ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 8 ᠳ᠋ᠤᠭ᠋ᠠᠷ ᠰᠠᠷ᠎ᠠ᠎ᠶᠢᠨ 2᠎ᠤᠨ ᠡᠳᠦᠷ 2023 ᠣᠨ᠎ᠤ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠎ᠢ ᠲᠤᠬᠢᠷᠠᠭᠤᠯᠬᠤ ᠪᠠ 《ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠠᠢ ᠠᠵᠢᠯ ᠬᠢᠬᠦ》 ᠵᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠦᠨᠤ ᠵᠢᠯ᠎ᠤᠨ ᠭᠣᠣᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ ᠪᠠ ᠲᠠᠰ ᠳᠡᠪᠰᠢᠭᠦᠯᠬᠦ ᠠᠵᠢᠯ᠎ᠤᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠢ ᠪᠥᠬᠥ ᠲᠠᠯ᠎ᠠ᠎ᠪᠠᠷ ᠳ᠋ᠦᠩᠨᠡᠵᠦ᠂ ᠲᠠᠷᠠᠭ᠋ᠠᠴᠢ ᠵᠢᠨ ᠠᠵᠢᠯ ᠵᠶ᠋ᠠᠨ ᠪᠠᠢ᠌ᠷᠢᠯᠠᠭᠤᠯᠪᠠ᠃
ᠬᠤᠷᠠᠯ᠎ᠠᠴᠠ ᠵᠢᠭ᠋ᠠᠬᠰᠠᠨ᠎ᠨᠢ᠂ ᠦᠨᠤ ᠵᠢᠯ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠠ ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠣᠨ᠎ᠤ ᠳᠡᠰ ᠳᠡᠪᠰᠢᠬᠦ ᠬᠠᠷᠠᠯᠲᠠ ᠪᠣᠯᠣᠨ ᠭᠣᠣᠯᠳᠠᠯᠭ᠋ᠠᠲᠤ ᠠᠵᠢᠯ᠎ᠤᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠦᠨᠳᠤᠰᠤᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡᠨ᠎ᠤ ᠲᠤᠰᠢᠶᠠᠯ ᠬᠠᠷᠢᠭᠤᠴᠠᠯᠭ᠎ᠠ ᠵᠢ ᠨᠡᠩ ᠰᠠᠢ᠌ᠲᠤᠷ ᠭᠦᠢ᠍ᠴᠡᠳᠬᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠴᠢᠭᠯᠡᠯ ᠬᠠᠷᠠᠯᠲᠠ ᠵᠢ ᠨᠡᠩ ᠲᠣᠳᠣᠷᠬᠠᠢ ᠪᠣᠯᠭ᠋ᠠᠵᠤ᠂ ᠠᠵᠢᠯ᠎ᠤᠨ ᠪᠠᠷᠢᠴᠨ ᠨᠡᠩ ᠬᠦᠴᠦᠲᠡᠢ᠂ ᠰᠢᠨ᠎ᠡ ᠵᠢ ᠡᠬᠦᠳᠴᠤ ᠲᠠᠭ᠋ᠠᠭᠤᠯᠬᠤ ᠦᠢ᠍ᠯᠡᠳᠤᠯ᠎ᠨᠢ ᠨᠡᠩ ᠲᠣᠪᠣᠢ᠌ᠮ᠎ᠠ ᠪᠣᠯᠵᠤ᠂ ᠲᠠᠪᠴᠠᠩ᠎ᠤᠨ ᠠᠴᠢᠶᠠᠯᠠᠪᠤᠷᠢ ᠨᠡᠩ ᠪᠠᠶᠠᠯᠢᠬ᠍ᠵᠢᠭ᠋ᠠᠳ᠂ ᠬᠦᠭᠵᠢᠬᠦᠯᠤᠯᠳᠡ ᠵᠢᠨ ᠰᠠᠭᠤᠷᠢ ᠵᠢ ᠨᠡᠩ ᠪᠠᠳᠤᠳᠬᠠᠬᠰᠠᠨ ᠵᠶ᠋ᠡᠷ ᠪᠦᠬᠦ ᠲᠠᠯ᠎ᠠ᠎ᠪᠠᠷ ᠠᠬᠢᠵᠤ᠂ ᠪᠦᠬᠦᠯᠢ ᠴᠣᠭᠴᠠ᠎ᠪᠠᠷ ᠵᠶ᠋ᠠᠨ ᠲᠡᠭᠡᠭᠰᠢᠯᠡᠭᠰᠡᠨ ᠰᠠᠢ᠌ᠨ ᠪᠠᠢ᠌ᠳᠠᠯ ᠢᠯᠡᠷᠡᠯ᠎ᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠲᠤᠬᠠᠢ ᠲᠣᠭᠲᠠᠭ᠋ᠠᠯ᠎ᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠭᠣᠣᠯᠳᠠᠯᠭ᠋ᠠᠲᠤ ᠠᠵᠢᠯ᠎ᠤᠨ ᠪᠦᠬᠦ ᠤᠯᠤᠰ᠎ᠤᠨ 《ᠰᠢᠯᠢᠳᠡᠭ》᠎ᠢ ᠶᠡᠷᠦᠩᠬᠡᠢ᠌ᠯᠡᠨ ᠦᠨᠡᠯᠡᠬᠦ ᠬᠠᠷᠠᠯᠲᠠ ᠵᠢ ᠦᠷᠭᠦᠯᠵᠢᠯᠡᠨ ᠪᠠᠲᠤᠯᠠᠬᠤ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠲᠥᠷᠥᠯ ᠵᠦᠢ᠍ᠯ ᠵᠶ᠋ᠡᠷ ᠲᠤᠯᠭ᠋ᠠᠭᠤᠷᠯᠠᠬᠤ ᠵᠢ ᠪᠠᠷᠢᠮᠲᠠᠯᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠡᠯ᠎ᠡ ᠵᠦᠢ᠍ᠯ᠎ᠤᠨ ᠭᠣᠣᠯᠳᠠᠯᠭ᠋ᠠᠲᠤ ᠠᠵᠢᠯ᠎ᠤᠨ ᠬᠤᠷᠳᠤᠴᠠ ᠵᠢ ᠲᠦᠷᠬᠡᠳᠬᠡᠨ ᠶᠠᠰᠤ ᠴᠢᠨᠠᠷ᠎ᠢ ᠴᠢᠡᠭᠭ᠋ᠠᠷᠠᠭᠤᠯᠵᠤ ᠦᠷ᠎ᠡ ᠪᠦᠲᠦᠮᠵᠢ ᠵᠢ ᠲᠡᠭᠡᠭᠰᠢᠯᠡᠬᠦᠯᠤᠨ᠂ ᠲᠠᠰ ᠳᠡᠪᠰᠢᠭᠦᠯᠬᠦ ᠬᠠᠷᠠᠯᠲᠠᠲᠤ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠴᠢᠨᠠᠷᠵᠢᠭᠤᠨ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠦᠨ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠬᠦᠴᠦᠨ ᠴᠢᠳᠠᠯ ᠵᠶ᠋ᠠᠨ ᠨᠡᠮᠡᠷᠢᠯᠡᠬᠦ ᠬᠡᠷᠡᠭᠳᠡᠢ᠃
ᠬᠤᠷᠠᠯ᠎ᠠᠴᠠ ᠱᠠᠭ᠋ᠠᠷᠳᠠᠬᠰᠠᠨ᠎ᠨᠢ᠂ ᠠᠵᠢᠯ᠎ᠤᠨ ᠬᠠᠷᠢᠭᠤᠴᠠᠯᠭ᠎ᠠ ᠵᠢ ᠤᠯᠠᠮ ᠴᠢᠩᠭ᠎ᠠ ᠪᠣᠳᠠᠲᠠᠢ ᠠᠳᠬᠤᠵᠤ᠂ ᠭᠣᠣᠯ ᠬᠠᠷᠢᠭᠤᠴᠠᠯᠭ᠋ᠠᠲᠠᠨ ᠤᠷᠢᠳ ᠵᠶ᠋ᠡᠷ ᠠᠳᠬᠤᠬᠤ ᠪᠦᠬᠡᠳ ᠪᠡᠶ᠎ᠡ᠎ᠪᠠᠷ ᠵᠶ᠋ᠡᠨ ᠠᠳᠬᠤᠬᠤ᠂ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠰᠢᠭᠤᠳ ᠠᠳᠬᠤᠬᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠬᠤ᠂ ᠱᠠᠲᠤ ᠱᠠᠲᠤ᠎ᠪᠠᠷ ᠨᠠᠢ᠌ᠳᠠᠪᠤᠷᠢᠵᠢᠭᠤᠯᠬᠤ ᠵᠢ ᠠᠳᠬᠤᠬᠤ ᠬᠠᠷᠢᠭᠤᠴᠠᠯᠭ᠎ᠠ ᠵᠢᠨ ᠭᠤᠭᠴᠤᠭ᠎ᠠ ᠵᠢ ᠪᠦᠷᠢᠯᠳᠦᠭᠦᠯᠵᠦ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠠᠵᠢᠯ᠎ᠤᠨ ᠠᠬᠢᠴᠠ ᠵᠢ ᠤᠯᠠᠮ ᠴᠢᠩᠭ᠎ᠠ ᠠᠩᠬᠠᠷᠴᠤ᠂ 《9+4》 《ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠤ ᠶᠠᠪᠤᠳᠠᠯ ᠬᠢᠬᠦ》 ᠲᠤᠰᠬᠠᠢ ᠠᠵᠢᠯᠯᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠢ ᠲᠦᠷᠭᠡᠨ ᠠᠬᠢᠭᠤᠯᠵᠤ᠂ ᠡᠯ᠎ᠡ ᠲᠠᠯ᠎ᠠ ᠵᠢᠨ ᠬᠦᠴᠦᠨ᠎ᠢ ᠪᠦᠯᠬᠦᠮᠳᠡᠭᠦᠯᠦᠨ ᠨᠢᠭᠲᠠᠷᠠᠭᠤᠯᠵᠤ᠂ ᠠᠵᠢᠯ᠎ᠤᠨ ᠠᠷᠭ᠎ᠠ ᠵᠶ᠋ᠡᠨ ᠰᠢᠯᠢᠳᠡᠭᠵᠢᠬᠦᠯᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠶᠠᠪᠤᠳᠠᠯ᠎ᠢ ᠪᠣᠳᠠᠲᠠᠢ᠎ᠪᠠᠷ ᠬᠢᠵᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠶᠠᠪᠤᠳᠠᠯ᠎ᠢ ᠨᠠᠷᠢᠯᠢᠭ ᠬᠢᠵᠦ᠂ ᠠᠷᠠᠳ᠎ᠤᠨ ᠰᠠᠨᠠᠭ᠋ᠠᠨ᠎ᠳᠤ ᠨᠡᠢ᠌ᠴᠡᠬᠦ ᠶᠠᠪᠤᠳᠠᠯ᠎ᠢ ᠬᠠᠮᠳᠤ᠎ᠪᠠᠷ ᠰᠠᠢ᠌ᠲᠤᠷ ᠬᠢᠬᠦ ᠬᠡᠷᠡᠭᠲᠡᠢ᠃ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠨᠡᠢ᠌ᠲᠡᠯᠢᠭ ᠵᠢᠱ᠌ᠢᠶ᠎ᠡ ᠵᠢᠨ ᠲᠤᠷᠰᠢᠯᠭ᠎ᠠ ᠵᠢ ᠰᠠᠢ᠌ᠲᠤᠷ ᠬᠢᠵᠦ᠂ ᠠᠷᠠᠳ᠎ᠲᠤ ᠳᠦᠬᠦᠮ ᠦᠵᠡᠭᠦᠯᠬᠦ ᠪᠣᠳᠠᠲᠠᠢ ᠠᠷᠭ᠎ᠠ᠎ᠨᠤᠭᠤᠳ᠎ᠢ ᠲᠥᠪᠯᠡᠷᠡᠭᠦᠯᠦᠨ ᠬᠡᠷᠡᠭᠵᠢᠭᠦᠯᠵᠦ᠂ ᠠᠷᠠᠳ᠎ᠲᠤ ᠠᠰᠢᠭ ᠬᠦᠷᠲᠡᠭᠡᠬᠦ ᠪᠣᠳᠠᠲᠠᠢ ᠵᠢ ᠡᠷᠬᠢᠮᠯᠡᠭᠰᠡᠨ᠂ ᠪᠦᠲᠦᠮᠵᠢᠲᠡᠢ ᠠᠷᠭ᠎ᠠ ᠵᠢ ᠲᠣᠭᠲᠠᠭ᠋ᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠬᠣᠷᠢᠭ᠎ᠠ ᠰᠠᠭ᠋ᠠᠳ᠎ᠢ ᠠᠷᠢᠯᠭ᠋ᠠᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠨᠡᠩ ᠪᠡᠬᠢᠵᠢᠬᠦᠯᠬᠦ ᠬᠡᠷᠡᠭᠲᠡᠢ᠃
ᠬᠤᠷᠠᠯ᠎ᠠᠴᠠ ᠱᠠᠭ᠋ᠠᠷᠳᠠᠬᠰᠠᠨ᠎ᠨᠢ᠂ ᠦᠨᠳᠦᠰᠦᠨ ᠱᠠᠲᠤᠨ᠎ᠤ ᠵᠠᠰᠠᠯᠲᠠ ᠵᠢᠨ ᠡᠷᠡᠭᠦᠯ ᠪᠤᠰᠤ ᠦᠵᠡᠭᠳᠡᠯ᠎ᠢ ᠲᠤᠰᠬᠠᠢ ᠴᠡᠭᠴᠡᠯᠡᠬᠦ ᠠᠵᠢᠯ᠎ᠢ ᠯᠠᠪᠳᠠᠭᠤᠨ ᠭᠦᠨᠵᠡᠭᠡᠢ ᠥᠷᠨᠢᠭᠦᠯᠵᠦ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠬᠡᠷᠡᠭ ᠶᠠᠪᠤᠳᠠᠯ᠎ᠳᠤ ᠣᠷᠣᠬᠤ ᠵᠥᠪᠰᠢᠶᠡᠷᠡᠯ᠎ᠤᠨ ᠲᠣᠭᠲᠠᠴᠠ ᠵᠢ ᠪᠠᠶ᠋ᠢᠭᠤᠯᠬᠤ ᠵᠢ ᠠᠬᠢᠭᠤᠯᠬᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ 5 ᠪᠣᠳᠠᠲᠠᠢ ᠬᠠᠷᠠᠯᠲᠠ ᠡᠭᠦᠷᠭᠡ ᠵᠢᠨ ᠲᠣᠭᠣᠷᠢᠨ᠎ᠳᠤ ᠲᠦᠷᠭᠡᠨ ᠥᠷᠨᠢᠭᠦᠯᠵᠦ᠂ ᠡᠮᠬᠢ᠎ᠲᠠᠢ ᠠᠬᠢᠭᠤᠯᠤᠨ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠳᠤ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠤᠷᠲᠠᠯ᠎ᠤᠨ ᠪᠠᠢ᠌ᠭᠤᠯᠤᠯᠲᠠ ᠵᠢ ᠤᠯᠠᠮ ᠰᠠᠢ᠌ᠲᠤᠷ ᠠᠳᠬᠤᠵᠤ᠂ 《ᠤᠳᠠᠭ᠋ᠠᠨ ᠪᠦᠳᠦᠭᠦᠯᠢᠭ ᠪᠠᠭᠤᠷᠠᠢ》 ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠮᠡᠳᠡᠭᠡ ᠵᠠᠩᠭᠢ ᠵᠢᠨ ᠤᠬᠠᠭᠤᠯᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃
ᠬᠤᠷᠠᠯ᠎ᠳᠤ ᠣᠷᠣᠯᠴᠠᠭᠰᠠᠳ ᠬᠤᠷᠠᠯ᠎ᠠᠴᠠ ᠡᠮᠦᠨ᠎ᠡ᠂ ᠽᠸ ᠬᠤᠢ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠦᠭᠵᠢᠬᠦᠯᠤᠯᠳᠡ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠳᠡᠯᠭᠡᠨ ᠦᠵᠡᠭᠦᠯᠬᠦ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠪᠠ᠃ ᠬᠤᠷᠠᠯ ᠳᠡᠭᠡᠷ᠎ᠡ ᠪᠠᠰᠨ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠳᠠᠳ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ ᠨᠠᠷ ᠬᠤᠷᠠᠯ᠎ᠳᠤ ᠣᠷᠣᠯᠴᠠᠵᠤ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠠᠯᠪᠠᠨ ᠭᠡᠷ᠎ᠤᠨ ᠡᠷᠬᠢᠯᠡᠭᠴᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠨᠢᠬᠡᠴᠢ ᠵᠢᠨ ᠭᠣᠣᠯ ᠬᠠᠷᠢᠭᠤᠴᠠᠯᠭ᠋ᠠᠳᠠᠳ ᠬᠤᠷᠠᠯ᠎ᠳᠤ ᠤᠷᠤᠯᠴᠠᠬᠰᠠᠨ ᠪᠠᠢ᠌ᠨ᠎ᠠ᠃