ᠳᠤᠮᠳᠠᠳᠤ ᠤᠯᠤᠰ᠎ᠤᠨ ᠮᠣᠩᠭᠣᠯ ᠰᠡᠳᠭᠦᠯ᠎ᠤᠨ᠎ᠬᠢᠨ᠎ᠤ 《ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠰᠢᠨ᠎ᠡ ᠴᠠᠭ ᠡᠷᠢᠨ᠎ᠳᠤ ᠰᠢᠨ᠎ᠡ ᠵᠢᠳᠭᠦᠯ ᠦᠵᠡᠭᠦᠯᠰᠦᠭᠡᠢ》 ᠭᠣᠤᠯ ᠰᠡᠳᠦᠪᠲᠦ ᠪᠣᠯᠪᠠᠰᠤᠷᠠᠯ ᠪᠠ 37 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ 2023 ᠣᠨ 8 ᠳ᠋ᠤᠭ᠋ᠠᠷ ᠰᠠᠷ᠎ᠠ ᠵᠢᠨ 11—13᠎ᠤ ᠡᠳᠦᠷ ᠰᠢᠯᠢ ᠵᠢᠨ ᠭᠣᠤᠯ ᠠᠢ᠌ᠮᠠᠭ᠎ᠤᠨ ᠠᠪᠠᠭ᠎ᠠ ᠬᠣᠰᠢᠭᠤᠨ᠎ᠤ ᠪᠡᠯᠭᠦᠳᠡᠢ ᠪᠠᠯᠭ᠋ᠠᠰᠤᠨ᠎ᠳᠤ ᠶᠠᠪᠤᠭᠳᠠᠯ᠎ᠠ᠃ ᠲᠤᠰ ᠬᠤᠷᠠᠯ᠎ᠢ ᠳᠤᠮᠳᠠᠳᠤ ᠤᠯᠤᠰ᠎ᠤᠨ ᠮᠣᠩᠭᠣᠯ ᠰᠡᠳᠬᠦᠯ ᠰᠣᠳᠤᠯᠬᠤ ᠬᠤᠷᠠᠯ᠂ ᠥᠪᠥᠷ ᠮᠣᠩᠭᠣᠯ᠎ᠤᠨ ᠮᠣᠩᠭᠣᠯ ᠰᠡᠳᠬᠦᠯ ᠰᠣᠳᠤᠯᠬᠤ ᠬᠤᠷᠠᠯ᠎ᠤᠨ᠎ᠬᠢᠨ ᠭᠣᠤᠯᠯᠠᠨ ᠡᠷᠭᠢᠯᠡᠵᠦ᠂ ᠰᠢᠯᠢ ᠵᠢᠨ ᠭᠣᠤᠯ ᠠᠢ᠌ᠮᠠᠭ᠎ᠤᠨ ᠠᠪᠠᠭ᠎ᠠ ᠬᠣᠰᠢᠭᠤᠨ᠎ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠠᠪᠠᠭ᠎ᠠ ᠬᠣᠰᠢᠭᠤᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ᠎ᠬᠢᠨ ᠳᠠᠭ᠋ᠠᠭ᠋ᠠᠴᠢᠯᠠᠨ ᠡᠷᠬᠢᠯᠡᠪᠡ᠃ ᠠᠪᠠᠭ᠎ᠠ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠭᠠᠩᠴᠣᠭᠲᠤ᠂ ᠠᠪᠠᠭ᠎ᠠ ᠬᠣᠰᠢᠭᠤᠨ᠎ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠣᠪᠴᠢᠶᠠᠨ ᠳᠠᠷᠤᠭ᠎ᠠ ᠬᠠᠰᠪᠠᠭ᠋ᠠᠨᠠ ᠵᠡᠷᠭᠡ ᠤᠳᠤᠷᠢᠳᠤᠯᠭ᠎ᠠ ᠪᠣᠯᠤᠨ ᠲᠠᠯᠠᠭ᠋ᠠᠳ ᠰᠡᠳᠬᠦᠯᠴᠢ ᠬᠤᠷᠠᠯ᠎ᠳᠤ ᠣᠷᠤᠯᠴᠠᠪᠠ᠃
ᠬᠤᠷᠠᠯ ᠳᠡᠭᠡᠷ᠎ᠡ ᠠᠪᠠᠭ᠎ᠠ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠭᠠᠩᠴᠣᠭᠲᠤ ᠤᠭᠲᠤᠯᠭ᠎ᠠ ᠵᠢᠨ ᠶᠠᠷᠢᠶ᠎ᠠ ᠲᠠᠯᠪᠢᠵᠤ᠂ ᠦᠪᠦᠷ ᠮᠤᠩᠭᠤᠯ᠎ᠤᠨ ᠮᠣᠩᠭᠣᠯ ᠰᠡᠳᠭᠦᠯ ᠰᠣᠳᠤᠯᠬᠤ ᠬᠤᠷᠠᠯ᠎ᠤᠨ ᠳᠠᠷᠤᠭ᠎ᠠ᠂ ᠥᠪᠥᠷ ᠮᠣᠩᠭᠣᠯ᠎ᠤᠨ ᠵᠢᠷᠤᠭᠲᠤ ᠰᠡᠳᠭᠦᠯ᠎ᠤᠨ ᠬᠣᠷᠢᠶ᠎ᠠ ᠵᠢᠨ ᠬᠣᠷᠢᠶᠠᠨ ᠳᠠᠷᠤᠭ᠎ᠠ ᠪᠠᠶᠠᠨᠪᠤᠯᠠᠭ ᠰᠣᠳᠤᠯᠬᠤ ᠬᠤᠷᠠᠯ᠎ᠤᠨ ᠠᠵᠢᠯ ᠢ ᠳ᠋ᠦᠩᠨᠠᠪᠠ᠃ ᠲᠤᠰ ᠪᠤᠯᠪᠠᠰᠤᠷᠠᠯ᠎ᠳᠤ 《ᠦᠨᠳᠦᠰᠦᠲᠡᠨ᠎ᠤ ᠤᠳᠬ᠎ᠠ ᠵᠣᠬᠢᠶᠠᠯ》 ᠰᠡᠳᠭᠦᠯ᠎ᠤᠨ ᠨᠠᠢ᠌ᠷᠠᠭᠤᠯᠤᠭᠴᠢ ᠶᠦᠩ ᠬᠤᠸᠠ 《ᠡᠬᠡ ᠪᠢᠴᠢᠭ ᠨᠠᠢ᠌ᠷᠠᠭᠤᠯᠬᠤ ᠶᠠᠪᠤᠴᠠ᠎ᠳᠤ᠎ᠪᠠᠨ ᠦᠵᠡᠯ ᠤᠬᠠᠮᠰᠠᠷ᠎ᠤᠨ ᠠᠰᠠᠭᠤᠳᠠᠯ᠎ᠢ ᠬᠡᠷᠬᠢᠨ ᠰᠢᠢ᠍ᠳᠪᠤᠷᠢᠯᠡᠬᠦ ᠪᠤᠢ》 ᠰᠡᠳᠤᠪ ᠵᠶ᠋ᠠᠷ᠂ 《ᠳᠤᠮᠳᠠᠳᠤ ᠤᠯᠤᠰ᠎ᠤᠨ ᠮᠣᠩᠭᠣᠯ ᠰᠣᠳᠤᠯᠤᠯ》 ᠰᠡᠳᠭᠦᠯ᠎ᠤᠨ ᠶᠡᠷᠦᠩᠬᠡᠢ ᠨᠠᠢ᠌ᠷᠠᠭᠤᠯᠤᠭᠴᠢ ᠰᠠᠷᠠᠨ᠎ᠠ 《ᠦᠷᠭᠦᠯᠵᠢ ᠳᠣᠬᠢᠶᠠᠯᠳᠤᠬᠤ ᠨᠠᠢ᠌ᠷᠠᠭᠤᠯᠭ᠎ᠠ ᠬᠠᠷᠭᠤᠭᠤᠯᠭ᠎ᠠ ᠵᠢᠨ ᠠᠯᠳᠠᠭ᠎ᠠ ᠵᠢᠴᠢ ᠰᠢᠢ᠍ᠳᠪᠦᠷᠢᠯᠡᠬᠦ ᠠᠷᠭ᠎ᠠ》 ᠰᠡᠳᠤᠪ ᠵᠶ᠋ᠠᠷ ᠢᠯᠡᠳᠭᠡᠯ ᠬᠢᠵᠦ᠂ ᠰᠡᠳᠬᠦᠯ᠎ᠤᠨ ᠦᠵᠡᠯ ᠤᠬᠠᠮᠰᠠᠷ᠎ᠤᠨ ᠬᠢᠨᠠᠯᠲᠠ ᠬᠢᠭᠡᠳ ᠨᠠᠢ᠌ᠷᠠᠭᠤᠯᠭ᠎ᠠ ᠵᠢᠨ ᠲᠦᠪᠰᠢᠨ᠎ᠢ ᠲᠡᠭᠡᠭᠰᠢᠯᠡᠬᠦᠯᠬᠦ ᠠᠰᠠᠭᠤᠳᠠᠯ᠎ᠤᠨ ᠲᠤᠭᠤᠷᠢᠨ᠎ᠳᠤ ᠶᠠᠷᠢᠯᠴᠠᠭ᠎ᠠ ᠦᠷᠨᠢᠭᠦᠯᠪᠡ ᠃
ᠦᠪᠦᠷ ᠮᠤᠩᠭᠤᠯ᠎ᠤᠨ ᠮᠤᠩᠭᠤᠯ ᠰᠡᠳᠬᠦᠯ ᠰᠣᠳᠤᠯᠬᠤ ᠬᠤᠷᠠᠯ᠎ᠤᠨ᠎ᠬᠢᠨ ᠠᠪᠠᠭ᠎ᠠ ᠬᠣᠰᠢᠭᠤᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠎ᠳᠤ ᠨᠣᠮ ᠰᠡᠳᠭᠦᠯ ᠬᠠᠨᠳᠢᠪᠯᠠᠵᠦ᠂ ᠤᠷᠤᠨ ᠨᠤᠲᠤᠭ᠎ᠤᠨ ᠰᠤᠶᠤᠯ᠎ᠤᠨ ᠪᠦᠲᠦᠭᠡᠨ ᠪᠠᠢ᠌ᠭᠤᠯᠤᠯᠲᠠ᠎ᠳᠤ ᠲᠤᠰᠠ ᠪᠤᠯᠬᠤ ᠵᠢ ᠵᠤᠷᠢᠯ᠎ᠠ ᠃ ᠬᠤᠷᠠᠯ ᠲᠡᠭᠡᠷ᠎ᠡ ᠦᠪᠦᠷ ᠮᠤᠩᠭᠤᠯ᠎ᠤᠨ ᠵᠠᠯᠠᠭᠤᠴᠤᠳ ᠪᠠᠭ᠋ᠠᠴᠤᠳ᠎ᠤᠨ ᠦᠨᠳᠦᠰᠦᠲᠡᠨ᠎ᠤ ᠪᠦᠯᠬᠦᠮᠳᠡᠯ᠎ᠤᠨ ᠬᠦᠮᠦᠵᠢᠯ ᠦᠢ᠍ᠯᠡᠳᠦᠯᠭᠡ ᠵᠢᠨ ᠲᠦᠪ᠎ᠤᠨ ᠡᠷᠬᠢᠯᠡᠭᠴᠢ ᠡᠦ ᠵᠢᠨ ᠪᠤᠤ᠂ 〈ᠮᠤᠩᠭᠤᠯ ᠬᠡᠯᠡ ᠪᠢᠴᠢᠭ ᠰᠡᠳᠬᠦᠯ᠎ᠤᠨ ᠶᠡᠷᠦᠩᠬᠡᠢ ᠨᠠᠢ᠌ᠷᠠᠭᠤᠯᠤᠭᠴᠢ ᠪᠠᠶᠠᠨᠴᠡᠴᠡᠭ ᠂ 《ᠨᠡᠢ᠌ᠭᠡᠮ》 ᠰᠡᠳᠬᠦᠯ᠎ᠤᠨ ᠨᠠᠢ᠌ᠷᠠᠭᠤᠯᠤᠭᠴᠢ ᠡᠦ ᠬᠠᠢ ᠹᠸᠩ᠂ 《ᠵᠢᠷᠢᠮ᠎ᠤᠨ ᠤᠷᠠᠨ ᠵᠤᠬᠢᠶᠠᠯ》 ᠰᠡᠳᠬᠦᠯ᠎ᠤᠨ ᠨᠠᠢ᠌ᠷᠠᠭᠤᠯᠤᠭᠴᠢ ᠪᠤᠤ ᠵᠢᠨ ᠱᠠᠨ᠂ 《ᠴᠡᠴᠡᠭᠲᠦ ᠴᠠᠢ᠌ᠲᠠᠮ》 ᠰᠡᠳᠬᠦᠯ᠎ᠤᠨ ᠨᠠᠢ᠌ᠷᠠᠭᠤᠯᠤᠭᠴᠢ ᠲᠤᠩ ᠴᠤᠤᠷᠢᠶ᠎ᠠ᠂ 《ᠦᠨᠢᠷ ᠴᠡᠴᠡᠭ》 ᠰᠡᠳᠬᠦᠯ᠎ᠤᠨ ᠤᠤᠯ᠎ᠤᠨ ᠨᠠᠢ᠌ᠷᠠᠭᠤᠯᠤᠭᠴᠢ ᠦᠭᠡᠯᠡᠳ ᠪᠠᠭ᠋ᠠᠲᠤᠷ ᠵᠡᠷᠭᠡ 6 ᠬᠦᠮᠦᠨ ᠢ ᠭᠠᠪᠢᠶᠠᠲᠤ ᠨᠠᠢ᠌ᠷᠠᠭᠤᠯᠤᠭᠴᠢ᠎ᠪᠠᠷ᠂ 《ᠦᠷ᠎ᠤᠨ ᠴᠤᠯᠮᠤᠨ》 ᠰᠡᠳᠬᠦᠯ᠎ᠤᠨ ᠳᠡᠳ᠋ ᠶᠡᠷᠦᠩᠬᠡᠢ ᠨᠠᠢ᠌ᠷᠠᠭᠤᠯᠤᠭᠴᠢ ᠬᠤᠶᠠᠭ᠂ 《ᠲᠤᠷᠭ᠋ᠠᠨ ᠵᠢᠯᠤᠭᠤ》 ᠰᠡᠳᠬᠦᠯ᠎ᠤᠨ ᠶᠡᠷᠦᠩᠬᠡᠢ ᠨᠠᠢ᠌ᠷᠠᠭᠤᠯᠤᠭᠴᠢ ᠬᠠᠰᠡᠷᠳᠡᠨᠢ᠂ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ》 ᠰᠡᠳᠬᠦᠯ᠎ᠤᠨ ᠨᠠᠢ᠌ᠷᠠᠭᠤᠯᠤᠭᠴᠢ ᠲᠤᠶᠠᠭ᠎ᠠ᠂ 《ᠰᠢᠨᠵᠢᠯᠡᠬᠦ ᠤᠬᠠᠭ᠋ᠠᠨ ᠠᠮᠢᠳᠤᠷᠠᠯ》 ᠰᠡᠳᠬᠦᠯ᠎ᠤᠨ ᠨᠠᠢ᠌ᠷᠠᠭᠤᠯᠤᠭᠴᠢ ᠡ᠊ · ᠪᠤᠯᠤᠷ᠂ 《ᠦᠪᠦᠷ ᠮᠤᠩᠭᠤᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ》 ᠰᠡᠳᠬᠦᠯ᠎ᠤᠨ ᠨᠠᠢ᠌ᠷᠠᠭᠤᠯᠤᠭᠴᠢ ᠡᠷᠳᠡᠨᠢᠲ᠋ᠠᠨᠠ᠂ 《ᠴᠤᠮᠤᠷᠯᠢᠭ》 ᠰᠡᠳᠬᠦᠯ᠎ᠤᠨ ᠨᠠᠢ᠌ᠷᠠᠭᠤᠯᠤᠭᠴᠢ ᠱ᠌ᠢᠷᠦᠨᠬᠤᠸᠠᠷ᠂ 《ᠦᠢ᠍ᠯᠡᠳᠦᠯᠭᠡ》 ᠰᠡᠳᠬᠦᠯ᠎ᠤᠨ ᠨᠠᠢ᠌ᠷᠠᠭᠤᠯᠤᠭᠴᠢ ᠰᠡᠷᠵᠢᠬᠤᠷᠯᠤ᠂ 《ᠦᠨᠳᠦᠰᠦᠲᠡᠨ᠎ᠤ ᠰᠤᠨᠢᠨ ᠮᠡᠳᠡᠭᠡ ᠬᠡᠪᠯᠡᠯ ᠷᠠᠳᠢᠤ᠋ ᠲᠸᠯᠸᠢᠰ》 ᠰᠡᠳᠬᠦᠯ᠎ᠤᠨ ᠨᠠᠢ᠌ᠷᠠᠭᠤᠯᠤᠭᠴᠢ ᠪᠤᠯᠤᠷ᠂ ᠤᠤᠯ᠎ᠤᠨ 《ᠪᠠᠶᠠᠨ ᠭᠤᠤᠯ》 ᠰᠡᠳᠬᠦᠯ᠎ᠤᠨ ᠨᠠᠢ᠌ᠷᠠᠭᠤᠯᠤᠭᠴᠢ ᠲᠦᠯᠦᠮᠵᠠᠢ ᠵᠡᠷᠭᠡ 9 ᠬᠦᠮᠦᠨ᠎ᠢ ᠰᠢᠯᠢᠳᠡᠭ ᠨᠠᠢ᠌ᠷᠠᠭᠤᠯᠤᠭᠴᠢ᠎ᠪᠠᠷ ᠬᠦᠬᠢᠭᠦᠯᠪᠡ᠃ ᠬᠤᠷᠠᠯ᠎ᠤᠨ ᠬᠤᠭᠤᠴᠠᠭ᠋ᠠᠨ᠎ᠠ 《ᠠᠵᠠ ᠬᠡᠢ᠌ᠮᠦᠷᠢ᠎ᠲᠦ ᠠᠪᠠᠭ᠎ᠠ ᠬᠤᠰᠢᠭᠤ》 ᠢᠷᠠᠭᠤ ᠨᠠᠢ᠌ᠷᠠᠭ᠎ᠤᠨ ᠤᠷᠤᠯᠳᠤᠭ᠋ᠠᠨ᠎ᠤ ᠰᠢᠢ᠍ᠳᠪᠤᠷᠢᠲᠤ ᠤᠷᠤᠯᠳᠤᠭ᠋ᠠᠨ᠎ᠢ ᠶᠠᠪᠤᠭᠳᠠᠭᠤᠯᠵᠦ᠂ ᠮᠤᠩᠭᠤᠯ ᠬᠡᠯᠡᠨ᠎ᠤ ᠲᠤᠭᠤᠢ᠌ᠯᠠᠩ᠎ᠳᠤ ᠨᠠᠷᠠᠨᠴᠤᠭᠲᠤ ᠲᠡᠷᠢᠭᠦᠯᠡᠵᠦ᠂ ᠬᠢᠲᠠᠳ ᠬᠡᠯᠡᠨ᠎ᠤ ᠲᠤᠭᠤᠢ᠌ᠯᠠᠩ᠎ᠳᠤ ᠰᠢ᠊ · ᠭᠡᠭᠡᠨᠲᠤᠶᠠᠭ᠎ᠠ ᠲᠡᠷᠢᠭᠦᠯᠡᠯ᠎ᠡ᠃ ᠬᠤᠷᠠᠯ᠎ᠤᠨ ᠬᠤᠭᠤᠴᠠᠭ᠋ᠠᠨ᠎ᠠ ᠪᠠᠰᠠ ᠠᠪᠠᠭ᠎ᠠ ᠬᠣᠰᠢᠭᠤᠨ᠎ᠤ ᠨᠠᠢ᠌ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠶᠡᠬᠡ ᠨᠠᠭ᠋ᠠᠳᠤᠮ᠎ᠤᠨ ᠴᠢᠬᠤᠯᠠ ᠠᠵᠢᠯᠯᠠᠭ᠎ᠠ ᠪᠣᠯᠬᠤ ᠤᠷᠠᠨ ᠪᠢᠴᠢᠯᠭᠡ ᠵᠢᠨ ᠦᠵᠡᠰᠭᠦᠯᠡᠩ᠎ᠢ ᠰᠤᠨᠢᠷᠬᠠᠵᠦ᠂ ᠰᠢᠨ᠎ᠡ ᠬᠥᠳᠡᠭᠡ ᠲᠤᠰᠬᠤᠨ᠎ᠳᠤ ᠭᠦᠨᠵᠡᠭᠡᠢ᠌ᠷᠡᠵᠦ ᠵᠢᠱ᠌ᠢᠶᠡᠴᠢ ᠮᠠᠯᠴᠢᠳ᠎ᠤᠨ ᠠᠮᠢᠳᠤᠷᠠᠯ᠎ᠢ ᠰᠤᠷᠪᠤᠯᠵᠢᠯᠠᠨ᠂ ᠲᠤᠰᠬᠠᠢ ᠰᠡᠳᠤᠪᠲᠤ ᠨᠠᠮ᠎ᠤᠨ ᠬᠢᠴᠢᠶᠡᠯ ᠰᠣᠨᠤᠰᠪᠠ᠃