠦᠢ᠍ᠴᠡᠳᠬᠡᠯ ᠬᠢᠯᠭᠡᠬᠦ᠎ᠪᠠᠷ ᠱᠠᠭ᠋ᠠᠷᠳᠠᠨ᠎ᠠ᠂ ᠥᠭᠡᠷ᠎ᠡ᠎ᠪᠠᠷ ᠬᠡᠯᠡᠪᠡᠯ ᠪᠠᠩᠬᠢ ᠵᠢᠨ ᠵᠢᠬᠡᠯᠡᠯᠬᠡ ᠵᠢᠨ ᠵᠣᠭᠣᠰ᠎ᠢ ᠬᠡᠵᠢᠶ᠎ᠡ ᠪᠤᠴᠠᠭ᠋ᠠᠵᠤ ᠲᠠᠭᠤᠰᠪᠠᠯ᠂ ᠪᠠᠩᠬᠢ᠎ᠠᠴᠠ ᠪᠡᠷᠢᠴᠠᠭ᠋ᠠᠨ᠎ᠤ ᠵᠣᠭᠣᠰ᠎ᠢ ᠬᠡᠵᠢᠶ᠎ᠡ ᠬᠦᠴᠦᠨ ᠦᠭᠡᠢ ᠪᠤᠯᠭ᠋ᠠᠬᠤ ᠵᠢᠨ ᠵᠡᠷᠬᠡ᠎ᠪᠠᠷ ᠭᠡᠷ ᠬᠥᠷᠥᠩᠭᠡ ᠵᠢ ᠴᠦ᠍ ᠵᠠᠬ᠎ᠠ ᠳᠡᠯᠭᠡᠭᠦᠷ᠎ᠲᠤ ᠭᠠᠷᠭ᠋ᠠᠨ ᠪᠣᠷᠣᠯᠠᠭᠤᠯᠵᠤ ᠪᠣᠯᠣᠨ᠎ᠠ᠃ 《ᠢᠷᠭᠡᠨ᠎ᠤ ᠬᠠᠤᠯᠢ ᠵᠢᠨ ᠪᠢᠴᠢᠭ》᠎ᠢ ᠬᠡᠷᠡᠭᠵᠢᠭᠦᠯᠦᠭᠰᠡᠨ᠎ᠤ ᠲᠠᠷᠠᠭ᠎ᠠ ᠡᠨᠡ ᠠᠰᠠᠭᠤᠳᠠᠯ ᠠᠶᠠᠨᠳᠠᠭ᠋ᠠᠨ ᠰᠢᠢ᠍ᠳᠪᠤᠷᠢᠯᠡᠭᠳᠡᠪᠡ᠃
《ᠢᠷᠭᠡᠨ᠎ᠤ ᠬᠠᠤᠯᠢ ᠵᠢᠨ ᠪᠢᠴᠢᠭ》᠎ᠤᠨ ᠪᠣᠳᠠᠰ᠎ᠤᠨ ᠡᠷᠬᠡ ᠵᠢᠨ ᠠᠩᠭᠢ ᠵᠢᠨ 406 ᠳ᠋ᠤᠭ᠋ᠠᠷ ᠵᠦᠢ᠍ᠯ᠎ᠤᠨ 1 ᠳ᠋ᠤᠬᠡᠷ ᠵᠤᠷᠪᠤᠰ᠎ᠲᠤ᠄ 《ᠪᠡᠷᠢᠴᠠᠭ᠋ᠠᠨ᠎ᠤ ᠬᠤᠭᠤᠴᠠᠭ᠋ᠠᠨ᠎ᠳᠤ ᠪᠠᠷᠢᠴᠠᠭ᠋ᠠᠯᠠᠭᠴᠢ᠎ᠨᠢ ᠪᠡᠷᠢᠴᠠᠭ᠋ᠠᠨ᠎ᠤ ᠡᠳ᠋ ᠬᠥᠷᠥᠩᠭᠡ᠎ᠪᠠᠨ ᠰᠢᠯᠵᠢᠬᠦᠯᠤᠨ ᠦᠭᠴᠤ ᠪᠣᠯᠣᠨ᠎ᠠ᠂ ᠲᠤᠬᠠᠢ ᠵᠢᠨ ᠬᠥᠮᠥᠨ᠎ᠨᠢ ᠠᠰ᠎ᠲᠤ᠎ᠪᠠᠨ ᠪᠣᠯᠵᠣᠯ᠎ᠲᠠᠢ ᠪᠠᠢ᠌ᠪᠠᠯ᠂ ᠲᠡᠷᠡ ᠪᠣᠯᠵᠣᠯ᠎ᠢ ᠵᠢᠷᠤᠮᠯᠠᠨ᠎ᠠ᠃ ᠪᠠᠷᠢᠴᠠᠭ᠋ᠠᠯᠠᠬᠰᠠᠨ ᠡᠳ᠋ ᠬᠥᠷᠥᠩᠭᠡ ᠵᠢ ᠰᠢᠯᠵᠢᠭᠦᠯᠦᠨ ᠥᠭᠬᠦ᠎ᠳᠤ ᠪᠠᠷᠢᠴᠠᠭ᠋ᠠᠯᠠᠬᠤ ᠡᠷᠬᠡ ᠨᠥᠯᠥᠭᠡᠯᠡᠭᠳᠡᠬᠦ ᠦᠬᠡᠢ》 ᠭᠡᠵᠤ ᠲᠤᠭᠳᠠᠭ᠋ᠠᠵᠠᠢ᠃
   《ᠢᠷᠭᠡᠨ᠎ᠤ ᠬᠠᠤᠯᠢ ᠵᠢᠨ ᠪᠢᠴᠢᠭ》᠎ᠤᠨ ᠪᠣᠳᠠᠰ᠎ᠤᠨ ᠡᠷᠬᠡ ᠵᠢᠨ ᠠᠩᠭᠢ ᠵᠢᠨ 406 ᠳ᠋ᠤᠭ᠋ᠠᠷ ᠵᠦᠢ᠍ᠯ᠎ᠤᠨ 2 ᠵᠤᠷᠪᠤᠰ᠎ᠲᠤ᠄ 《ᠪᠠᠷᠢᠴᠠᠭ᠋ᠠᠯᠠᠭᠴᠢ᠎ᠨᠢ ᠪᠡᠷᠢᠴᠠᠭ᠋ᠠᠨ᠎ᠤ ᠡᠳ᠋ ᠬᠥᠷᠥᠩᠭᠡ᠎ᠪᠠᠨ ᠰᠢᠯᠵᠢᠭᠦᠯᠦᠨ ᠥᠭᠬᠦ᠎ᠳᠤ ᠬᠦᠷᠪᠡᠯ᠂ ᠪᠡᠷᠢᠴᠠᠭ᠋ᠠᠨ᠎ᠤ ᠡᠷᠬᠡᠲᠦ ᠬᠥᠮᠥᠨ᠎ᠳᠤ ᠴᠠᠭ ᠲᠤᠬᠠᠢ ᠎ᠳᠤ᠎ᠨᠢ ᠮᠡᠳᠡᠭᠳᠡᠬᠦ ᠬᠡᠷᠡᠭᠲᠡᠢ》 ᠭᠡᠵᠦ ᠲᠤᠭᠳᠠᠭ᠋ᠠᠪᠠ᠃
   ᠡᠨᠡ ᠬᠣᠶᠠᠷ ᠵᠦᠢ᠍ᠯ᠎ᠤᠨ ᠬᠠᠤᠯᠢ ᠲᠣᠭᠲᠠᠭ᠋ᠠᠯ᠎ᠤᠨ ᠤᠳᠬ᠎ᠠ᠎ᠨᠢ ᠭᠡᠷ ᠪᠠᠢ᠌ᠰᠢᠩ᠎ᠢ ᠪᠠᠷᠢᠴᠠᠭ᠋ᠠᠯᠠᠬᠰᠠᠨ ᠤᠷᠢᠳᠠᠯ ᠲᠤᠤᠷ᠎ᠠ ᠪᠠᠷᠢᠴᠠᠭ᠋ᠠᠯᠠᠬ᠍ᠴᠢ᠂ ᠦᠬᠡᠷ᠎ᠡ᠎ᠪᠠᠷ ᠬᠡᠯᠡᠪᠡᠯ ᠦᠮᠴᠢᠯᠡᠯ᠎ᠤᠨ ᠡᠷᠬᠡᠳᠡᠨ᠎ᠨᠢ ᠡᠨᠡ ᠬᠡᠷ᠎ᠢ ᠮᠥᠨ ᠬᠤᠳᠠᠯᠳᠤᠬᠤ ᠡᠷᠬᠡ᠎ᠲᠠᠢ᠃ ᠦᠬᠡᠷ᠎ᠡ᠎ᠪᠠᠷ ᠬᠡᠯᠡᠪᠡᠯ ᠪᠠᠷᠢᠴᠠᠭ᠋ᠠᠯᠠᠬᠰᠠᠨ ᠬᠡᠷ ᠪᠠᠢ᠌ᠰᠢᠡᠭ᠎ᠢ ᠬᠤᠳᠠᠯᠳᠤᠵᠤ ᠪᠤᠯᠤᠨ᠎ᠠ᠂ ᠪᠠᠷᠢᠴᠠᠭ᠋ᠠᠯᠠᠬᠰᠠᠨ ᠡᠷᠬᠡ ᠴᠦ᠍ ᠬᠡᠷ ᠪᠠᠢ᠌ᠰᠢᠡᠭ ᠵᠶ᠋ᠡᠨ ᠲᠠᠭ᠋ᠠᠭ᠋ᠠᠳ ᠶᠠᠪᠤᠵᠤ ᠪᠤᠯᠤᠨ᠎ᠠ᠂ ᠪᠠᠷᠢᠴᠠᠭ᠋ᠠᠯᠠᠬᠤ ᠡᠷᠬᠡ ᠵᠢ ᠲᠠᠭ᠋ᠠᠭᠤᠯᠤᠭ᠋ᠠᠳ ᠬᠤᠳᠠᠯᠳᠤᠵᠤ ᠪᠤᠯᠤᠨ᠎ᠠ ᠬᠡᠰᠡᠨ ᠦᠬᠡ᠃  ᠪᠠᠷᠢᠴᠠᠭ᠋ᠠᠯᠠᠬᠤ ᠡᠷᠬᠡ᠎ᠨᠢ ᠭᠡᠷ ᠬᠥᠷᠥᠩᠭᠡ ᠵᠢᠨ ᠠᠷᠠᠯᠵᠢᠶᠠᠨ᠎ᠤ ᠡᠷᠭᠢᠯᠲᠡ᠎ᠳᠤ ᠣᠷᠣᠬᠤ ᠵᠢ ᠨᠥᠯᠥᠭᠡᠯᠡᠬᠦ ᠦᠭᠡᠢ᠂ ᠭᠡᠷ ᠪᠠᠢ᠌ᠰᠢᠩ ᠵᠶ᠋ᠠᠨ ᠬᠤᠳᠠᠯᠳᠤᠬᠤ᠎ᠳᠤ ᠪᠡᠷᠢᠴᠠᠭ᠋ᠠᠨ᠎ᠤ ᠡᠷᠬᠡᠲᠦ ᠬᠥᠮᠥᠨ᠎ᠤ ᠵᠥᠪᠰᠢᠶᠡᠷᠡᠯ᠎ᠢ ᠣᠯᠬᠤ ᠴᠢᠬᠤᠯᠠ ᠦᠭᠡᠢ᠂ ᠭᠡᠪᠡᠴᠦ ᠥᠮᠴᠢᠯᠡᠯ᠎ᠤᠨ ᠡᠷᠬᠡᠲᠦ ᠬᠥᠮᠥᠨ᠎ᠨᠢ ᠭᠡᠷ ᠪᠠᠢ᠌ᠰᠢᠩ ᠵᠶ᠋ᠠᠨ ᠬᠤᠳᠠᠯᠳᠤᠬᠤ᠎ᠳᠤ᠎ᠪᠠᠨ ᠪᠡᠷᠢᠴᠠᠭ᠋ᠠᠨ᠎ᠤ ᠡᠷᠬᠡᠲᠦ ᠬᠥᠮᠥᠨ᠎ᠳᠤ ᠡᠷᠬᠡᠪᠰᠢ ᠮᠡᠳᠡᠭᠳᠡᠬᠦ ᠬᠡᠷᠡᠭᠲᠡᠢ᠃
   3᠂ ᠬᠤᠳᠠᠯᠳᠤᠨ ᠠᠪᠬᠤ᠎ᠠᠴᠠ᠎ᠪᠠᠨ ᠡᠮᠦᠨ᠎ᠡ ᠭᠡᠷ ᠬᠥᠷᠥᠩᠭᠡ ᠵᠢᠨ ᠣᠷᠣᠰᠢᠨ ᠰᠠᠭᠤᠬᠤ ᠡᠷᠬᠡ ᠵᠢ ᠵᠠᠪᠠᠯ ᠪᠠᠢ᠌ᠴᠠᠭ᠋ᠠᠨ ᠲᠣᠳᠣᠯᠠᠬᠤ ᠬᠡᠷᠡᠭᠲᠡᠢ᠃
ᠡᠭᠦᠨ᠎ᠳᠤ ᠤᠳᠤ ᠵᠢᠨ ᠭᠡᠷ ᠪᠠᠢ᠌ᠰᠢᠩ᠎ᠳᠤ ᠴᠥᠮ ᠣᠷᠣᠰᠢᠨ ᠰᠠᠭᠤᠬᠤ ᠡᠷᠬᠡ ᠵᠢ ᠲᠤᠬᠳᠠᠭ᠋ᠠᠬᠰᠠᠨ ᠦᠭᠡᠢ ᠬᠡᠳᠡᠭ᠎ᠢ ᠲᠤᠳᠤᠷᠬᠠᠢ᠌ᠯᠠᠶ᠎ᠠ᠃
   ᠣᠷᠣᠰᠢᠨ ᠰᠠᠭᠤᠬᠤ ᠡᠷᠬᠡ ᠵᠢᠨ ᠲᠦᠷᠢᠮ᠎ᠢ 2022 ᠤᠨ᠎ᠤ 1 ᠳ᠋ᠤᠬᠡᠷ ᠰᠠᠷ᠎ᠠ ᠵᠢᠨ 1᠎ᠤ ᠡᠳᠤᠷ᠎ᠠᠴᠠ ᠡᠬᠢᠯᠡᠨ ᠬᠡᠷᠡᠭᠵᠢᠬᠦᠯᠤᠨ᠎ᠡ᠃ ᠥᠭᠡᠷ᠎ᠡ᠎ᠪᠠᠷ ᠬᠡᠯᠡᠪᠡᠯ 2022 ᠤᠨ᠎ᠠᠴᠠ ᠭᠡᠷ ᠪᠠᠢ᠌ᠰᠢᠩ᠎ᠤᠨ ᠥᠮᠴᠢᠯᠡᠯ᠎ᠤᠨ ᠡᠷᠬᠡᠲᠦ ᠬᠥᠮᠥᠨ ᠥᠯᠥ ᠬᠥᠳᠡᠯᠬᠦ ᠬᠥᠷᠥᠩᠭᠡ ᠵᠢᠨ ᠲᠣᠪᠴᠢᠶ᠎ᠠ᠎ᠳᠤ ᠬᠦᠷᠴᠦ᠂ ᠥᠪᠡᠷ᠎ᠤᠨ ᠭᠡᠷ ᠪᠠᠢ᠌ᠰᠢᠩ᠎ᠤᠨ ᠬᠥᠷᠥᠩᠭᠡ ᠵᠢᠨ ᠲᠠᠯ᠎ᠠ᠎ᠪᠠᠷ ᠲᠥᠷᠥᠯ ᠰᠠᠳᠤᠨ᠂ ᠴᠢᠨᠠᠭᠰᠢᠯᠠᠪᠠᠯ ᠠᠰᠠᠷᠠᠭᠴᠢ᠎ᠳᠤ᠎ᠪᠠᠨ ᠣᠷᠣᠰᠢᠨ ᠰᠠᠭᠤᠬᠤ ᠡᠷᠬᠡ ᠣᠯᠭᠣᠵᠤ ᠪᠤᠯᠤᠨ᠎ᠠ᠃
ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠶ᠋ᠠᠷ᠂ ᠣᠷᠣᠰᠢᠨ ᠰᠠᠭᠤᠬᠤ ᠡᠷᠬᠡ ᠵᠢ ᠰᠢᠯᠵᠢᠭᠦᠯᠦᠨ ᠥᠭᠴᠦ᠂ ᠵᠠᠯᠭ᠋ᠠᠮᠵᠢᠯᠠᠵᠤ ᠪᠣᠯᠬᠤ ᠦᠭᠡᠢ᠃
   ᠣᠷᠣᠰᠢᠨ ᠰᠠᠭᠤᠬᠤ ᠡᠷᠬᠡ ᠪᠠᠢ᠌ᠭᠤᠯᠤᠭᠰᠠᠨ ᠣᠷᠣᠨ ᠰᠠᠭᠤᠴᠠ ᠵᠢ ᠲᠦᠷᠢᠶᠡᠰᠦᠯᠡᠭᠦᠯᠵᠦ ᠪᠣᠯᠬᠤ ᠦᠭᠡᠢ᠂ ᠭᠡᠪᠡᠴᠦ ᠲᠤᠬᠠᠢ ᠵᠢᠨ ᠬᠥᠮᠥᠨ᠎ᠨᠢ  ᠠᠰ᠎ᠲᠤ᠎ᠪᠠᠨ ᠪᠣᠯᠵᠣᠯ᠎ᠲᠠᠢ ᠪᠠᠢ᠌ᠪᠠᠯ ᠡᠭᠦᠨ᠎ᠳᠤ ᠪᠠᠭᠲᠠᠬᠤ ᠦᠭᠡᠢ᠃ ᠣᠷᠣᠰᠢᠨ ᠰᠠᠭᠤᠬᠤ ᠡᠷᠬᠡ ᠵᠢᠨ ᠬᠤᠭᠤᠴᠠᠭ᠎ᠠ᠎ᠨᠢ ᠳᠦᠭᠦᠷᠦᠭᠰᠡᠨ ᠪᠤᠶᠤ ᠣᠷᠣᠰᠢᠨ ᠰᠠᠭᠤᠬᠤ ᠡᠷᠬᠡᠲᠦ ᠬᠥᠮᠥᠨ᠎ᠨᠢ ᠨᠦᠭᠴᠢᠪᠡᠯ ᠣᠷᠣᠰᠢᠨ ᠰᠠᠭᠤᠬᠤ ᠡᠷᠬᠡ᠎ᠨᠢ ᠠᠯᠠᠭ᠎ᠠ ᠪᠤᠯᠤᠨ᠎ᠠ᠃
   4᠂ ᠭᠡᠷ ᠪᠠᠢ᠌ᠰᠢᠩ ᠬᠤᠳᠠᠯᠳᠤᠨ ᠠᠪᠬᠤ᠎ᠳᠤ ᠵᠠᠭᠤᠴᠢ ᠵᠢ ᠲᠠᠮᠵᠢᠬᠤ ᠦᠬᠡᠢ᠂ ᠵᠤᠭᠤᠰ ᠠᠷᠪᠢᠯᠠᠨ᠎ᠠ ᠬᠡᠳᠡᠭ ᠠᠮᠠᠷ ᠦᠬᠡᠢ ᠣᠯᠠᠨ᠎ᠤ ᠮᠡᠳᠡᠭᠡᠵᠢ᠎ᠪᠠᠷ᠂ ᠭᠠᠷ ᠳᠠᠮᠵᠢᠭᠰᠠᠨ ᠭᠡᠷ ᠪᠠᠢ᠌ᠰᠢᠩ᠎ᠢ ᠬᠤᠳᠠᠯᠳᠤᠨ ᠠᠪᠬᠤ ᠦᠶ᠎ᠡ᠎ᠳᠤ ᠵᠠᠭᠤᠴᠢ ᠺᠣᠮᠫᠠᠨᠢ ᠵᠢᠨ ᠬᠤᠷᠢᠶᠠᠭᠰᠠᠨ ᠵᠠᠭᠤᠴᠢᠯᠠᠬᠤ ᠰᠦᠢ᠍ᠳᠬᠡᠯ ᠪᠠᠭ᠎ᠠ ᠦᠬᠡᠢ᠂ ᠡᠩ᠎ᠤᠨ ᠪᠠᠢ᠌ᠳᠠᠯ᠎ᠳᠤ ᠭᠡᠷ ᠪᠠᠢ᠌ᠰᠢᠩ᠎ᠤᠨ ᠦᠨ᠎ᠡ ᠵᠢᠨ 2% ᠵᠶ᠋ᠡᠷ ᠬᠤᠷᠢᠶᠠᠳᠠᠭ᠃ ᠬᠡᠷᠪᠡ ᠨᠢᠭᠡᠳᠦᠭᠡᠷ ᠵᠡᠷᠭᠡ ᠵᠢᠨ ᠬᠣᠲᠠ ᠵᠢᠨ ᠨᠢᠭᠡ ᠤᠷᠤᠨ ᠰᠠᠭᠤᠴᠨ 1000 ᠲᠦᠮᠡᠨ ᠲᠦᠬᠦᠷᠢᠭ ᠣᠷᠴᠢᠮ ᠪᠤᠯ᠂ ᠵᠠᠭᠤᠴᠢ ᠺᠣᠮᠫᠠᠨᠢ᠎ᠳᠤ 20 ᠲᠦᠮᠡ ᠰᠢᠬᠠᠮ ᠎ᠤᠨ ᠵᠠᠭᠤᠴᠢᠯᠠᠬᠰᠠᠨ ᠵᠠᠷᠤᠳᠠᠯ ᠲᠤᠰᠢᠶᠠᠨ᠎ᠠ᠃ ᠡᠢ᠌ᠮᠦ ᠶᠡᠬᠡ ᠵᠣᠭᠣᠰ᠎ᠢ ᠵᠠᠭᠤᠴᠢ᠎ᠳᠤ ᠦᠭᠭᠦᠬᠡᠳ ᠵᠢᠷᠤᠬᠡ ᠰᠢᠮᠰᠢᠷᠡᠭᠴᠢ ᠤᠯᠠᠨ᠃  ᠬᠡᠳᠡᠯ᠎ᠡ ᠤᠯᠠᠡᠭᠭᠢ ᠬᠦᠮᠦᠰ ᠭᠡᠷ ᠪᠠᠢ᠌ᠰᠢᠩ ᠮᠠᠢ᠌ᠮᠠᠢ᠌ᠯᠠᠬᠤ ᠦᠶ᠎ᠡ᠎ᠳᠤ ᠵᠠᠭᠤᠴᠢ ᠵᠢᠨ ᠲᠠᠨᠢᠯᠴᠠᠭᠤᠯᠭ᠎ᠠ᠎ᠪᠠᠷ ᠲᠠᠮᠵᠢᠨ ᠬᠤᠳᠠᠯᠳᠤᠨ ᠠᠪᠤᠭᠴᠢ ᠪᠤᠶᠤ ᠬᠤᠳᠠᠯᠳᠤᠭᠴᠢ᠎ᠲᠠᠢ ᠲᠠᠨᠢᠯᠴᠠᠭᠰᠠᠨ᠎ᠤ᠎ᠪᠠᠨ ᠲᠠᠷᠠᠭ᠎ᠠ᠂ ᠨᠦᠬᠦᠬᠡ ᠡᠳᠡᠬᠡᠳ᠎ᠲᠠᠢ᠎ᠪᠠᠨ ᠳᠠᠯᠳᠠᠭᠤᠷ ᠬᠠᠷᠢᠯᠴᠠᠵᠤ ᠪᠠᠢ᠌ᠭ᠋ᠠᠳ ᠭᠡᠷ ᠪᠠᠢ᠌ᠰᠢᠩ ᠮᠠᠢ᠌ᠮᠠᠢ᠌ᠯᠠᠬᠤ ᠭᠡᠷ᠎ᠡ᠎ᠪᠠᠨ ᠨᠢᠭᠤᠴᠨ᠎ᠪᠠᠷ ᠲᠣᠭᠲᠠᠭ᠋ᠠᠳᠠᠭ᠃ ᠪᠠᠰᠠ ᠵᠠᠷᠢᠮ᠎ᠨᠢ ᠠᠳᠠᠯᠢ ᠮᠠᠶᠢᠭ᠎ᠤᠨ ᠭᠡᠷ ᠪᠠᠢ᠌ᠰᠢᠩ᠎ᠢ ᠬᠤᠭᠤᠷᠤᠨᠳᠤ᠎ᠨᠢ ᠬᠠᠷᠢᠴᠠᠭᠤᠯᠵᠤ᠂ ᠰᠦᠢ᠍ᠳᠬᠡᠯ᠎ᠢ ᠬᠠᠮᠤᠭ᠎ᠤᠨ ᠪᠠᠭ᠎ᠠ ᠬᠤᠷᠢᠶᠠᠬᠤ ᠵᠠᠭᠤᠴᠢ ᠵᠢ ᠡᠷᠢᠵᠦ ᠠᠷᠠᠯᠵᠢᠶ᠎ᠠ ᠪᠦᠳᠦᠬᠡᠳᠡᠭ᠂ ᠡᠨᠡ ᠪᠦᠬᠦᠨ᠎ᠨᠢ ᠴᠥᠮ ᠵᠠᠭᠤᠴᠢ ᠵᠢᠨ ᠰᠦᠢ᠍ᠳᠬᠡᠯ᠎ᠢ ᠠᠷᠪᠢᠯᠠᠬᠤ ᠵᠢᠨ ᠲᠥᠯᠥᠭᠡ ᠶᠤᠮ᠃
  ᠡᠭᠦᠨ᠎ᠲᠠᠢ ᠠᠳᠠᠯᠢ᠎ᠪᠠᠷ ᠵᠠᠭᠤᠴᠢᠯᠠᠬᠤ ᠰᠦᠢ᠍ᠳᠬᠡᠯ ᠲᠤᠰᠢᠶᠠᠬᠤ᠎ᠠᠴᠠ ᠵᠠᠢ᠌ᠯᠠᠬᠤ ᠪᠠᠢ᠌ᠳᠠᠯ ᠭᠡᠷ ᠪᠠᠢ᠌ᠰᠢᠩ ᠲᠦᠷᠢᠶᠡᠰᠤᠯᠡᠬᠦ᠎ᠳᠤ ᠴᠦ᠍ ᠭᠠᠷᠴᠤ᠂ ᠬᠡᠷ ᠪᠠᠢ᠌ᠰᠢᠡᠭ᠎ᠤᠨ ᠵᠠᠭᠤᠴᠢ ᠦᠢ᠍ᠯᠨ᠎ᠪᠠᠨ ᠪᠠᠷᠠᠳᠠᠯ᠎ᠠ ᠬᠦᠶᠤᠵᠤ ᠬᠦᠶᠤᠬᠡᠳ ᠺᠤᠮᠫᠠᠨᠢ ᠵᠢᠨ᠎ᠬᠢ ᠪᠠᠢ᠌ᠬᠤ ᠶᠤᠰᠤᠳᠠᠢ ᠵᠠᠭᠤᠴᠢᠯᠠᠬᠰᠠᠨ ᠰᠦᠢ᠍ᠳᠬᠡᠯ ᠵᠶ᠋ᠡᠨ ᠤᠯᠬᠤ ᠦᠬᠡᠢ ᠪᠠᠢ᠌ᠳᠠᠭ᠃ ᠴᠦᠬᠡᠨ ᠪᠤᠰᠤ ᠵᠠᠭᠤᠴᠢ ᠺᠤᠮᠫᠠᠨᠢ ᠡᠬᠦᠨ᠎ᠤ ᠲᠦᠯᠦᠬᠡ ᠬᠡᠷᠡᠭᠯᠡᠭᠴᠢᠳ᠎ᠲᠠᠢ᠎ᠪᠠᠨ ᠵᠠᠷᠭᠤᠯᠳᠤᠬᠤ ᠤᠴᠢᠷ ᠵᠦᠡᠭᠳᠡᠬᠡᠨ ᠪᠢᠯᠨ᠃
   《ᠢᠷᠭᠡᠨ᠎ᠤ ᠬᠠᠤᠯᠢ ᠵᠢᠨ ᠪᠢᠴᠢᠭ》᠎ᠤᠨ 965 ᠳ᠋ᠤᠭ᠋ᠠᠷ ᠵᠦᠢ᠍ᠯ᠎ᠳᠤ᠄ 《ᠨᠠᠢ᠌ᠳᠠᠭᠴᠢ᠎ᠨᠢ ᠵᠠᠭᠤᠴᠢ ᠵᠢᠨ ᠦᠢ᠍ᠯᠡᠴᠢᠯᠡᠭᠡ ᠵᠢ ᠬᠦᠯᠢᠶᠡᠭᠰᠡᠨ᠎ᠤ ᠲᠠᠷᠠᠭ᠎ᠠ᠂ ᠵᠠᠭᠤᠴᠢ ᠵᠢᠨ ᠬᠠᠩᠭ᠋ᠠᠭᠰᠠᠨ ᠠᠷᠠᠯᠵᠢᠶᠠᠨ᠎ᠤ ᠲᠣᠬᠢᠶᠠᠯ ᠪᠤᠶᠤ ᠵᠠᠭᠤᠴᠢ ᠵᠢᠨ ᠦᠢ᠍ᠯᠡᠴᠢᠯᠡᠭᠡ ᠵᠢ ᠠᠰᠢᠭᠯᠠᠨ᠂ ᠵᠠᠭᠤᠴᠢ᠎ᠠᠴᠠ ᠵᠠᠢ᠌ᠯᠠᠨ ᠰᠢᠭᠤᠳ ᠭᠡᠷ᠎ᠡ ᠲᠣᠭᠲᠠᠭ᠋ᠠᠭᠰᠠᠨ ᠪᠠᠢ᠌ᠪᠠᠯ᠂ ᠵᠠᠭᠤᠴᠢ᠎ᠳᠤ ᠬᠠᠷᠠᠮᠵᠢ ᠥᠭᠬᠦ ᠬᠡᠷᠡᠭᠲᠡᠢ》 ᠭᠡᠵᠦ ᠲᠣᠭᠲᠠᠭ᠋ᠠᠵᠠᠢ᠃ ᠥᠭᠡᠷ᠎ᠡ᠎ᠪᠠᠷ ᠬᠡᠯᠡᠪᠡᠯ᠂ ᠤᠯᠤᠰ᠎ᠠᠴᠠ᠂ ᠵᠠᠪᠰᠢᠨ ᠳᠠᠯᠢᠮᠳᠠᠭᠤᠯᠬᠤ᠂ ᠵᠠᠭᠤᠴᠢᠯᠠᠬᠤ ᠵᠠᠷᠤᠳᠠᠯ᠎ᠠᠴᠠ ᠵᠠᠢ᠌ᠯᠠᠬᠤ ᠡᠢ᠌ᠮᠤᠷᠬᠦᠤ ᠢᠲᠡᠭᠡᠮᠵᠢ ᠦᠭᠡᠢ ᠠᠵᠢᠯᠯᠠᠭ᠎ᠠ ᠵᠢ ᠬᠠᠤᠯᠢ ᠴᠠᠭ᠋ᠠᠵᠠ ᠵᠢᠨ ᠲᠠᠯ᠎ᠠ᠎ᠠᠴᠠ ᠦᠭᠡᠢ᠌ᠰᠬᠡᠭᠰᠡᠨ ᠦᠨᠡᠯᠡᠯᠲᠡ ᠬᠢᠵᠦ᠂ ᠢᠩᠭᠢᠵᠦ ᠪᠣᠯᠬᠤ ᠦᠭᠡᠢ᠂  ᠵᠠᠭᠤᠴᠢ ᠵᠢᠨ ᠬᠥᠳᠡᠯᠮᠦᠷᠢ ᠵᠢ ᠬᠦᠨᠳᠦᠳᠬᠡᠵᠦ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠭᠤᠴᠢᠯᠠᠬᠤ ᠵᠠᠷᠤᠳᠠᠯ ᠲᠤᠰᠢᠶᠠᠬᠤ ᠬᠡᠷᠡᠭᠲᠡᠢ ᠭᠡᠳᠡᠭ᠎ᠢ ᠬᠠᠤᠯᠢ ᠴᠠᠭ᠋ᠠᠵᠠ ᠵᠢᠨ ᠵᠦᠢ᠍ᠯ ᠵᠤᠷᠪᠤᠰ᠎ᠤᠨ ᠬᠡᠯᠪᠡᠷᠢ᠎ᠪᠠᠷ ᠬᠥᠮᠥᠰ᠎ᠲᠤ ᠬᠡᠯᠡᠵᠦ ᠪᠠᠢ᠌ᠭ᠎ᠠ ᠬᠡᠷᠡᠭ ᠶᠤᠮ᠃
 
   

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ 》 ᠰᠡᠳᠬᠦᠯ
          
ᠬᠠᠮᠢᠶ᠎ᠡ ᠪᠦᠬᠦᠢ ᠰᠣᠨᠢᠨ
ᠬᠦᠳᠡᠯᠮᠦᠷᠢ — ᠦᠪᠡᠷ ᠵᠢᠡᠨ ᠠᠵᠠ ᠵᠢᠷᠭ᠋ᠠᠯ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠪᠤᠯᠪᠠᠰᠤᠨ ᠬᠦᠬᠡᠬᠤᠲᠠ ᠵᠢᠨ ᠴᠤᠬ᠍ᠴᠠᠯᠠᠯᠳᠠ᠎ᠳᠤ ᠤᠷᠤᠯᠴᠠᠶ᠎ᠠ》 ᠭᠡᠬᠦ ᠯᠸᠢ ᠹᠸᠡᠭ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ
ᠴᠠᠢ ᠵᠢᠨ ᠰᠣᠶᠣᠯ ᠵᠶ᠋ᠠᠷ ᠡᠮᠡᠭᠲᠡᠢ᠌ᠴᠦᠳ᠎ᠤᠨ ᠥᠩᠭᠡ ᠭᠢᠯᠪᠠᠭ᠎ᠠ ᠵᠢ ᠭᠠᠢ᠌ᠬᠠᠭᠤᠯᠪᠠ — ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠴᠢᠨ᠎ᠤ ᠡᠪᠯᠡᠯ᠎ᠤᠨ᠎ᠬᠢᠨ 《3 .8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠢ᠌ᠴᠦᠳ᠎ᠤᠨ ᠪᠠᠶᠠᠷ᠎ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠳᠤᠮᠳᠠᠳᠤ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ ᠫᠢᠩ ᠨᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠢᠷᠡᠵᠦ ᠠᠵᠢᠯ ᠪᠠᠢ᠌ᠴᠠᠭ᠋ᠠᠨ ᠰᠣᠳᠤᠯᠵᠤ ᠵᠢᠭ᠋ᠠᠨ ᠵᠢᠯᠣᠭᠤᠳᠪᠠ
ᠦᠪᠡᠷᠳᠡᠬᠡᠨ ᠵᠠᠰᠠᠬᠤ ᠤᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ
 
            