《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠡᠷᠡᠭᠵᠢᠭᠦᠯᠦᠯᠲᠡ ᠵᠢ ᠠᠬᠢᠭᠤᠯᠵᠦ᠂ ᠪᠦᠬᠦ ᠣᠷᠣᠨ᠎ᠤ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠤᠰᠬᠠᠢ ᠮᠡᠷᠭᠡᠵᠢᠯᠲᠡᠨ᠎ᠤ ᠡᠩᠨᠡᠭᠡ ᠵᠢᠨ ᠪᠠᠢ᠌ᠭᠤᠯᠤᠯᠲᠠ ᠵᠢ ᠲᠦᠷᠬᠡᠳᠬᠡᠨ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠣᠬᠢᠷᠠᠭᠤᠯᠤᠯᠲᠠ ᠵᠢ ᠤᠨᠤᠴᠠᠳᠠᠢ ᠪᠦᠬᠡᠳ ᠨᠠᠷᠢᠯᠢᠭ ᠪᠤᠯᠭ᠋ᠠᠬᠤ ᠵᠢᠨ ᠲᠥᠯᠥᠭᠡ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 7 ᠳ᠋ᠤᠭ᠋ᠠᠷ ᠰᠠᠷ᠎ᠠ ᠵᠢᠨ 31᠎ᠠᠴᠠ 8 ᠳ᠋ᠤᠭ᠋ᠠᠷ ᠰᠠᠷ᠎ᠠ ᠵᠢᠨ 3 ᠪᠣᠯᠲᠠᠯ᠎ᠠ ᠬᠥᠬᠡᠬᠣᠲᠠ᠎ᠳᠤ 2023 ᠣᠨ᠎ᠤ ᠪᠦᠬᠦ ᠣᠷᠣᠨ᠎ᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠯ᠎ᠡ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠲᠥᠰᠦᠯ᠎ᠢ ᠬᠠᠷᠢᠭᠤᠴᠠᠵᠦ ᠪᠣᠢ ᠨᠦᠬᠦᠳ ᠪᠣᠯᠣᠨ ᠬᠡᠰᠡᠭ ᠬᠤᠰᠢᠭᠤ ᠰᠢᠶᠠᠨ (ᠬᠣᠲᠠ᠂ ᠲᠣᠭᠣᠷᠢᠭ)᠎ᠤ ᠬᠠᠮᠢᠶ᠎ᠠ ᠪᠦᠬᠦᠢ 52 ᠠᠵᠢᠯᠲᠠᠨ ᠪᠣᠯᠪᠠᠰᠤᠷᠠᠯ᠎ᠳᠤ ᠣᠷᠣᠯᠴᠠᠵᠠᠢ᠃
ᠪᠣᠯᠪᠠᠰᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠴᠢᠶᠣᠣ ᠯᠢ ᠷᠦᠩ᠂ ᠤᠯᠤᠰ᠎ᠤᠨ ᠡᠷᠡᠭᠦᠯᠵᠢᠯ᠎ᠤᠨ ᠲᠥᠪ᠎ᠤᠨ ᠡᠷᠡᠭᠦᠯᠵᠢᠯ᠎ᠤᠨ ᠡᠮᠨᠡᠯᠭᠡ ᠵᠢᠨ ᠬᠣᠷᠢᠶᠠᠨ᠎ᠤ ᠡᠷᠬᠢᠯᠡᠭᠴᠢ ᠸᠠᠩ ᠵᠸᠨ ᠵᠢᠶᠦ᠋ᠨ ᠪᠣᠯᠣᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠬᠠᠮᠢᠶ᠎ᠠ ᠪᠦᠬᠦᠢ ᠠᠵᠢᠯᠲᠠᠨ᠎ᠢ ᠤᠷᠢᠵᠤ᠂ ᠭᠣᠣᠯᠳᠠᠭᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠲᠥᠷᠥ ᠵᠢᠨ ᠪᠣᠳᠣᠯᠭ᠎ᠠ ᠪᠣᠯᠣᠨ ᠮᠥᠴᠢ᠂ ᠰᠣᠨᠣᠷ᠂ ᠬᠢᠮᠡᠯ ᠮᠥᠴᠢ᠂ ᠵᠥᠭᠰᠢᠷᠡᠭᠦᠯᠬᠦ ᠪᠠᠭ᠋ᠠᠵᠢ᠎ᠲᠠᠢ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢ ᠲᠠᠢ᠌ᠯᠪᠤᠷᠢᠯᠠᠭᠤᠯᠵᠠᠢ᠃
ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠤᠬᠠᠢ ᠣᠢ᠌ᠯᠠᠭ᠋ᠠᠯᠲᠠ ᠵᠢ ᠨᠡᠩ ᠭᠦᠨᠵᠡᠭᠡᠢ᠌ᠷᠡᠭᠦᠯᠬᠦ ᠵᠢᠨ ᠲᠤᠰᠠᠲᠠ ᠪᠣᠯᠪᠠᠰᠤᠷᠠᠯ᠎ᠳᠤ ᠣᠷᠣᠯᠴᠠᠭᠰᠠᠳ᠎ᠢ ᠵᠣᠬᠢᠶᠠᠨ ᠪᠠᠢ᠌ᠭᠤᠯᠵᠤ ᠦᠪᠦᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠳᠣᠬᠢᠷᠠᠬᠤ ᠦᠢ᠍ᠯᠡᠳᠭᠦᠨ᠎ᠤ ᠦᠵᠡᠭᠦᠯᠦᠯᠭᠡ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ ᠪᠣᠯᠣᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠬᠦᠷᠴᠦ ᠲᠣᠭᠣᠷᠢᠨ ᠦᠵᠡᠬᠦᠯᠪᠡ᠃ ᠲᠡᠳᠡ ᠡᠯ᠎ᠡ ᠵᠦᠢ᠍ᠯ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠦᠢ᠍ᠯᠡᠳᠦᠯ ᠴᠢᠳᠠᠪᠬᠢ ᠪᠣᠯᠣᠨ ᠬᠡᠷᠡᠭᠯᠡᠯᠲᠡ ᠵᠢ ᠲᠤᠷᠰᠢᠨ ᠣᠢ᠌ᠯᠠᠭ᠋ᠠᠵᠤ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠪᠣᠳᠠᠲᠤ ᠬᠡᠷᠡᠭᠯᠡᠭᠡᠨ᠎ᠤ ᠪᠠᠢ᠌ᠳᠠᠯ᠎ᠢ ᠲᠣᠭᠣᠷᠢᠨ ᠦᠵᠡᠭᠡᠳ ᠡᠮᠴᠢᠯᠡᠭᠡᠨ᠎ᠤ ᠡᠷᠡᠭᠦᠯᠵᠢᠯ᠂ ᠬᠢᠮᠡᠯ ᠮᠥᠴᠢ᠂ ᠵᠥᠭᠰᠢᠷᠡᠭᠦᠯᠬᠦ ᠪᠠᠭ᠋ᠠᠵᠢ᠂ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠬᠤ ᠪᠠ ᠬᠠᠮᠠᠭ᠋ᠠᠯᠠᠬᠤ᠂ ᠶᠠᠪᠤᠵᠦ ᠰᠠᠭᠤᠬᠤ᠂ ᠭᠡᠷ ᠵᠠᠭᠤᠷ᠎ᠠ ᠵᠢᠨ ᠠᠵᠢᠯ᠂ ᠴᠢᠮᠡᠭᠡ ᠬᠣᠯᠪᠣᠭ᠎ᠠ ᠪᠠᠷᠢᠬᠤ ᠲᠥᠷᠥᠯ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ᠎ᠢ ᠭᠦᠨᠵᠡᠭᠡᠢ ᠣᠢ᠌ᠯᠠᠭ᠋ᠠᠵᠠᠢ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠪᠣᠯᠪᠠᠰᠤᠷᠠᠯ᠎ᠳᠤ ᠣᠷᠣᠯᠴᠠᠭᠰᠠᠳ ᠡᠷᠡᠭᠦᠯᠵᠢᠯ᠎ᠳᠤ ᠲᠤᠰᠠᠯᠠᠬᠤ ᠪᠠᠭ᠋ᠠᠵᠢ ᠪᠣᠯᠣᠨ ᠬᠥᠯ ᠵᠥᠭᠰᠢᠷᠡᠭᠦᠯᠬᠦ ᠪᠠᠭ᠋ᠠᠵᠢ ᠬᠡᠷᠡᠭᠰᠡᠯ᠎ᠤᠨ ᠬᠥᠭᠵᠢᠯᠲᠡ ᠵᠢᠨ ᠶᠠᠪᠤᠴᠠ᠂ ᠦᠢ᠍ᠯᠡᠳᠬᠦ ᠤᠷ᠎ᠠ ᠮᠡᠷᠭᠡᠵᠢᠯ᠂ ᠬᠡᠷᠡᠭᠯᠡᠬᠦ ᠠᠷᠭ᠎ᠠ ᠪᠠᠷᠢᠯ ᠪᠣᠯᠣᠨ ᠬᠠᠮᠢᠶ᠎ᠠ ᠪᠦᠬᠦᠢ ᠠᠵᠢᠯ᠎ᠤᠨ ᠮᠡᠳᠡᠯᠭᠡ ᠵᠡᠷᠭᠡ ᠵᠢ ᠲᠣᠭᠣᠷᠢᠨ ᠦᠵᠡᠵᠦ ᠰᠤᠷᠤᠯᠴᠠᠪᠠ᠃
8 ᠳ᠋ᠤᠭ᠋ᠠᠷ ᠰᠠᠷ᠎ᠠ ᠵᠢᠨ 3᠎ᠤ ᠦᠳᠡ ᠵᠢᠨ ᠬᠣᠢ᠌ᠨᠠᠬᠢ ᠶᠠᠷᠢᠯᠴᠠᠯᠭ᠎ᠠ ᠳᠡᠭᠡᠷ᠎ᠡ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠲᠥᠰᠥᠯ᠎ᠤᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ᠂ ᠣᠨᠣᠴᠠᠲᠠᠢ ᠰᠢᠭᠰᠢᠨ ᠪᠠᠢ᠌ᠴᠠᠭ᠋ᠠᠯᠲᠠ᠂ ᠳᠠᠩᠰᠠ ᠡᠪᠬᠡᠮᠡᠯ᠎ᠤᠨ ᠬᠠᠮᠢᠶᠠᠷᠤᠯᠲᠠ᠂ ᠬᠠᠮᠢᠶᠠᠷᠤᠯᠲᠠ᠎ᠪᠠᠨ ᠴᠢᠩᠭ᠋ᠠᠳᠬᠠᠬᠤ ᠠᠰᠠᠭᠤᠳᠠᠯ᠎ᠤᠨ ᠲᠤᠭᠤᠷᠢᠨ᠎ᠳᠤ ᠲᠤᠷᠰᠢᠯᠭ᠎ᠠ᠎ᠪᠠᠨ ᠰᠣᠯᠢᠯᠴᠠᠨ ᠠᠰᠠᠭᠤᠳᠠᠯ᠎ᠢ ᠰᠣᠳᠣᠯᠣᠨ ᠶᠠᠷᠢᠯᠴᠠᠵᠤ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠤᠳᠤᠷᠢᠳᠤᠯᠭ᠎ᠠ ᠪᠣᠯᠣᠨ ᠭᠣᠣᠯ ᠶᠠᠷᠢᠭᠴᠢ ᠵᠠᠳᠠᠯᠤᠨ ᠲᠠᠢ᠌ᠯᠪᠦᠷᠢᠯᠠᠵᠦ ᠥᠭᠪᠡ᠃
《ᠲᠣᠰ ᠪᠣᠯᠪᠠᠰᠤᠷᠠᠯ᠎ᠤᠨ ᠴᠠᠭ᠎ᠨᠢ ᠠᠪᠰᠠᠷᠬᠠᠨ᠂ ᠡᠮᠬᠢ ᠵᠢᠷᠤᠮ᠎ᠲᠠᠢ᠂ ᠵᠢᠭ᠋ᠠᠨ ᠰᠤᠷᠭ᠋ᠠᠯᠲᠠ ᠵᠢᠨ ᠬᠡᠯᠪᠡᠷᠢ᠎ᠨᠢ ᠠᠮᠢᠳᠤᠯᠢᠭ᠂ ᠠᠭᠤᠯᠭ᠎ᠠ᠎ᠨᠢ ᠪᠠᠶᠠᠯᠢᠭ᠃ ᠡᠷᠡᠭᠦᠯᠵᠢᠯ᠎ᠳᠤ ᠲᠤᠰᠠᠯᠠᠬᠤ ᠪᠠᠭ᠋ᠠᠵᠢ᠎ᠨᠢ ᠬᠡᠷᠡᠭᠴᠡᠭᠡ ᠱᠠᠭ᠋ᠠᠷᠳᠠᠯᠭ᠎ᠠ ᠪᠦᠬᠦᠢ ᠬᠦᠮᠦᠰ᠎ᠲᠤ ᠬᠡᠴᠢᠨᠡᠬᠡᠨ ᠴᠢᠬᠤᠯᠠ ᠪᠠᠢ᠌ᠳᠠᠭ ᠭᠡᠳᠡᠭ᠎ᠢ ᠪᠢᠳᠡ ᠤᠯᠠᠮ ᠰᠠᠢ᠌ᠨ ᠲᠠᠨᠢᠬᠰᠠᠨ᠂ ᠡᠨᠡ᠎ᠨᠢ 〈ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ〉 ᠲᠥᠰᠥᠯ᠎ᠤᠨ ᠵᠣᠬᠢᠴᠠᠭᠤᠯᠬᠤ᠂ ᠵᠣᠯᠭ᠋ᠠᠭᠤᠯᠬᠤ ᠪᠣᠯᠣᠨ ᠵᠡᠮᠳᠡᠭᠴᠦᠳ᠎ᠢ ᠪᠦᠷᠢᠳᠭᠡᠬᠦ ᠠᠵᠢᠯ᠎ᠢ ᠰᠠᠢ᠌ᠲᠤᠷ ᠬᠢᠬᠦ᠎ᠳᠤ ᠰᠠᠢ᠌ᠨ ᠠᠷᠭ᠎ᠠ ᠵᠠᠮ ᠬᠠᠩᠭ᠋ᠠᠵᠤ᠂ ᠰᠡᠳᠬᠢᠭᠦᠢ ᠵᠢ ᠨᠡᠭᠡᠭᠡᠵᠠᠢ᠃ ᠵᠡᠮᠳᠡᠭᠴᠦᠳ᠎ᠲᠤ ᠦᠢ᠍ᠯᠡᠴᠢᠯᠡᠬᠦ ᠴᠢᠳᠠᠪᠦᠷᠢ ᠵᠢᠨ ᠪᠠᠢ᠌ᠭᠤᠯᠤᠯᠲᠠ᠎ᠪᠠᠨ ᠳᠠᠰᠤᠷᠠᠯᠲᠠ ᠦᠭᠡᠢ ᠳᠡᠭᠡᠭᠰᠢᠯᠡᠬᠦᠯᠵᠦ᠂ 〈ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ 〉᠎ᠢ ᠦᠨᠡᠨ ᠬᠦ᠌ ᠨᠠᠢ᠌ᠳᠠᠪᠤᠷᠢᠵᠢᠭᠤᠯᠵᠤ᠂ ᠬᠦᠴᠢᠷᠳᠡᠯ᠎ᠲᠠᠢ ᠵᠡᠮᠳᠡᠭᠴᠦᠳ᠎ᠲᠤ ᠨᠡᠩ ᠰᠢᠯᠢᠳᠡᠭ᠂ ᠨᠡᠩ ᠣᠨᠣᠴᠠᠲᠠᠢ ᠦᠢ᠍ᠯᠡᠴᠢᠯᠡᠭᠡ ᠬᠠᠩᠭ᠋ᠠᠨ᠎ᠠ》 ᠭᠡᠵᠦ ᠪᠣᠯᠪᠠᠰᠤᠷᠠᠯ᠎ᠳᠤ ᠣᠷᠣᠯᠴᠠᠭᠰᠠᠳ ᠶᠠᠷᠢᠵᠠᠭ᠋ᠠᠵᠤ ᠪᠠᠢ᠌ᠯ᠎ᠠ᠃