ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠪᠦᠬᠦ ᠣᠷᠣᠨ᠎ᠤ 《ᠪᠦᠭᠦᠳᠡ ᠨᠠᠢ᠌ᠷᠠᠮᠳᠠᠬᠤ ᠳᠣᠮᠳᠠᠳᠣ ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠢ ᠪᠦᠳᠦᠭᠡᠨ ᠪᠠᠢ᠌ᠭᠤᠯᠬᠤ ᠬᠠᠤᠯᠢ》 ᠵᠢ ᠰᠤᠷᠤᠯᠴᠠᠨ ᠲᠤᠭᠤᠰᠢᠯᠠᠭᠤᠯᠬᠤ ᠪᠠ 《ᠦᠭᠬᠢᠶᠡᠮᠦᠷ ᠬᠠᠢ᠌ᠷ᠎ᠠ ᠵᠢᠨ ᠣᠮᠠᠷᠠᠲᠤ ᠬᠢᠯᠢ · ᠰᠠᠭ᠋ᠠᠳ ᠦᠭᠡᠢ ᠬᠠᠢ᠌ᠷ᠎ᠠ ᠬᠠᠯᠠᠮᠵᠢ 》 ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ
ᠨᠡᠶᠢᠲᠡᠯᠡᠭᠰᠡᠨ ᠴᠠᠭ᠄ 2023-11-22

    ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 8 ᠳ᠋ᠤᠭ᠋ᠠᠷ ᠰᠠᠷ᠎ᠠ ᠵᠢᠨ 31᠎ᠤ ᠡᠳᠦᠷ ᠦᠪᠦᠷ ᠮᠣᠩᠭᠣᠯ᠎ᠤᠨ ᠮᠥᠽᠸᠢ ᠵᠢᠨ ᠡᠮᠦᠨ᠎ᠡ ᠲᠠᠯ᠎ᠠ᠎ᠳᠤ᠎ᠬᠢ ᠪᠣᠣ ᠳ᠋ᠢᠩ ᠠᠭᠤᠳᠠᠮ ᠲᠠᠯᠠᠪᠠᠢ᠎ᠳᠤ  ᠶᠠᠪᠤᠭᠳᠠᠭᠰᠠᠨ ᠪᠦᠬᠦ ᠣᠷᠣᠨ᠎ᠤ 《ᠪᠦᠭᠦᠳᠡ ᠨᠠᠢ᠌ᠷᠠᠮᠳᠠᠬᠤ ᠳᠣᠮᠳᠠᠳᠣ ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠢ ᠪᠦᠳᠦᠭᠡᠨ ᠪᠠᠢ᠌ᠭᠤᠯᠬᠤ ᠬᠠᠤᠯᠢ》 ᠵᠢ  ᠰᠤᠷᠤᠯᠴᠠᠨ ᠲᠤᠭᠤᠰᠢᠯᠠᠭᠤᠯᠬᠤ ᠪᠠ 《ᠦᠭᠬᠢᠶᠡᠮᠦᠷ ᠬᠠᠢ᠌ᠷ᠎ᠠ ᠵᠢᠨ ᠣᠮᠠᠷᠠᠲᠤ ᠬᠢᠯᠢ  · ᠰᠠᠭ᠋ᠠᠳ ᠦᠭᠡᠢ ᠬᠠᠢ᠌ᠷ᠎ᠠ  ᠬᠠᠯᠠᠮᠵᠢ 》 ᠨᠡᠢ᠌ᠲᠡ ᠵᠢᠨ ᠠᠰᠠᠷᠠᠮᠵᠢ ᠵᠢᠨ  ᠠᠵᠢᠯᠯᠠᠭ᠎ᠠ ᠵᠢᠨ   ᠡᠬᠢᠯᠡᠯᠲᠡ ᠵᠢᠨ ᠶᠣᠰᠣᠯᠠᠯ᠎ᠳᠤ  ᠣᠷᠣᠯᠴᠠᠪᠠ᠃
    ᠲᠣᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ  ᠬᠤᠯᠪᠤᠭ᠎ᠠ ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠰᠠᠷᠠᠮᠵᠢ ᠵᠢᠨ ᠰᠠᠭᠤᠷᠢ ᠮᠦᠩᠬᠦᠨ᠎ᠤ ᠨᠡᠢ᠌ᠭᠡᠮᠯᠢᠭ᠎ᠤᠨ᠎ᠬᠢᠨ ᠭᠣᠣᠯᠯᠠᠨ ᠡᠷᠬᠢᠯᠡᠵᠦ᠂ ᠬᠥᠬᠡᠬᠣᠲᠠ ᠵᠢᠨ ᠵᠡᠮᠳᠡᠭᠴᠦᠳ᠎ᠤᠨ ᠬᠤᠯᠪᠤᠭ᠎ᠠ ᠵᠢᠨ᠎ᠬᠢᠨ ᠬᠠᠮᠵᠢᠨ ᠡᠷᠬᠢᠯᠡᠪᠡ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠠᠵᠢᠯᠯᠠᠭ᠋ᠠᠨ᠎ᠤ ᠲᠠᠯᠠᠪᠦᠷ᠎ᠲᠤ  《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》 ᠪᠣᠯᠣᠨ ᠥᠪᠥᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠳᠠ᠎ᠳᠤ ᠲᠣᠬᠢᠷᠠᠬᠤ ᠦᠢ᠍ᠯᠡᠳᠬᠦᠨ᠎ᠤ ᠦᠵᠡᠬᠦᠯᠤᠯᠬᠡ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠤᠨ ᠲᠤᠬᠠᠢ ᠤᠬᠠᠭᠤᠯᠭ᠎ᠠ ᠵᠢᠨ ᠳᠡᠯᠭᠡᠨ ᠦᠵᠡᠭᠦᠯᠬᠦ ᠬᠠᠪᠲᠠᠰᠤ  ᠳᠣᠬᠢᠷᠠᠭᠤᠯᠬᠤ᠂ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠲᠠᠢ᠌ᠯᠪᠦᠷᠢᠯᠠᠨ ᠦᠵᠡᠭᠦᠯᠬᠦ ᠵᠡᠷᠭᠡ ᠣᠯᠠᠨ ᠠᠷᠭ᠎ᠠ᠎ᠪᠠᠷ ᠣᠯᠠᠨ ᠲᠦᠮᠡᠨ᠎ᠳᠤ ᠡᠷᠡᠭᠦᠯᠵᠢᠯ᠎ᠳᠤ ᠲᠤᠰᠠᠯᠠᠬᠤ ᠪᠠᠭ᠋ᠠᠵᠢ ᠪᠣᠯᠣᠨ ᠰᠠᠭ᠋ᠠᠳ ᠦᠭᠡᠢ ᠣᠷᠴᠢᠨ ᠲᠣᠭᠣᠷᠢᠨ᠎ᠤ ᠬᠠᠮᠢᠶ᠎ᠠ ᠪᠦᠬᠦᠢ ᠮᠡᠳᠡᠯᠭᠡ ᠵᠢ ᠲᠥᠭᠡᠮᠡᠯᠵᠢᠭᠦᠯᠦᠭᠡᠳ ᠴᠥᠬᠡᠨ ᠪᠣᠰᠣ ᠬᠦᠮᠦᠰ᠎ᠤᠨ ᠠᠩᠬᠠᠷᠤᠯ᠎ᠢ ᠳᠠᠲᠠᠵᠠᠢ᠃ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》 ᠪᠣᠯ ᠦᠪᠦᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠤ ᠬᠦᠴᠢᠷᠳᠡᠯᠲᠠᠢ ᠵᠡᠮᠳᠡᠭᠴᠦᠳ᠎ᠲᠤ ᠬᠠᠨᠲᠤᠭᠤᠯᠤᠨ ᠬᠡᠷᠡᠭᠵᠢᠭᠦᠯᠦᠭᠰᠡᠨ ᠵᠡᠮᠳᠡᠭᠴᠦᠳ᠎ᠲᠤ ᠠᠰᠢᠭᠲᠠᠢ ᠵᠡᠮᠳᠡᠭᠴᠦᠳ᠎ᠲᠤ ᠲᠤᠰᠠᠲᠠᠢ ᠠᠵᠢᠯᠯᠠᠭ᠎ᠠ ᠪᠣᠯᠣᠨ᠎ᠠ᠂ ᠭᠣᠣᠯ᠎ᠨᠢ ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠳᠠᠩᠰᠠ᠎ᠲᠠᠢ᠂ ᠵᠡᠮᠳᠡᠭᠴᠦᠳ᠎ᠤᠨ ᠦᠨᠡᠮᠯᠡᠯ᠎ᠲᠠᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ ᠬᠦᠮᠦᠰ᠂ ᠣᠨᠴᠠ ᠬᠦᠴᠢᠷᠳᠡᠯᠲᠠᠢ ᠬᠦᠮᠦᠰ᠂  ᠤᠷᠤᠯᠭ᠎ᠠ ᠪᠠᠭ᠎ᠠ  ᠡᠷᠦᠬᠡ ᠵᠢᠨ ᠵᠡᠮᠳᠡᠭᠴᠦᠳ ᠪᠣᠶᠣ ᠬᠤᠰᠢᠭᠤ ᠰᠢᠶᠠᠨ᠎ᠤ ᠳᠡᠰ᠎ᠠᠴᠠ ᠳᠡᠭᠡᠭᠰᠢᠬᠢ (ᠬᠤᠰᠢᠭᠤ ᠰᠢᠶᠠᠨ᠎ᠢ ᠪᠠᠭᠲᠠᠭ᠋ᠠᠨ᠎ᠠ) ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠳᠣᠭᠲᠠᠭ᠋ᠠᠭᠰᠠᠨ ᠪᠣᠰᠣᠳ ᠲᠥᠷᠥᠯ᠎ᠤᠨ ᠵᠡᠮᠳᠡᠭᠴᠦᠳ᠎ᠲᠤ ᠮᠡᠰᠡ ᠵᠠᠰᠠᠯ ᠬᠢᠵᠦ ᠵᠥᠭᠰᠢᠷᠡᠭᠦᠯᠬᠦ᠂ ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠵᠡᠷᠭᠡ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠬᠠᠩᠭ᠋ᠠᠳᠠᠭ᠎ᠢ ᠬᠦᠮᠦᠰ   ᠦᠵᠡᠭᠦᠯᠦᠯᠭᠡ ᠎ᠠᠴᠠ ᠣᠢ᠌ᠯᠠᠭ᠋ᠠᠯ᠎ᠠ᠃ ᠦᠪᠦᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠳᠠ᠎ᠳᠤ ᠲᠣᠬᠢᠷᠠᠬᠤ ᠦᠢ᠍ᠯᠡᠳᠬᠦᠨ᠎ᠤ ᠦᠵᠡᠬᠦᠯᠤᠯᠬᠡ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ ᠪᠣᠯ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠲᠤᠰᠠᠯᠠᠬᠤ᠂ ᠡᠮᠴᠢᠯᠡᠭᠡ᠂ ᠡᠷᠡᠭᠦᠯ ᠮᠡᠨᠳᠦ ᠵᠡᠷᠭᠡ  ᠬᠦᠷᠢᠶ᠎ᠡ ᠴᠠᠷᠠᠭ᠎ᠠ᠎ᠯᠤᠭ᠎ᠠ ᠭᠦᠨᠵᠡᠭᠡᠢ ᠠᠭᠤᠰᠤᠯᠴᠠᠭᠤᠯᠵᠤ᠂ ᠨᠠᠰᠤᠲᠠᠢ᠌ᠴᠤᠳ᠂ ᠵᠡᠮᠳᠡᠭᠴᠦᠳ᠂ ᠰᠢᠷᠬᠠᠲᠤᠭᠰᠠᠳ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠮᠠᠨ᠎ᠤ ᠣᠷᠣᠨ᠎ᠤ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ ᠪᠣᠯᠣᠨ ᠨᠠᠰᠤᠵᠢᠯ᠎ᠤᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠬᠦᠴᠦ ᠨᠡᠮᠡᠷᠢᠯᠡᠵᠦ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠦᠢ᠍ᠯᠡᠴᠢᠯᠡᠭᠡ ᠬᠢᠭᠡᠳ ᠨᠠᠰᠤᠵᠢᠯ᠎ᠤᠨ ᠦᠢ᠍ᠯᠡᠴᠢᠯᠡᠭᠡᠨ᠎ᠤ   ᠰᠢᠭᠢᠳᠭᠡᠯᠲᠦ ᠮᠠᠶᠢᠭ᠎ᠤᠨ ᠬᠥᠭᠵᠢᠯᠲᠡ ᠵᠢ ᠪᠡᠶᠡᠯᠡᠬᠦᠯᠬᠦ ᠵᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠢᠳᠡᠪᠬᠢᠲᠠᠢ ᠠᠬᠢᠭᠤᠯᠭ᠎ᠠ ᠎ᠪᠠᠷ  ᠡᠷᠡᠭᠦᠯᠵᠢᠯ᠎ᠳᠤ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠲᠤᠬᠢᠷᠠᠭᠤᠯᠵᠤ ᠦᠢ᠍ᠯᠡᠴᠢᠯᠡᠬᠦ᠂ ᠳᠡᠯᠭᠡᠨ ᠦᠵᠡᠭᠦᠯᠵᠦ ᠪᠡᠶᠡᠴᠢᠯᠡᠨ ᠤᠢ᠌ᠯᠠᠭ᠋ᠠᠭᠤᠯᠬᠤ᠂ ᠲᠦᠷᠢᠶᠡᠰᠤᠯᠡᠬᠦᠯᠬᠦ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠦᠨ ᠤᠬᠠᠭᠤᠯᠬᠤ᠂ ᠳᠡᠯᠭᠡᠷᠡᠭᠦᠯᠦᠨ ᠬᠡᠷᠡᠭᠯᠡᠬᠦ᠂ ᠠᠵᠤ ᠦᠢ᠍ᠯᠡᠰ᠎ᠢ ᠨᠡᠪᠴᠢᠭᠦᠯᠬᠦ ᠪᠠᠷᠢᠮᠵᠢᠶᠠᠵᠢᠭᠤᠯᠤᠭᠰᠠᠨ ᠥᠯᠢᠭᠡᠷ ᠳᠠᠭᠤᠷᠢᠶᠠᠯ ᠪᠦᠬᠦᠢ ᠢᠨᠵᠧᠨᠧᠷᠢᠩ ᠪᠣᠯᠭ᠋ᠠᠨ  ᠪᠠᠢ᠌ᠭᠤᠯᠤᠭᠰᠠᠨ ᠪᠢᠯᠡ᠃
   ᠲᠣᠰ ᠠᠵᠢᠯᠯᠠᠭ᠎ᠠ᠎ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠡᠦ ᠶᠠᠨ ᠭᠠᠩ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠤᠭ᠋ᠠᠲᠤ ᠬᠤᠷᠠᠯ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠲᠥᠩ ᠭᠦᠸᠸ ᠴᠢᠩ᠂ ᠬᠥᠬᠡᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠵᠢᠨ ᠴᠦᠨ ᠯᠢᠶᠠᠩ   ᠵᠡᠷᠭᠡ ᠤᠳᠤᠷᠢᠳᠤᠯᠭ᠎ᠠ ᠨᠠᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠦᠵᠡᠭᠦᠯᠦᠯᠭᠡ ᠵᠢ ᠲᠣᠭᠣᠷᠢᠨ ᠦᠵᠡᠵᠦ᠂ ᠲᠥᠪ᠎ᠤᠨ ᠠᠵᠢᠯᠲᠠᠳ᠎ᠤᠨ ᠲᠠᠨᠢᠯᠴᠠᠭᠤᠯᠭ᠎ᠠ ᠪᠣᠯᠣᠨ ᠲᠠᠢ᠌ᠯᠪᠦᠷᠢᠯᠠᠯᠲᠠ ᠵᠢ  ᠨᠢᠮᠪᠠᠢ ᠰᠣᠨᠣᠰᠣᠭ᠋ᠠᠳ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ᠎ᠤ ᠵᠡᠮᠳᠡᠭᠴᠦᠳ᠂ ᠨᠠᠰᠤᠲᠠᠢ᠌ᠴᠤᠳ᠎ᠲᠤ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠦᠢ᠍ᠯᠡᠴᠢᠯᠡᠭᠡ ᠬᠠᠩᠭ᠋ᠠᠭᠰᠠᠨ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠣᠳᠠᠯᠠᠪᠠ᠃
     《  ᠪᠦᠭᠦᠳᠡ ᠨᠠᠢ᠌ᠷᠠᠮᠳᠠᠬᠤ ᠳᠣᠮᠳᠠᠳᠣ  ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠢ ᠪᠦᠲᠦᠭᠡᠨ ᠪᠠᠢ᠌ᠭᠤᠯᠬᠤ ᠬᠠᠤᠯᠢ》 ᠵᠢ ᠠᠷᠪᠠᠨ ᠳᠥᠷᠪᠡᠳᠦᠭᠡᠷ ᠬᠣᠭᠣᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠠᠴᠠ 6 ᠳ᠋ᠤᠭ᠋ᠠᠷ ᠰᠠᠷ᠎ᠠ ᠵᠢᠨ 28᠎ᠤ ᠡᠳᠦᠷ ᠪᠠᠲᠤᠯᠠᠵᠦ᠂ ᠲᠣᠰ ᠬᠠᠤᠯᠢ ᠵᠢ 2023 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃ ᠲᠣᠰ ᠬᠠᠤᠯᠢ ᠵᠢ ᠰᠠᠭ᠋ᠠᠳ ᠦᠭᠡᠢ ᠣᠷᠴᠢᠨ ᠲᠣᠭᠣᠷᠢᠨ᠎ᠤ  ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠵᠡᠮᠳᠡᠭᠴᠦᠳ᠂ ᠨᠠᠰᠤᠲᠠᠢ᠌ᠴᠤᠳ᠎ᠤᠨ ᠡᠷᠬᠡ ᠳᠡᠭᠰᠢ᠂ ᠭᠦᠢ᠍ᠴᠡᠳ᠂ ᠳᠦᠭᠦᠮ ᠲᠥᠳᠡ᠎ᠪᠠᠷ ᠨᠡᠢ᠌ᠭᠡᠮ᠎ᠤᠨ ᠠᠮᠢᠳᠤᠷᠠᠯ᠎ᠳᠤ ᠣᠷᠣᠯᠴᠠᠨ ᠠᠭᠤᠰᠤᠯᠴᠠᠬᠤ ᠵᠢ ᠪᠠᠲᠤᠯᠠᠵᠤ᠂ ᠠᠵᠦ ᠠᠬᠤᠢ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠨᠡᠢ᠌ᠭᠡᠮ᠎ᠤᠨ ᠬᠦᠮᠦᠨ ᠪᠦᠷᠢ᠎ᠳᠤ ᠬᠠᠮᠲᠤ᠎ᠪᠠᠷ ᠡᠳ᠋ᠯᠡᠭᠦᠯᠬᠦ ᠵᠢ ᠡᠬᠢᠭᠤᠯᠤᠨ᠂ ᠨᠡᠢ᠌ᠭᠡᠮ ᠵᠢᠷᠦᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ ᠵᠢᠨ ᠲᠥᠯᠥᠭᠡ ᠳᠣᠭᠲᠠᠭ᠋ᠠᠭᠰᠠᠨ  ᠶᠤᠮ᠃
     ᠲᠣᠰ ᠠᠵᠢᠯᠯᠠᠭ᠎ᠠ᠎ᠪᠠᠷ ᠨᠡᠢ᠌ᠭᠡᠮ ᠲᠠᠶᠠᠭ᠋ᠠᠷ᠎ᠤᠨ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠤᠬᠠᠢ ᠲᠠᠨᠢᠯᠲᠠ ᠪᠣᠯᠣᠨ ᠣᠢ᠌ᠯᠠᠭ᠋ᠠᠯᠲᠠ ᠵᠢ ᠪᠦᠲᠦᠮᠵᠢᠲᠠᠢ  ᠳᠡᠭᠡᠭᠰᠢᠯᠡᠭᠦᠯᠵᠦ᠂ 《  ᠪᠦᠭᠦᠳᠡ ᠨᠠᠢ᠌ᠷᠠᠮᠳᠠᠬᠤ ᠳᠣᠮᠳᠠᠳᠣ  ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠢ ᠪᠦᠲᠦᠭᠡᠨ ᠪᠠᠢ᠌ᠭᠤᠯᠬᠤ ᠬᠠᠤᠯᠢ》 ᠵᠢ 9 ᠳ᠋ᠣᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ᠎ᠳᠤ ᠰᠠᠢ᠌ᠨ ᠰᠠᠢ᠌ᠬᠠᠨ ᠨᠡᠢ᠌ᠭᠡᠮ᠎ᠤᠨ ᠬᠥᠭ ᠠᠮᠢᠰᠬᠤᠯ᠎ᠢ  ᠪᠣᠢ ᠪᠣᠯᠭ᠋ᠠᠵᠤ᠂ ᠮᠠᠨ᠎ᠤ ᠣᠷᠣᠨ᠎ᠤ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠰᠠᠭ᠋ᠠᠳ ᠦᠭᠡᠢ ᠦᠢ᠍ᠯᠡᠴᠢᠯᠡᠭᠡ ᠵᠢᠨ ᠳᠥᠪᠰᠢᠨ᠎ᠢ ᠳᠡᠭᠡᠭᠰᠢᠯᠡᠭᠦᠯᠬᠦ᠎ᠳᠤ ᠢᠳᠡᠪᠬᠢᠲᠠᠢ ᠦᠢ᠍ᠯᠡᠳᠦᠯ ᠦᠵᠡᠬᠦᠯᠬᠦ ᠪᠤᠯᠤᠨ᠎ᠠ᠃


 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠮᠣᠩᠭᠣᠯ ᠰᠡᠳᠭᠦᠯ᠎ᠤᠨ᠎ᠬᠢᠨ᠎ᠤ 《ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠰᠢᠨ᠎ᠡ ᠴᠠᠭ ᠡᠷᠢᠨ᠎ᠳᠤ ᠰᠢᠨ᠎ᠡ ᠵᠢᠳᠭᠦᠯ ᠦᠵᠡᠭᠦᠯᠰᠦᠭᠡᠢ》 ᠬᠡᠮᠡᠬᠦ ᠭᠣᠤᠯ ᠰᠡᠳᠦᠪᠲᠦ ᠪᠣᠯᠪᠠᠰᠤᠷᠠᠯ ᠪᠠ 37 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ᠎ᠤᠨ᠎ᠬᠢᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠲᠠᠭ᠋ᠠᠷᠠᠭᠤᠯᠬᠤ ᠦᠢ᠍ᠯᠡᠴᠢᠯᠡᠭᠡ ᠵᠢᠨ ᠠᠵᠢᠯᠯᠠᠭ᠎ᠠ ᠥᠷᠨᠢᠭᠦᠯᠪᠡ
ᠰᠠᠯᠬᠢᠨ ᠰᠢᠭᠤᠷᠭ᠋ᠠᠨ᠎ᠢ ᠰᠥᠷᠦᠨ ᠮᠢᠩᠭ᠋ᠠᠨ ᠭᠠᠵᠠᠷ ᠠᠶᠠᠯᠠᠵᠤ ᠵᠡᠮᠳᠡᠭᠴᠦᠳ᠎ᠢ ᠲᠤᠰᠠᠯᠠᠨ ᠰᠡᠳᠭᠢᠯ᠎ᠢ᠎ᠨᠢ ᠳᠤᠯᠠᠭ᠋ᠠᠯᠠᠪᠠ
ᠤᠷᠠᠨ ᠪᠦᠲᠦᠭᠡᠯ᠎ᠤᠨ ᠮᠢᠨᠢ ᠤᠨᠠᠭ᠋ᠠᠨ ᠪᠠᠭᠤᠴᠠ
ᠬᠥᠬᠡᠬᠣᠲᠠ ᠵᠢᠨ ᠬᠣᠶᠠᠷ ᠪᠤᠶᠤ ᠭᠤᠷᠪᠠᠨ ᠬᠡᠦᠬᠡᠳ ᠠᠪᠤᠭᠰᠠᠨ ᠭᠡᠷ ᠪᠦᠯᠢ᠎ᠳᠤ ᠨᠢᠬᠡ ᠯᠨ ᠤᠳᠠᠭ᠎ᠠ ᠦᠭᠭᠦ ᠬᠡᠦᠬᠡᠳ ᠦᠰᠬᠡᠬᠦ ᠨᠦᠬᠦᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ
 
            