ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠦᠨᠳᠦᠰᠦᠨ ᠱᠠᠲᠤᠨ᠎ᠤ ᠣᠨᠣᠯ᠎ᠤᠨ ᠲᠦᠪᠰᠢᠨ᠎ᠢ ᠲᠡᠭᠡᠭᠰᠢᠯᠡᠬᠦᠯᠬᠦ ᠠᠷᠭ᠎ᠠ ᠵᠠᠮ᠎ᠢ ᠬᠠᠢ᠌ᠰᠤᠭ᠋ᠠᠢ
ᠨᠡᠶᠢᠲᠡᠯᠡᠭᠰᠡᠨ ᠴᠠᠭ᠄ 2023-11-22

    ᠦᠨᠳᠦᠰᠦᠨ ᠱᠠᠲᠤᠨ᠎ᠤ ᠣᠨᠣᠯ᠎ᠤᠨ  ᠲᠦᠪᠰᠢᠨ᠎ᠢ ᠲᠡᠭᠡᠭᠰᠢᠯᠡᠬᠦᠯᠬᠦ ᠪᠤᠯ ᠴᠠᠭ ᠦᠶ᠎ᠡ ᠵᠢᠨ᠂ ᠨᠡᠢ᠌ᠭᠡᠮ᠎ᠤᠨ  ᠤᠷᠤᠭᠰᠢᠯᠡᠯᠲᠡ ᠲᠠᠪᠰᠢᠯᠲᠡ ᠵᠢᠨ ᠱᠠᠭ᠋ᠠᠷᠲᠠᠯᠭ᠎ᠠ ᠮᠦᠨ᠃
    ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠮᠦᠨ᠃ ᠮᠥᠨ ᠴᠦ᠍ 21 ᠳ᠋ᠤᠭᠡᠷ ᠵᠠᠭᠤᠨ᠎ᠳᠤ᠎ᠬᠢ ᠮᠠᠷᠺᠰ᠎ᠤᠨ ᠦᠵᠡᠯ ᠮᠦᠨ᠃  ᠰᠢᠨ᠎ᠡ ᠴᠠᠭ ᠦᠶ᠎ᠡ᠎ᠳᠤ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠪᠦᠬᠦ ᠨᠠᠮ᠎ᠢ ᠵᠡᠪᠰᠡᠭᠯᠡᠬᠦ ᠪᠣᠯ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ ᠨᠠᠮ᠎ᠢ ᠵᠡᠪᠰᠡᠭᠯᠡᠬᠦ  ᠶᠠᠪᠤᠲᠠᠯ ᠪᠤᠯᠤᠨ᠎ᠠ᠃ ᠦᠨᠳᠦᠰᠦᠨ ᠱᠠᠲᠤᠨ᠎ᠤ ᠤᠨᠤᠯ ᠵᠶ᠋ᠠᠷ ᠵᠡᠪᠰᠡᠭᠯᠡᠬᠦ ᠠᠵᠢᠯ ᠢᠮᠠᠭᠲᠠ ᠦᠵᠡᠯ ᠤᠬᠠᠮᠰᠠᠷ᠎ᠤᠨ ᠬᠡᠯᠪᠡᠷᠢ ᠵᠢᠨ ᠡᠮᠦᠨ᠎ᠡ ᠹᠷᠣᠨᠲ᠎ᠲᠤ ᠪᠠᠢ᠌ᠷᠢᠯᠠᠵᠤ᠂ ᠤᠳᠤᠷᠢᠳᠬᠤ ᠺᠠᠳ᠋ᠷᠴᠤᠳ᠎ᠤᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠤᠨᠤᠯ᠎ᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠲᠠᠰᠤᠷᠠᠯᠳᠠ ᠦᠭᠡᠢ ᠴᠢᠩᠭ᠋ᠠᠳᠬᠠᠬᠤ ᠵᠢᠨ ᠬᠠᠮᠲᠤ ᠰᠢᠨ᠎ᠡ ᠵᠠᠭᠤᠴᠢᠯᠠᠭᠤᠷ᠎ᠤᠨ ᠰᠤᠷᠤᠯᠴᠠᠯᠭ᠎ᠠ ᠤᠬᠠᠭᠤᠯᠭ᠎ᠠ ᠵᠢ ᠭᠦᠨᠵᠡᠭᠡᠢ᠌ᠷᠡᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠪᠦᠬᠦ ᠨᠠᠮ᠎ᠢ ᠵᠡᠪᠰᠡᠭᠯᠡᠵᠦ᠂ ᠠᠷᠠᠳ ᠲᠦᠮᠡᠨ᠎ᠢ ᠬᠥᠮᠥᠵᠢᠭᠦᠯᠵᠦ ᠂ ᠦᠢ᠍ᠯᠡᠳᠦᠯᠭᠡ ᠵᠢ ᠵᠢᠯᠣᠭᠣᠳᠤᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ  ᠭᠦᠢ᠍ᠴᠡᠳᠬᠡᠬᠦ  ᠵᠢ ᠮᠠᠰᠢᠳᠠ ᠱᠠᠭ᠋ᠠᠷᠲᠠᠲᠠᠭ᠃
    ᠨᠢᠭᠡ ᠂ ᠰᠤᠷᠤᠯᠴᠠᠯᠭ᠎ᠠ ᠵᠢᠨ ᠭᠣᠣᠯᠳᠠᠯᠭ᠎ᠠ ᠵᠢ ᠡᠵᠡᠮᠳᠡᠵᠦ ᠰᠤᠷᠤᠯᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ  ᠤᠨᠤᠯ᠎ᠤᠨ ᠰᠤᠷᠤᠯᠴᠠᠯᠭ᠎ᠠ ᠵᠢᠨ  《ᠰᠢᠨ᠎ᠡ ᠬᠡᠪ ᠪᠠᠢ᠌ᠳᠠᠯ》 ᠎ᠢ ᠪᠤᠢ ᠪᠣᠯᠭ᠋ᠠᠬᠤ ᠬᠡᠷᠡᠭᠲᠡᠢ
    ᠨᠢᠭᠡ᠎ᠳᠤ᠂ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢ ᠴᠢᠩᠭ᠋ᠠᠳᠬᠠᠬᠤ᠎ᠪᠠᠷ ᠭᠣᠣᠯᠳᠠᠯᠭ᠎ᠠ ᠪᠣᠯᠭ᠋ᠠᠵᠤ᠂ ᠦᠨᠡᠨ ᠬᠦ᠌ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠨᠡᠪᠲᠡᠷᠡᠲᠡᠯ᠎ᠡ ᠣᠢ᠌ᠯᠠᠭ᠋ᠠᠬᠤ ᠬᠡᠷᠡᠭᠲᠡᠢ ᠃ ᠴᠠᠭ ᠦᠶ᠎ᠡ ᠵᠢᠨ  ᠤᠷᠤᠭᠰᠢᠯᠠᠯᠲᠡ ᠵᠢᠨ ᠴᠢᠭᠯᠡᠯ᠎ᠢ ᠳᠠᠭ᠋ᠠᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠭᠡᠬᠦ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠤᠳᠤᠷᠢᠳᠬᠤ ᠺᠠᠳ᠋ᠷᠴᠤᠳ᠎ᠤᠨ ᠨᠡᠢ᠌ᠳᠡᠮ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ᠂ ᠴᠢᠬᠤᠯᠠ ᠶᠡᠬᠡ ᠣᠨᠣᠯ᠎ᠤᠨ ᠠᠰᠠᠭᠤᠳᠠᠯ᠎ᠳᠤ ᠴᠢᠭᠯᠡᠭᠦᠯᠦᠨ᠂ ᠰᠤᠷᠤᠯᠴᠠᠬᠤ ᠲᠤᠰᠬᠠᠢ ᠰᠡᠳᠦᠪ ᠵᠶ᠋ᠡᠨ ᠨᠢᠮᠪᠠᠢ ᠰᠣᠩᠭᠣᠵᠤ᠂ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢ ᠲᠣᠬᠢᠷᠠᠭᠤᠯᠬᠤ ᠰᠠᠨᠠᠯ᠎ᠢ ᠬᠢᠨᠠᠮᠠᠭ᠋ᠠᠢ ᠲᠣᠭᠲᠠᠭ᠋ᠠᠵᠤ᠂ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠬᠤ ᠴᠠᠭ᠂ ᠠᠭᠤᠯᠭ᠎ᠠ᠂ ᠬᠡᠯᠪᠡᠷᠢ ᠵᠡᠷᠭᠡ᠎ᠳᠤ ᠰᠢᠰᠲ᠋ᠧᠮ᠎ᠲᠠᠢ ᠤᠷᠢᠳᠴᠢᠯᠠᠨ ᠲᠤᠬᠢᠷᠠᠭᠤᠯᠵᠤ  ᠰᠤᠷᠤᠯᠴᠠᠬᠤ ᠳᠤᠮᠳᠠ᠎ᠪᠠᠨ ᠥᠪᠡᠷ ᠵᠶ᠋ᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ᠂ ᠲᠤᠰᠬᠠᠢ ᠮᠡᠷᠭᠡᠵᠢᠯᠲᠡᠨ ᠵᠶ᠋ᠡᠷ ᠵᠢᠯᠤᠭᠤᠳᠤᠭᠤᠯᠬᠤ ᠪᠠ  ᠰᠠᠨᠠᠯ ᠵᠶ᠋ᠠᠨ ᠰᠣᠯᠢᠯᠴᠠᠨ ᠶᠠᠷᠢᠯᠴᠠᠬᠤ᠂ ᠤᠨᠤᠯ᠎ᠤᠨ ᠰᠤᠷᠤᠯᠴᠠᠯᠭ᠎ᠠ ᠦᠷᠨᠢᠬᠦᠯᠬᠦ ᠪᠠ ᠪᠠᠢ᠌ᠴᠠᠭ᠋ᠠᠨ ᠰᠤᠳᠤᠯᠤᠯᠲᠠ ᠬᠢᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠭ ᠵᠣᠬᠢᠶᠠᠯ᠎ᠢ ᠨᠠᠷᠢᠨ ᠬᠢᠨᠠᠮᠠᠭ᠋ᠠᠢ ᠤᠩᠰᠢᠵᠤ᠂ ᠤᠭ ᠵᠣᠬᠢᠶᠠᠯ᠎ᠢ ᠰᠤᠷᠤᠯᠴᠠᠵᠤ᠂ ᠤᠭ ᠶᠣᠰᠣ ᠵᠢ ᠣᠢ᠌ᠯᠠᠭ᠋ᠠᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠴᠢᠬᠤᠯᠠ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠬᠤ ᠬᠡᠷᠡᠭᠲᠡᠢ᠃
   ᠬᠣᠶᠠᠷ᠎ᠲᠤ᠂ ᠰᠤᠷᠤᠯᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠤᠨᠤᠯ᠎ᠤᠨ ᠰᠤᠷᠤᠯᠴᠠᠯᠭ᠎ᠠ ᠵᠢᠨ ᠵᠢᠷᠤᠮᠵᠢᠭᠤᠯᠵᠤ ᠪᠠᠢ᠌ᠡᠭᠭᠤᠵᠢᠭᠤᠯᠬᠤ ᠬᠡᠷᠡᠭᠲᠡᠢ᠃ ᠲᠥᠪ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠳᠦᠷᠢᠮ》 ᠪᠣᠯᠣᠨ ᠬᠣᠯᠪᠣᠭᠳᠠᠯ ᠪᠦᠬᠦᠢ ᠬᠡᠷᠡᠭᠵᠢᠭᠦᠯᠬᠦ ᠨᠠᠷᠢᠨ ᠳᠦᠷᠢᠮ᠎ᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠭᠠᠵᠠᠷ ᠣᠷᠣᠨ᠎ᠤ ᠪᠣᠳᠠᠲᠤ᠎ᠲᠠᠢ ᠤᠶᠠᠯᠳᠤᠭᠤᠯᠤᠨ ᠣᠨᠣᠯ᠎ᠤᠨ ᠰᠤᠷᠤᠯᠴᠠᠯᠭ᠎ᠠ ᠵᠢᠨ ᠭᠣᠣᠯ  ᠳᠤᠭᠤᠢ᠌ᠯᠠᠩ᠎ᠤᠨ ᠰᠤᠷᠤᠯᠴᠠᠯᠭ᠎ᠠ ᠵᠢᠨ ᠳᠦᠷᠢᠮ᠎ᠢ ᠲᠣᠭᠲᠠᠭ᠋ᠠᠨ ᠲᠡᠭᠦᠯᠳᠡᠷᠵᠢᠭᠦᠯᠵᠦ᠂ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ᠂ ᠰᠤᠷᠤᠯᠴᠠᠯᠭ᠎ᠠ ᠵᠢᠨ ᠠᠭᠤᠯᠭ᠎ᠠ᠂ ᠠᠷᠭ᠎ᠠ᠂ ᠴᠠᠭ ᠵᠡᠷᠭᠡ ᠲᠠᠯ᠎ᠠ᠎ᠪᠠᠷ ᠴᠢᠩᠭ᠎ᠠ ᠱᠠᠭ᠋ᠠᠷᠳᠠᠯᠭ᠎ᠠ ᠲᠠᠯᠪᠢᠵᠤ᠂ ᠰᠤᠷᠤᠯᠴᠠᠯᠭ᠎ᠠ ᠵᠢ ᠵᠢᠷᠤᠮᠵᠢᠭᠤᠯᠵᠤ ᠪᠠᠢ᠌ᠡᠭᠭᠤᠵᠢᠭᠤᠯᠬᠤ ᠬᠡᠷᠡᠭᠲᠡᠢ ᠃ 《ᠨᠢᠭᠡᠳᠦᠭᠡᠷ ᠭᠠᠷ》᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠋ᠠᠳᠬᠠᠨ᠎ᠠ᠃ ᠤᠨᠤᠯ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ᠎ᠳᠤ ᠭᠣᠣᠯ ᠤᠳᠤᠷᠢᠳᠤᠯᠭ᠎ᠠ ᠲᠦᠷᠦᠭᠦᠯᠡᠨ ᠥᠪᠡᠷ ᠵᠶ᠋ᠡᠨ ᠰᠤᠷᠤᠯᠴᠠᠵᠤ ᠂ ᠲᠦᠷᠦᠭᠦᠯᠡᠨ ᠭᠣᠣᠯᠳᠠᠯᠭ᠎ᠠ᠎ᠲᠠᠢ ᠶᠠᠷᠢᠶ᠎ᠠ ᠲᠠᠯᠪᠢᠵᠤ᠂ ᠲᠦᠷᠦᠭᠦᠯᠡᠨ ᠪᠠᠢ᠌ᠴᠠᠭ᠋ᠠᠨ ᠰᠤᠳᠤᠯᠵᠤ᠂ ᠲᠦᠷᠦᠭᠦᠯᠡᠨ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠢᠴᠢᠬᠦ ᠵᠢ ᠪᠡᠶᠡᠯᠡᠭᠦᠯᠬᠦ ᠬᠡᠷᠡᠭᠲᠡᠢ᠃ ᠭᠣᠣᠯ ᠤᠳᠤᠷᠢᠳᠤᠯᠭ᠎ᠠ ᠵᠢᠨ ᠳᠠᠭ᠋ᠠᠭᠤᠯᠭ᠎ᠠ᠎ᠪᠠᠷ ᠤᠨᠤᠯ ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠪᠦᠷᠢᠯᠳᠦᠭᠦᠨ ᠨᠠᠷ ᠤᠨᠤᠯ᠎ᠤᠨ ᠰᠤᠷᠤᠯᠴᠠᠯᠭ᠎ᠠ ᠵᠢ ᠦᠵᠡᠯ ᠰᠠᠨᠠᠭ᠋ᠠᠨ᠎ᠤ ᠲᠠᠯ᠎ᠠ᠎ᠪᠠᠷ ᠴᠢᠬᠤᠯᠠᠴᠢᠯᠠᠵᠤ᠂ ᠰᠤᠷᠤᠯᠴᠠᠬᠤ ᠳᠦᠷᠢᠮ᠎ᠢ ᠰᠤᠷᠤᠯᠴᠠᠬᠤ ᠲᠥᠯᠥᠪᠯᠡᠭᠡ ᠶᠣᠰᠣᠭ᠋ᠠᠷ ᠴᠢᠩᠭ᠎ᠠ ᠬᠡᠷᠡᠭᠵᠢᠭᠦᠯᠵᠦ᠂  ᠴᠢᠡᠭᠭ᠎ᠠ ᠨᠠᠢ᠌ᠳᠠᠪᠤᠷᠢᠵᠢᠭᠤᠯᠬᠤ ᠭᠡᠷᠡᠭᠲᠡᠢ᠃ ᠨᠠᠮ᠎ᠤᠨ ᠬᠣᠷᠢᠶᠠᠨ᠎ᠤ ᠭᠣᠣᠯ ᠤᠳᠤᠷᠢᠳᠤᠯᠭ᠎ᠠ ᠰᠤᠷᠤᠯᠴᠠᠯᠭ᠎ᠠ ᠵᠢᠨ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠪᠡᠶ᠎ᠡ᠎ᠪᠠᠷ ᠵᠶ᠋ᠡᠨ ᠬᠠᠷᠢᠭᠤᠴᠠᠵᠤ᠂ ᠤᠨᠤᠯ ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠵᠤ᠂ ᠰᠤᠷᠤᠯᠴᠠᠯᠭ᠎ᠠ ᠵᠢᠨ ᠳᠤᠮᠳᠠ᠎ᠪᠠᠨ ᠡᠷᠬᠡᠪᠰᠢ ᠰᠤᠷᠤᠯᠴᠠᠯᠭ᠎ᠠ ᠵᠢᠨ ᠨᠠᠷᠢᠨ ᠪᠢᠴᠢᠭᠡᠴᠢ ᠲᠤᠬᠢᠷᠠᠭᠤᠯᠵᠤ ᠂ ᠰᠤᠷᠤᠯᠴᠠᠯᠭ᠎ᠠ ᠵᠢᠨ ᠲᠡᠮᠳᠡᠭᠯᠡᠯ ᠬᠢᠯᠭᠡᠬᠦ ᠵᠢᠨ ᠬᠠᠮᠲᠤ ᠰᠤᠷᠤᠯᠴᠠᠯᠭ᠎ᠠ ᠵᠢᠨ ᠲᠡᠮᠳᠡᠭᠯᠡᠯ᠎ᠢ ᠡᠮᠬᠢᠳᠬᠡᠨ ᠳᠡᠪᠲᠡᠷᠯᠡᠬᠦ ᠪᠠ ᠲᠠᠨᠭ᠌ᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃ ᠰᠤᠷᠤᠯᠴᠠᠯᠭ᠎ᠠ ᠵᠢ ᠬᠢᠨᠠᠨ ᠰᠢᠯᠭ᠋ᠠᠬᠤ ᠲᠣᠭᠲᠠᠴᠠ ᠵᠢ  ᠲᠡᠬᠦᠯᠲᠡᠷᠵᠢᠬᠦᠯᠬᠦ ᠭᠡᠷᠡᠭᠲᠡᠢ᠃ ᠤᠨᠤᠯ ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢ ᠬᠢᠨᠠᠨ ᠰᠢᠯᠭ᠋ᠠᠬᠤ ᠲᠣᠭᠲᠠᠴᠠ ᠵᠢ ᠪᠠᠢ᠌ᠭᠤᠯᠵᠤ᠂ ᠤᠨᠤᠯ ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠬᠦᠴᠦᠯᠡᠨ  ᠪᠦᠷᠢᠯᠳᠤᠬᠦᠯᠬᠦ ᠭᠡᠷᠡᠭᠲᠡᠢ ᠃ ᠤᠨᠤᠯ ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ ᠤᠳᠠᠭ᠎ᠠ ᠪᠦᠷᠢ ᠲᠥᠪᠯᠡᠷᠡᠭᠦᠯᠦᠨ ᠰᠤᠷᠤᠯᠴᠠᠬᠤ᠎ᠠᠴᠠ ᠡᠮᠦᠨ᠎ᠡ ᠰᠤᠷᠤᠯᠴᠠᠬᠤ ᠲᠥᠰᠥᠯ᠎ᠢ  ᠲᠤᠭᠲᠠᠭ᠋ᠠᠵᠤ᠂ ᠪᠦᠷᠢᠯᠳᠦᠭᠦᠨ ᠪᠤᠯᠭ᠋ᠠᠨ᠎ᠳᠤ ᠮᠡᠳᠡᠭᠳᠡᠵᠦ᠂ ᠰᠤᠷᠤᠯᠴᠠᠬᠤ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ ᠃ ᠭᠣᠣᠯ ᠳᠤᠭᠤᠢ᠌ᠯᠠᠩ᠎ᠤᠨ ᠪᠦᠷᠢᠯᠳᠦᠭᠦᠨ ᠲᠥᠪᠯᠡᠷᠡᠭᠦᠯᠦᠨ ᠰᠤᠷᠤᠯᠴᠠᠬᠤ᠎ᠳᠤ ᠣᠷᠣᠯᠴᠠᠵᠤ ᠳᠡᠶ᠋ᠢᠯᠬᠦ ᠦᠭᠡᠢ ᠪᠤᠯ ᠴᠢᠯᠦᠭᠡ ᠭᠤᠶᠤᠬᠤ  ᠪᠢᠴᠢᠭ ᠲᠤᠰᠢᠶᠠᠬᠤ ᠬᠡᠷᠡᠭᠲᠡᠢ᠃ ᠡᠭᠦᠨ᠎ᠤ ᠬᠠᠮᠲᠤ ᠭᠣᠣᠯ ᠳᠤᠭᠤᠢ᠌ᠯᠠᠩ᠎ᠤᠨ ᠪᠦᠷᠢᠯᠳᠦᠭᠦᠨ ᠪᠤᠯᠭ᠋ᠠᠨ᠎ᠳᠤ ᠰᠤᠷᠤᠯᠴᠠᠯᠭ᠎ᠠ ᠵᠢᠨ ᠲᠠᠩᠰᠠ ᠡᠪᠬᠡᠮᠡᠯ ᠬᠢᠵᠤ ᠥᠭᠬᠦ ᠵᠢᠨ ᠬᠠᠮᠲᠤ ᠪᠦᠷᠢᠯᠳᠦᠭᠦᠨ᠎ᠤ ᠰᠤᠷᠤᠯᠴᠠᠯᠭ᠎ᠠ ᠎ᠳᠤ ᠤᠷᠤᠯᠴᠠᠭᠰᠠᠨ᠂ ᠲᠡᠮᠳᠡᠭᠯᠡᠯ ᠬᠢᠭᠰᠡᠨ᠂  ᠤᠢ᠌ᠯᠠᠭ᠋ᠠᠯᠲᠡ ᠲᠦᠷᠦᠭᠲᠡᠯ ᠪᠢᠴᠢᠭᠰᠡᠨ ᠵᠡᠷᠭᠡ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠬᠤ ᠪᠤᠶᠤ ᠰᠤᠭᠤᠴᠢᠨ ᠪᠠᠢ᠌ᠴᠠᠭ᠋ᠠᠵᠤ᠂  ᠬᠢᠨᠠᠨ ᠰᠢᠯᠭ᠋ᠠᠭᠰᠠᠨ ᠪᠠᠢ᠌ᠳᠠᠯ᠎ᠢ ᠣᠨ᠎ᠤ ᠦᠨᠡᠯᠡᠯᠲᠡ ᠵᠢᠨ ᠴᠢᠬᠤᠯᠠ ᠠᠭᠤᠯᠭ᠎ᠠ  ᠪᠤᠯᠭ᠋ᠠᠬᠤ ᠭᠡᠷᠡᠭᠲᠡᠢ᠃ ᠵᠢᠯ᠎ᠤᠨ ᠡᠴᠦᠰ᠎ᠲᠤ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠡᠮᠬᠢᠳᠭᠡᠬᠦ ᠭᠡᠷᠡᠭᠲᠡᠢ᠃
   ᠬᠣᠶᠠᠷ᠂ ᠦᠨᠳᠦᠰᠦᠨ ᠱᠠᠲᠤᠨ᠎ᠤ ᠬᠢᠴᠢᠶᠡᠯ᠎ᠤᠨ ᠲᠠᠩᠬᠢᠮ᠎ᠤᠨ ᠰᠤᠷᠤᠯᠴᠠᠯᠭ᠎ᠠ ᠵᠢᠨ ᠪᠠᠢ᠌ᠭᠤᠯᠤᠯᠲᠠ᠎ᠪᠠᠷ ᠰᠠᠭᠤᠷᠢ ᠪᠣᠯᠭ᠋ᠠᠵᠤ᠂ ᠤᠨᠤᠯ᠎ᠤᠨ ᠤᠬᠠᠭᠤᠯᠭ᠎ᠠ ᠵᠢᠨ  ᠬᠡᠪᠴᠢᠶ᠎ᠠ ᠵᠢ ᠲᠠᠰᠤᠷᠠᠯᠳᠡ ᠦᠭᠡᠢ ᠥᠷᠭᠡᠳᠬᠡᠬᠦ ᠬᠡᠷᠡᠭᠲᠡᠢ
    ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠤᠬᠠᠭᠤᠯᠤᠨ ᠲᠠᠢ᠌ᠯᠪᠤᠷᠢᠯᠠᠬᠤ ᠠᠵᠢᠯ᠎ᠤᠨ ᠲᠠᠯ᠎ᠠ᠎ᠪᠠᠷ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠵᠢ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠡᠯ᠎ᠡ ᠱᠠᠲᠤᠨ᠎ᠤ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ ᠵᠶ᠋ᠠᠷ ᠵᠢᠭᠰᠠᠭ᠋ᠠᠯ᠎ᠤᠨ ᠭᠠᠵᠠᠷ ᠪᠣᠯᠭ᠋ᠠᠵᠤ᠂ ᠤᠨᠤᠯ᠎ᠤᠨ ᠤᠬᠠᠭᠤᠯᠤᠨ ᠲᠠᠢ᠌ᠯᠪᠤᠷᠢᠯᠠᠯᠲᠠ ᠵᠢᠨ《ᠬᠠᠮᠤᠭ ᠰᠡᠭᠦᠯᠴᠢ ᠵᠢᠨ ᠨᠢᠭᠡ ᠺᠢᠯᠤᠮᠸᠲᠷ》᠎ᠢ ᠨᠡᠪᠲᠡᠷᠡᠭᠦᠯᠬᠦ᠎ᠪᠠᠷ ᠬᠠᠷᠠᠯᠲᠠ ᠪᠣᠯᠭ᠋ᠠᠵᠤ᠂ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠤᠨ ᠪᠠᠢ᠌ᠭᠤᠯᠤᠯᠲᠠ ᠵᠢ ᠢᠳᠡᠪᠬᠢᠲᠡᠢ ᠴᠢᠩᠭ᠋ᠠᠳᠬᠠᠵᠤ᠂ ᠬᠢᠴᠢᠶᠡᠯ᠎ᠤᠨ ᠲᠠᠩᠬᠢᠮ᠎ᠤᠨ ᠪᠠᠢ᠌ᠭᠤᠯᠤᠯᠲᠠ ᠵᠢᠨ ᠠᠵᠢᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠬᠦ ᠬᠡᠷᠡᠭᠲᠡᠢ᠃
    ᠨᠢᠭᠡ᠎ᠳᠤ᠂ ᠦᠨᠳᠦᠰᠦᠨ ᠱᠠᠲᠤᠨ᠎ᠤ ᠰᠤᠷᠤᠯᠴᠠᠬᠤ ᠬᠢᠴᠢᠶᠡᠯ᠎ᠤᠨ ᠲᠠᠩᠬᠢᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠬᠦ ᠬᠡᠷᠡᠭᠲᠡᠢ᠃  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠤᠳᠤᠷᠢᠳᠤᠯᠭ᠎ᠠ ᠵᠢᠨ ᠬᠠᠷᠢᠭᠤᠴᠠᠭᠰᠠᠨ ᠬᠢᠴᠢᠶᠡᠯ᠎ᠤᠨ ᠲᠠᠩᠬᠢᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ᠎ᠢ ᠪᠠᠶ᠋ᠢᠭᠤᠯᠬᠤ ᠬᠡᠷᠡᠭᠲᠡᠢ᠃  ᠭᠠᠴᠠᠭ᠎ᠠ ᠪᠠᠯᠭ᠋ᠠᠰᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠳᠤ ᠲᠦᠰᠢᠭᠯᠡᠨ᠂ ᠱᠦᠵᠢ ᠵᠢᠨ ᠶᠠᠷᠢᠶᠠᠨ᠎ᠤ ᠲᠠᠪᠴᠠᠩ᠂ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠦᠨᠳᠦᠰᠦᠨ ᠱᠠᠲᠤᠨ᠎ᠤ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠤᠨ ᠪᠦᠲᠦᠭᠡᠨ ᠪᠠᠢ᠌ᠭᠤᠯᠤᠯᠲᠠ ᠵᠢ ᠳᠠᠢ᠌ᠴᠢᠯᠠᠬᠤ ᠵᠢᠨ ᠬᠠᠮᠲᠤ ᠲᠣᠰᠬᠣᠨ᠂ ᠨᠡᠢ᠌ᠭᠡᠮ ᠲᠣᠭᠣᠷᠢᠭ ᠲᠠᠢ᠌ᠰᠢ ᠥᠷᠭᠡᠳᠬᠡᠬᠦ ᠬᠡᠷᠡᠭᠲᠡᠢ᠃ ᠡᠯ᠎ᠡ ᠱᠠᠲᠤᠨ᠎ᠤ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠨᠢ ᠲᠤᠰᠬᠠᠢ ᠬᠥᠮᠥᠨ ᠵᠶ᠋ᠡᠷ ᠣᠨᠣᠯ᠎ᠤᠨ ᠤᠬᠠᠭᠤᠯᠤᠨ ᠲᠠᠢ᠌ᠯᠪᠤᠷᠢᠯᠠᠬᠤ ᠵᠢ ᠵᠣᠬᠢᠶᠠᠨ ᠪᠠᠶ᠋ᠢᠭᠤᠯᠬᠤ ᠠᠵᠢᠯ᠎ᠢ ᠬᠠᠷᠢᠭᠤᠴᠠᠭᠤᠯᠵᠤ᠂ ᠤᠬᠠᠭᠤᠯᠤᠨ  ᠲᠠᠢ᠌ᠪᠤᠷᠢᠯᠠᠯᠲᠡ ᠵᠢᠨ ᠰᠡᠳᠦᠪ ᠰᠣᠩᠭᠣᠬᠤ᠂ ᠤᠬᠠᠭᠤᠯᠤᠨ  ᠲᠠᠢ᠌ᠯᠪᠤᠷᠢᠯᠠᠯᠲᠡ ᠵᠢᠨ ᠲᠡᠮᠳᠡᠭᠯᠡᠯ ᠬᠢᠬᠦ᠂ ᠳ᠋ᠦᠩᠨᠡᠵᠦ ᠳᠡᠭᠡᠭᠰᠢ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠵᠦ᠂ ᠤᠬᠠᠭᠤᠯᠤᠨ ᠲᠠᠢ᠌ᠯᠪᠤᠷᠢᠯᠠᠬᠤ ᠠᠵᠢᠯ᠎ᠢ ᠨᠠᠢ᠌ᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ  ᠵᠢ ᠪᠠᠳᠤᠯᠠᠬᠤ  ᠬᠡᠷᠡᠭᠲᠡᠢ᠃
    ᠬᠣᠶᠠᠷ᠎ᠲᠤ᠂ ᠤᠨᠤᠯ᠎ᠢ ᠤᠬᠠᠭᠤᠯᠤᠨ ᠲᠠᠢ᠌ᠯᠪᠤᠷᠢᠯᠠᠬᠤ ᠵᠢ ᠪᠦᠬᠦᠨ᠎ᠢ ᠪᠦᠷᠬᠦᠭᠦᠯᠬᠦ ᠵᠢ ᠴᠢᠷᠮᠠᠢ᠌ᠨ ᠠᠬᠢᠭᠤᠯᠬᠤ ᠬᠡᠷᠡᠭᠲᠡᠢ ᠃ ᠲᠣᠭᠣᠷᠢᠭ (ᠬᠣᠰᠢᠭᠤ ᠰᠢᠶᠠᠨ)᠎ᠤᠨ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠨᠢ ᠡᠯ᠎ᠡ ᠱᠠᠲᠤᠨ᠎ᠤ ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ᠎ᠢ ᠳᠠᠶ᠋ᠢᠴᠢᠯᠠᠨ ᠵᠣᠬᠢᠶᠠᠨ ᠪᠠᠢ᠌ᠭᠤᠯᠵᠤ 《ᠳᠥᠷᠪᠡᠨ ᠲᠡᠦᠬᠡ》᠂ 《ᠰᠢ ᠵᠢᠨ ᠫᠢᠩ ᠲᠥᠷᠥ ᠵᠢ ᠵᠠᠰᠠᠵᠤ ᠵᠠᠰᠠᠭ᠎ᠢ ᠡᠷᠭᠢᠯᠡᠬᠦ ᠲᠤᠬᠠᠢ ᠶᠠᠷᠢᠭᠰᠠᠨ᠎ᠨᠢ》 (ᠳᠥᠷᠪᠡᠳᠦᠭᠡᠷ ᠪᠣᠳᠢ)᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ  ᠪᠠᠳᠤᠳᠬᠠᠬᠤ ᠵᠡᠷᠭᠡ ᠲᠤᠰᠬᠠᠢ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠥᠷᠭᠡᠨ ᠲᠡᠯᠬᠡᠷ ᠦᠷᠨᠢᠬᠦᠯᠬᠦ ᠭᠡᠷᠡᠭᠲᠡᠢ᠃ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠬᠡ᠎ᠪᠠᠷ ᠲᠠᠢ᠍ᠢ᠍ᠴᠢᠯᠠᠵᠦ᠂ ᠵᠡᠷᠬᠡ᠎ᠪᠠᠷ ᠰᠤᠷᠤᠯᠴᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠨᠠᠮ᠎ᠤᠨ ᠭᠡᠰᠢᠭᠦᠨ ᠪᠤᠯᠭ᠋ᠠᠨ᠎ᠳᠤ ᠲᠠᠷᠤᠢ ᠤᠯᠠᠮᠵᠢᠯᠠᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠲᠠᠰᠤᠷᠠᠯᠳᠠ ᠦᠬᠡᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ᠃
     ᠭᠤᠷᠪᠠ᠎ᠳᠤ᠂ ᠤᠬᠠᠭᠤᠯᠤᠨ ᠲᠠᠢ᠌ᠯᠪᠤᠷᠢᠯᠠᠬᠤ ᠰᠠᠢ᠌ᠨ  ᠲᠤᠷᠠᠴᠤᠤᠯ᠎ᠤᠨ ᠡᠩᠨᠡᠭᠡ ᠵᠢ ᠬᠥᠭᠵᠢᠭᠦᠯᠬᠦ ᠬᠡᠷᠡᠭᠲᠡᠢ᠃ ᠤᠬᠠᠭᠤᠯᠤᠨ ᠲᠠᠢ᠌ᠯᠪᠤᠷᠢᠯᠠᠬᠤ ᠰᠠᠢ᠌ᠨ  ᠲᠤᠷᠠᠴᠤᠤᠯ ᠎ᠤᠨ ᠡᠩᠨᠡᠭᠡ ᠵᠢ ᠬᠥᠭᠵᠢᠭᠦᠯᠵᠦ᠂ ᠤᠯᠠᠨ ᠲᠦᠮᠡᠨ᠎ᠤ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠬᠣᠯᠪᠣᠭᠳᠠᠭᠰᠠᠨ ᠰᠠᠯᠠᠭ᠎ᠠ ᠮᠥᠴᠢᠷ ᠵᠶ᠋ᠡᠷ ᠭᠣᠣᠯ ᠪᠣᠯᠭ᠋ᠠᠵᠤ᠂ ᠠᠵᠤ ᠠᠬᠤᠢ ᠵᠢᠨ ᠦᠵᠡᠯ ᠰᠠᠨᠠᠭ᠎ᠠ ᠂ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠂ ᠬᠠᠤᠯᠢ ᠳᠦᠷᠢᠮ᠎ᠤᠨ ᠦᠵᠡᠯ ᠰᠠᠨᠠᠭ᠎ᠠ ᠵᠡᠷᠭᠡ ᠵᠢ ᠤᠬᠠᠭᠤᠯᠤᠨ ᠲᠠᠢ᠌ᠯᠪᠤᠷᠢᠯᠠᠬᠤ ᠵᠢ ᠥᠷᠭᠡᠨ ᠵᠶ᠋ᠡᠷ ᠥᠷᠨᠢᠭᠦᠯᠵᠦ᠂ ᠤᠬᠠᠭᠤᠯᠤᠨ ᠲᠠᠢ᠌ᠯᠪᠤᠷᠢᠯᠠᠬᠤ ᠵᠢ ᠵᠡᠷᠬᠡ᠎ᠪᠠᠷ ᠰᠢᠭᠤᠳ ᠨᠠᠪᠲᠠᠷᠡᠭᠦᠯᠵᠦ᠂ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠷ᠎ᠠ ᠪᠦᠷᠢ ᠲᠥᠯᠥᠪᠯᠡᠭᠡ ᠶᠣᠰᠣᠭ᠋ᠠᠷ ᠥᠷᠨᠢᠭᠦᠯᠬᠦ ᠬᠡᠷᠡᠭᠲᠡᠢ᠃ ᠤᠬᠠᠭᠤᠯᠤᠨ ᠲᠠᠢ᠌ᠯᠪᠤᠷᠢᠯᠠᠭᠴᠢ ᠠᠵᠢᠯ᠎ᠤᠨ ᠬᠠᠨᠳᠤᠯᠭ᠋ᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠬᠢᠯᠪᠠᠷ ᠣᠢ᠌ᠯᠠᠭ᠋ᠠᠮᠵᠢᠲᠠᠢ ᠦᠭᠡ ᠬᠡᠯᠡ᠎ᠪᠠᠷ ᠨᠠᠮ᠎ᠤᠨ ᠤᠨᠤᠯ᠎ᠤᠨ ᠰᠢᠨ᠎ᠡ ᠵᠢ ᠡᠭᠦᠳᠬᠦ᠎ᠠᠴᠠ ᠭᠠᠷᠳᠠᠵᠤ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ ᠪᠠ ᠲᠠᠷᠢᠶᠠᠴᠢᠨ ᠲᠦᠮᠡᠨ᠎ᠳᠤ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢ ᠲᠣᠳᠣᠷᠬᠠᠢ ᠶᠠᠷᠢᠵᠤ ᠂ ᠬᠠᠯᠠᠮᠰᠢᠯ ᠴᠡᠭ᠎ᠤᠨ ᠵᠢᠯᠣᠭᠣᠳᠤᠯᠭ᠎ᠠ᠂ ᠬᠦᠴᠢᠷ ᠠᠰᠠᠭᠤᠳᠠᠯ᠎ᠢ  ᠰᠢᠯᠤᠭᠤᠳᠬᠠᠬᠤ ᠵᠡᠷᠭᠡ  ᠲᠠᠯ᠎ᠠ᠎ᠪᠠᠷ ᠬᠦᠴᠦ ᠣᠷᠣᠭᠤᠯᠵᠤ᠂ ᠺᠠᠳ᠋ᠷ ᠤᠯᠠᠨ ᠲᠦᠮᠡᠨ᠎ᠤ ᠮᠠᠳᠠᠭ ᠡᠷᠡᠭᠡᠯᠵᠡᠬᠡ ᠵᠢ ᠠᠯᠲᠠᠷᠠᠭ᠋ᠠᠵᠤ ᠥᠭᠬᠦ ᠬᠡᠷᠡᠭᠲᠡᠢ᠃
    ᠭᠤᠷᠪᠠ᠂ ᠤᠨᠤᠯ ᠵᠶ᠋ᠠᠷ ᠵᠡᠪᠰᠡᠭᠯᠡᠬᠦ ᠠᠵᠢᠯ᠎ᠤᠨ ᠬᠠᠨᠳᠤᠯᠭ᠋ᠠᠲᠤ ᠴᠢᠨᠠᠷ ᠪᠠ ᠪᠦᠲᠦᠮᠵᠢᠲᠦ ᠴᠢᠨᠠᠷ᠎ᠢ ᠰᠢᠨ᠎ᠡ ᠵᠠᠭᠤᠴᠢᠯᠠᠭᠤᠷ ᠵᠶ᠋ᠡᠷ  ᠪᠡᠶᠡᠯᠡᠭᠦᠯᠬᠦ ᠬᠡᠷᠡᠭᠲᠡᠢ
    ᠰᠦᠯᠵᠢᠶ᠎ᠡ᠎ᠪᠠᠷ ᠠᠴᠢᠶᠠᠯᠠᠪᠤᠷᠢ ᠪᠣᠯᠭ᠋ᠠᠭᠰᠠᠨ ᠰᠢᠨ᠎ᠡ ᠵᠠᠭᠤᠴᠢᠯᠠᠭᠤᠷ ᠦᠵᠡᠯ ᠰᠠᠨᠠᠭ᠎ᠠ᠂ ᠮᠡᠳᠡᠭᠡ ᠵᠠᠩᠭᠢ ᠪᠠ ᠨᠡᠢ᠌ᠭᠡᠮ᠎ᠤᠨ ᠶᠠᠷᠢᠶ᠎ᠠ ᠬᠡᠯᠡᠯᠴᠡᠭᠡᠨ᠎ᠤ ᠭᠣᠣᠯ ᠲᠥᠪᠯᠡᠷᠡᠭᠦᠯᠦᠨ ᠲᠠᠷᠬᠠᠭ᠋ᠠᠬᠤ ᠭᠠᠵᠠᠷ ᠪᠣᠯᠵᠤ᠂ ᠬᠥᠮᠥᠰ᠎ᠤᠨ ᠮᠡᠳᠡᠭᠡ ᠵᠠᠩᠭᠢ ᠣᠯᠬᠤ ᠠᠷᠭ᠎ᠠ ᠂ ᠬᠡᠯᠪᠡᠷᠢ᠂  ᠵᠠᠮ᠎ᠢ ᠳᠠᠬᠢᠨ ᠰᠢᠨ᠎ᠡ᠎ᠪᠠᠷ ᠲᠣᠮᠢᠶᠠᠯᠠᠵᠤ᠂ ᠥᠪᠡᠷᠮᠢᠴᠡ ᠳᠠᠮᠵᠢᠭᠤᠯᠭ᠎ᠠ᠂ ᠪᠢᠴᠢᠯ ᠪᠦᠷᠭᠡ᠂  ᠸᠢᠴᠠᠲ᠂ ᠣᠬᠣᠷ ᠸᠢᠳᠢᠤ᠋  ᠪᠢᠴᠢᠯᠭᠡ᠎ᠨᠢ ᠨᠢᠭᠡᠨᠲᠡ ᠬᠥᠮᠥᠰ᠎ᠤᠨ ᠮᠡᠳᠡᠭᠡ ᠵᠠᠩᠭᠢ ᠣᠯᠬᠤ ᠵᠢᠨ ᠴᠢᠬᠤᠯᠠ ᠠᠷᠭ᠎ᠠ ᠵᠠᠮ ᠪᠤᠯᠤᠬᠰᠠᠨ ᠤᠷᠢᠳᠠᠯ ᠲᠤᠤᠷ᠎ᠠ ᠰᠢᠨ᠎ᠡ ᠵᠠᠭᠤᠴᠢᠯᠠᠭᠤᠷ᠎ᠢ ᠠᠰᠢᠭᠯᠠᠨ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠤᠬᠠᠭᠤᠯᠭ᠎ᠠ  ᠬᠢᠬᠦ᠎ᠨᠢ ᠬᠠᠨᠳᠤᠰᠢ ᠪᠣᠯᠵᠤ᠂ ᠰᠦᠯᠵᠢᠶ᠎ᠡ ᠪᠣᠯᠣᠨ ᠭᠠᠷ ᠤᠲᠠᠰᠤ᠎ᠪᠠᠷ ᠨᠢᠭᠡ ᠴᠣᠭᠴᠠᠵᠢᠭᠤᠯᠤᠭᠰᠠᠨ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠤᠬᠠᠭᠤᠯᠭ᠎ᠠ ᠵᠢᠨ ᠪᠠᠢ᠌ᠷᠢᠰᠢᠯ᠎ᠢ ᠪᠠᠶ᠋ᠢᠭᠤᠯᠬᠤ ᠵᠢ  ᠲᠤᠯᠭ᠋ᠠᠮ ᠱᠠᠭ᠋ᠠᠷᠳᠠᠵᠤ ᠪᠠᠢ᠌ᠨ᠎ᠠ᠃
     ᠨᠢᠭᠡ᠎ᠳᠤ᠂ ᠰᠢᠨ᠎ᠡ ᠵᠠᠭᠤᠴᠢᠯᠠᠭᠤᠷ ᠵᠶ᠋ᠡᠷ ᠤᠨᠤᠯ ᠎ᠢ ᠤᠬᠠᠭᠤᠯᠬᠤ ᠊ᠤ᠋ ᠬᠡᠷᠡᠭᠲᠡᠢ᠃ ᠲᠠᠯᠠᠢ ᠤᠯᠠᠨ ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ ᠮᠠᠨ᠎ᠤ ᠤᠨᠤᠯ᠎ᠤᠨ ᠤᠬᠠᠭᠤᠯᠭ᠎ᠠ ᠵᠢᠨ ᠲᠦᠷᠦᠯ᠎ᠤᠨ ᠮᠡᠳᠡᠭᠡ ᠵᠠᠩᠭᠢ ᠵᠢ ᠺᠠᠳ᠋ᠷ ᠤᠯᠠᠨ ᠲᠦᠮᠡᠨ᠎ᠳᠤ ᠤᠯᠤᠭᠤᠯᠬᠤ ᠵᠢᠨ ᠬᠠᠮᠳᠤ ᠲᠡᠳᠡᠨ᠎ᠢ ᠣᠷᠣᠯᠴᠠᠭᠤᠯᠬᠤ᠎ᠳᠤ ᠡᠷᠬᠡᠪᠰᠢ ᠤᠬᠠᠭᠤᠯᠤᠨ ᠳᠡᠯᠭᠡᠷᠡᠭᠦᠯᠬᠦ ᠠᠵᠢᠯ᠎ᠢ ᠴᠢᠬᠤᠯᠠᠴᠢᠯᠠᠬᠤ ᠬᠡᠷᠡᠭᠲᠡᠢ᠃ ᠬᠠᠢ᠌ᠯᠳᠠ ᠵᠢᠨ ᠰᠢᠰᠲᠸᠮ᠎ᠳᠤ ᠲᠠᠢ᠌ᠯᠪᠤᠷᠢ ᠬᠠᠲᠠᠬᠤ᠂  ᠬᠡᠯᠬᠢᠶᠠᠰᠤ᠎ᠪᠠᠨ ᠰᠤᠯᠢᠯᠴᠠᠬᠤ᠂ ᠰᠦᠯᠵᠢᠶᠡᠨ᠎ᠤ ᠬᠠᠶᠢᠭ ᠨᠡᠢ᠌ᠲᠡᠯᠡᠬᠦ᠂  ᠴᠠᠬᠢᠮ ᠴᠢᠮᠡᠬᠡ᠂ ᠭᠠᠷ ᠤᠲᠠᠰᠤᠨ᠎ᠤ ᠰᠣᠨᠢᠨ ᠵᠡᠷᠭᠡ ᠵᠢ ᠳᠡᠯᠭᠡᠷᠡᠭᠦᠯᠬᠦ᠎ᠪᠠᠷ ᠳᠠᠮᠵᠢᠭᠤᠯᠤᠨ ᠨᠥᠯᠥᠭᠡᠯᠡᠬᠦ ᠬᠦᠴᠦᠨ ᠵᠶ᠋ᠡᠨ ᠥᠷᠭᠡᠳᠬᠡᠵᠦ ᠪᠣᠯᠣᠨ᠎ᠠ᠃ ᠪᠠᠰᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠰᠢᠨ᠎ᠡ ᠵᠠᠭᠤᠴᠢᠯᠠᠭᠤᠷ᠎ᠤᠨ ᠡᠵᠡᠩᠨᠡᠯᠲᠡ ᠵᠢᠨ ᠬᠤᠳᠠᠯᠳᠤᠭ᠋ᠠᠴᠢᠨ᠂ ᠰᠢᠨ᠎ᠡ ᠵᠠᠭᠤᠴᠢᠯᠠᠭᠤᠷ ᠵᠶ᠋ᠠᠷ ᠲᠠᠪᠴᠠᠩ ᠪᠣᠯᠭ᠋ᠠᠨ ᠮᠡᠳᠡᠯᠭᠡ ᠵᠢᠨ ᠤᠷᠤᠯᠳᠤᠭ᠋ᠠᠨ᠂ ᠱᠠᠩᠨᠠᠯ᠎ᠲᠠᠢ  ᠤᠷᠤᠯᠳᠤᠭ᠋ᠠᠨ᠂ ᠬᠣᠷᠰᠢᠯᠴᠠᠬᠤ ᠲᠣᠭᠯᠠᠭ᠋ᠠᠮ᠂ ᠴᠠᠬᠢᠮ ᠴᠢᠮᠡᠭᠡ᠎ᠪᠠᠷ ᠣᠷᠣᠯᠴᠠᠬᠤ ᠠᠷᠭ᠎ᠠ ᠵᠢ ᠬᠠᠮᠲᠤᠷᠠᠨ ᠠᠬᠢᠭᠤᠯᠵᠤ᠂ ᠰᠢᠨ᠎ᠡ ᠵᠠᠭᠤᠴᠢᠯᠠᠭᠤᠷ ᠵᠶ᠋ᠠᠷ ᠲᠠᠪᠴᠠᠩ ᠪᠤᠯᠭ᠋ᠠᠨ ᠤᠨᠤᠯ᠎ᠤᠨ ᠰᠤᠷᠤᠯᠴᠠᠯᠭ᠎ᠠ ᠵᠢ ᠨᠡᠩ ᠳᠥᠭᠥᠮ ᠳᠥᠲᠡ᠂ ᠪᠦᠷᠬᠦᠴᠡ ᠵᠢ ᠨᠡᠩ ᠥᠷᠭᠡᠨ ᠳᠡᠯᠭᠡᠷ ᠪᠣᠯᠭ᠋ᠠᠵᠤ ᠪᠣᠯᠣᠨ᠎ᠠ᠃
    ᠬᠣᠶᠠᠷ᠎ᠲᠤ᠂ ᠤᠨᠤᠯ᠎ᠤᠨ ᠤᠬᠠᠭᠤᠯᠭ᠎ᠠ ᠵᠢᠨ ᠵᠣᠬᠢᠶᠠᠯ ᠪᠦᠲᠦᠭᠡᠯ᠎ᠢ ᠢᠯᠡᠭᠦᠬᠡᠨ ᠲᠤᠭᠤᠷᠪᠢᠬᠤ ᠬᠡᠷᠡᠭᠲᠡᠢ᠃ ᠠᠭᠤᠯᠭ᠎ᠠ᠎ᠪᠠᠷ ᠪᠠᠶᠠᠯᠢᠭ᠂ ᠦᠭᠡ᠎ᠨᠢ ᠲᠣᠪᠴᠢ ᠰᠠᠨᠠᠭ᠎ᠠ᠎ᠨᠢ ᠭᠦᠨ᠂ ᠠᠮᠢᠳᠤᠯᠢᠭ  ᠤᠷᠠᠨ ᠂ ᠦᠷ᠎ᠡ ᠪᠦᠲᠦᠮᠵᠢ ᠰᠠᠢ᠌ᠲᠠᠢ᠂ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ  ᠤᠨᠤᠯ᠎ᠤᠨ ᠤᠬᠠᠭᠤᠯᠭ᠎ᠠ ᠬᠥᠮᠦᠵᠢᠯ᠎ᠤᠨ ᠵᠥᠭᠡᠯᠡᠨ ᠲᠤᠨᠤᠭ᠂ ᠤᠯᠠᠨ ᠵᠠᠭᠤᠴᠢᠲᠤ ᠬᠢᠴᠢᠶᠡᠯ᠎ᠤᠨ ᠲᠤᠨᠤᠭ᠂ ᠣᠬᠣᠷ ᠮᠡᠳᠡᠭᠡ (  ᠪᠤᠳᠤᠭᠳᠤ ᠳᠦᠷᠰᠦᠲᠦ ᠮᠡᠳᠡᠭᠡ) ᠵᠢ ᠨᠢᠮᠪᠠᠢ ᠵᠣᠬᠢᠶᠠᠵᠤ᠂ ᠨᠠᠮ᠎ᠤᠨ ᠤᠨᠤᠯ ᠤᠬᠠᠭᠤᠯᠭ᠎ᠠ ᠵᠢᠨ ᠠᠵᠢᠯ᠎ᠢ ᠬᠢᠯᠪᠠᠷᠴᠢᠯᠠᠨ ᠬᠡᠷᠡᠭᠯᠡᠭᠡᠨ᠎ᠤ ᠪᠦᠬᠡᠳ ᠥᠪᠡᠷᠮᠢᠴᠡ ᠪᠣᠯᠭ᠋ᠠᠵᠤ᠂ ᠤᠯᠠᠨ ᠲᠦᠮᠡᠨ᠎ᠢ  ᠰᠠᠢ᠌ᠲᠤᠷ ᠤᠬᠠᠭᠤᠯᠤᠨ ᠲᠠᠢ᠍ᠢ᠍ᠴᠢᠯᠠᠵᠤ᠂ ᠤᠯᠠᠨ ᠲᠦᠮᠡᠨ᠎ᠢ ᠰᠤᠷᠭ᠋ᠠᠨ ᠬᠥᠮᠥᠵᠢᠭᠦᠯᠵᠦ᠂ ᠤᠯᠠᠨ ᠲᠦᠮᠡᠨ᠎ᠳᠤ ᠦᠢ᠍ᠯᠡᠴᠢᠯᠡᠬᠦᠯᠬᠦ ᠭᠡᠷᠡᠭᠲᠡᠢ᠃
    ᠭᠤᠷᠪᠠ᠎ᠳᠤ᠂  ᠲᠤᠰᠬᠠᠢ ᠰᠣᠳᠣᠨ ᠪᠤᠯᠤᠩ᠎ᠢ ᠪᠤᠢ ᠪᠣᠯᠭ᠋ᠠᠬᠤ ᠬᠡᠷᠡᠭᠲᠡᠢ᠃ ᠰᠣᠳᠣᠨ ᠪᠦᠲᠦᠭᠡᠯ᠎ᠤᠨ ᠦᠵᠡᠯ ᠤᠬᠠᠮᠰᠠᠷ᠎ᠢ ᠪᠣᠶ ᠪᠣᠯᠭ᠋ᠠᠵᠤ᠂ ᠰᠢᠨ᠎ᠡ ᠵᠠᠭᠤᠴᠢᠯᠠᠭᠤᠷ ᠵᠶ᠋ᠠᠷ ᠣᠨᠣᠯ᠎ᠤᠨ ᠤᠬᠠᠭᠤᠯᠭ᠎ᠠ ᠵᠢᠨ ᠠᠵᠢᠯ ᠬᠢᠬᠦ ᠶᠠᠰᠤ ᠴᠢᠨᠠᠷ᠎ᠢ  ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠵᠠᠭᠤᠴᠢᠯᠠᠭᠤᠷ ᠵᠶ᠋ᠠᠷ ᠲᠠᠪᠴᠠᠩ ᠪᠣᠯᠭ᠋ᠠᠭᠰᠠᠨ ᠤᠨᠤᠯ ᠤᠬᠠᠭᠤᠯᠭ᠎ᠠ ᠵᠢᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠡᠷᠬᠡᠪᠰᠢ ᠤᠨᠤᠯ ᠤᠬᠠᠭᠤᠯᠭ᠎ᠠ ᠵᠢᠨ ᠮᠡᠳᠡᠭᠡ ᠵᠠᠩᠭᠢ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠣᠳᠣᠨ ᠪᠦᠲᠦᠭᠡᠯ᠎ᠤᠨ ᠤᠬᠠᠮᠰᠠᠷ᠎ᠢ ᠪᠠᠲᠤ  ᠴᠤᠭᠴᠠᠯᠠᠨ᠂ ᠶᠡᠷᠦᠩᠬᠡᠢ᠌ᠯᠡᠭᠰᠡᠨ ᠴᠢᠨᠠᠷᠲᠠᠢ᠂ ᠳᠡᠭᠡᠳᠦ ᠲᠡᠰ ᠳᠠᠪᠬᠤᠷᠭ᠎ᠠ ᠵᠢᠨ ᠦᠵᠡᠯ ᠰᠠᠨᠠᠭ᠎ᠠ ᠤᠨᠤᠯ᠎ᠤᠨ ᠮᠡᠳᠡᠭᠡ ᠵᠠᠩᠭᠢ ᠵᠢ  ᠬᠥᠭᠵᠢᠭᠦᠯᠵᠦ᠂ ᠨᠠᠮ᠎ᠤᠨ ᠤᠨᠤᠯ᠎ᠤᠨ ᠤᠬᠠᠭᠤᠯᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠯᠠᠪᠯᠠᠯᠲᠠ ᠵᠢᠨ ᠦᠨ᠎ᠡ ᠦᠷᠳᠡᠭ᠎ᠢ ᠤᠯᠠᠮ ᠳᠡᠭᠡᠭᠰᠢᠯᠡᠭᠦᠯᠵᠦ᠂ ᠤᠨᠤᠯ᠎ᠤᠨ ᠤᠬᠠᠭᠤᠯᠭ᠎ᠠ ᠵᠢᠨ ᠠᠵᠢᠯ᠎ᠢ ᠪᠦᠲᠦᠮᠵᠢᠲᠡᠶ᠂ ᠡᠮᠬᠢ ᠵᠢᠷᠤᠮ᠎ᠲᠠᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃
     ᠲᠦᠷᠪᠠ᠎ᠳᠤ᠂ ᠪᠤᠲᠠᠳᠤ ᠦᠢ᠍ᠯᠡᠳᠤᠯᠭᠡ  ᠵᠢᠨ ᠲᠤᠮᠲᠡ ᠲᠤᠷᠰᠢᠯᠭ᠎ᠠ᠎ᠪᠠᠨ ᠴᠠᠭ ᠢᠮᠡᠭ᠍ᠲᠡ ᠳ᠋ᠦᠩᠨᠠᠵᠤ᠂ ᠠᠮᠵᠢᠯᠲᠡ᠎ᠳᠤ ᠬᠦᠷᠬᠦ ᠠᠷᠭ᠎ᠠ ᠵᠢ ᠪᠦᠬᠦ ᠲᠡᠯ᠎ᠡ᠎ᠪᠠᠷ ᠬᠠᠢ᠌ᠨ᠂ ᠦᠨᠳᠦᠰᠦᠨ ᠱᠠᠲᠤᠨ᠎ᠤ ᠣᠨᠣᠯ᠎ᠤᠨ ᠲᠦᠪᠰᠢᠨ᠎ᠢ  ᠲᠡᠭᠡᠭᠰᠢᠯᠡᠬᠦᠯᠬᠦ᠎ᠳᠤ ᠬᠦᠴᠦᠨ ᠴᠢᠲᠠᠯ ᠵᠶ᠋ᠠᠨ ᠵᠤᠷᠢᠭᠤᠯᠬᠤ ᠭᠡᠷᠡᠭᠲᠡᠢ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ ᠦᠪᠦᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠪᠦᠬᠦ ᠣᠷᠣᠨ᠎ᠤ 《ᠪᠦᠭᠦᠳᠡ ᠨᠠᠢ᠌ᠷᠠᠮᠳᠠᠬᠤ ᠳᠣᠮᠳᠠᠳᠣ ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠢ ᠪᠦᠳᠦᠭᠡᠨ ᠪᠠᠢ᠌ᠭᠤᠯᠬᠤ ᠬᠠᠤᠯᠢ》 ᠵᠢ ᠰᠤᠷᠤᠯᠴᠠᠨ ᠲᠤᠭᠤᠰᠢᠯᠠᠭᠤᠯᠬᠤ ᠪᠠ 《ᠦᠭᠬᠢᠶᠡᠮᠦᠷ ᠬᠠᠢ᠌ᠷ᠎ᠠ ᠵᠢᠨ ᠣᠮᠠᠷᠠᠲᠤ ᠬᠢᠯᠢ · ᠰᠠᠭ᠋ᠠᠳ ᠦᠭᠡᠢ ᠬᠠᠢ᠌ᠷ᠎ᠠ ᠬᠠᠯᠠᠮᠵᠢ 》 ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ
ᠳᠤᠮᠳᠠᠳᠤ ᠤᠯᠤᠰ᠎ᠤᠨ ᠮᠣᠩᠭᠣᠯ ᠰᠡᠳᠭᠦᠯ᠎ᠤᠨ᠎ᠬᠢᠨ᠎ᠤ 《ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠰᠢᠨ᠎ᠡ ᠴᠠᠭ ᠡᠷᠢᠨ᠎ᠳᠤ ᠰᠢᠨ᠎ᠡ ᠵᠢᠳᠭᠦᠯ ᠦᠵᠡᠭᠦᠯᠰᠦᠭᠡᠢ》 ᠬᠡᠮᠡᠬᠦ ᠭᠣᠤᠯ ᠰᠡᠳᠦᠪᠲᠦ ᠪᠣᠯᠪᠠᠰᠤᠷᠠᠯ ᠪᠠ 37 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ᠎ᠤᠨ᠎ᠬᠢᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠲᠠᠭ᠋ᠠᠷᠠᠭᠤᠯᠬᠤ ᠦᠢ᠍ᠯᠡᠴᠢᠯᠡᠭᠡ ᠵᠢᠨ ᠠᠵᠢᠯᠯᠠᠭ᠎ᠠ ᠥᠷᠨᠢᠭᠦᠯᠪᠡ
ᠰᠠᠯᠬᠢᠨ ᠰᠢᠭᠤᠷᠭ᠋ᠠᠨ᠎ᠢ ᠰᠥᠷᠦᠨ ᠮᠢᠩᠭ᠋ᠠᠨ ᠭᠠᠵᠠᠷ ᠠᠶᠠᠯᠠᠵᠤ ᠵᠡᠮᠳᠡᠭᠴᠦᠳ᠎ᠢ ᠲᠤᠰᠠᠯᠠᠨ ᠰᠡᠳᠭᠢᠯ᠎ᠢ᠎ᠨᠢ ᠳᠤᠯᠠᠭ᠋ᠠᠯᠠᠪᠠ
 
            