ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》᠎ᠪᠠᠷ ᠳᠠᠮᠵᠢᠭᠤᠯᠤᠨ ᠭᠠᠵᠠᠷ᠎ᠤᠨ ᠨᠡᠷᠡᠰ᠎ᠤᠨ ᠰᠣᠶᠣᠯ᠎ᠤᠨ ᠪᠠᠢ᠌ᠭᠤᠯᠤᠯᠲᠠ ᠵᠢ ᠠᠬᠢᠭᠤᠯᠪᠠ
ᠨᠡᠶᠢᠲᠡᠯᠡᠭᠰᠡᠨ ᠴᠠᠭ᠄ 2023-12-28

    ᠣᠢ᠌ᠷ᠎ᠠ ᠵᠢᠨ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ  ᠲᠠᠪᠤᠨ ᠶᠡᠬᠡ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ 《〈ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ〉 ᠵᠢ ᠥᠷᠨᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ》 (ᠠᠷᠠᠳ ᠵᠠᠬᠢᠳᠠᠯ [2023] 44 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ᠎ᠪᠠᠷ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢ ᠳᠦᠷᠢᠮᠵᠢᠭᠦᠯᠬᠦ᠂ ᠭᠠᠵᠠᠷ᠎ᠤᠨ ᠨᠡᠷᠡᠰ᠎ᠤᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭᠵᠢᠭᠤᠯᠬᠤ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠭᠠᠵᠠᠷ᠎ᠤᠨ ᠨᠡᠷᠡᠰ᠎ᠤᠨ ᠰᠣᠶᠣᠯ᠎ᠤᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠪᠠᠢ᠌ᠨ᠎ᠠ᠃
   ᠨᠢᠭᠡ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠪᠠᠢ᠌ᠭᠤᠯᠤᠯᠲᠠ ᠵᠢᠨ ᠲᠤᠭᠲᠠᠴᠠ ᠵᠢ ᠲᠡᠭᠦᠯᠳᠡᠷᠵᠢᠭᠦᠯᠪᠡ
  (ᠨᠢᠭᠡ) ᠭᠠᠵᠠᠷ᠎ᠤᠨ ᠨᠡᠷᠡᠰ᠎ᠤᠨ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠪᠡ᠃ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠳᠤ ᠵᠠᠰᠠᠪᠤᠷᠢ ᠣᠷᠣᠭᠤᠯᠬᠤ ᠵᠢ ᠲᠦᠷᠭᠡᠳᠬᠡᠨ ᠠᠬᠢᠭᠤᠯᠪᠠ᠃ 2023 ᠣᠨ᠎ᠳᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠬᠠᠤᠯᠢ ᠲᠣᠭᠲᠠᠭ᠋ᠠᠯᠲᠠ ᠵᠢᠨ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠠ ᠬᠢᠨᠠᠨ ᠵᠥᠪᠯᠡᠬᠦ ᠲᠥᠰᠥᠯ᠎ᠢ ᠨᠠᠢ᠌ᠷᠠᠭᠤᠯᠤᠨ ᠪᠢᠴᠢᠵᠦ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠳᠡᠪᠰᠢᠭᠦᠯᠵᠦ᠂ ᠨᠢᠭᠡᠨᠲᠡ 2024 ᠣᠨ᠎ᠤ ᠬᠠᠤᠯᠢ ᠲᠣᠭᠲᠠᠭ᠋ᠠᠯᠲᠠ ᠵᠢᠨ ᠬᠢᠨᠠᠨ ᠵᠥᠪᠯᠡᠬᠦ ᠵᠦᠢ᠍ᠯᠡᠰ᠎ᠲᠤ ᠵᠢᠭᠰᠠᠭ᠋ᠠᠨ ᠣᠷᠣᠭᠤᠯᠪᠠ᠃ ᠭᠠᠵᠠᠷ᠎ᠤᠨ ᠨᠡᠷᠡᠰ᠎ᠢ ᠨᠡᠷᠡᠢ᠌ᠳᠴᠦ ᠨᠡᠷᠡᠰ᠎ᠢ ᠬᠠᠯᠠᠬᠤ ᠪᠥᠬᠥ ᠶᠠᠪᠤᠴᠠ ᠵᠢ ᠳᠦᠷᠢᠮᠵᠢᠭᠦᠯᠦᠨ ᠬᠠᠮᠢᠶᠠᠷᠬᠤ ᠵᠢ ᠠᠬᠢᠭᠤᠯᠵᠤ᠂ ᠭᠠᠵᠠᠷ᠎ᠤᠨ ᠨᠡᠷᠡᠰ᠎ᠢ ᠭᠤᠶᠤᠴᠢᠯᠠᠨ ᠮᠡᠳᠡᠭᠦᠯᠬᠦ᠂ ᠨᠤᠲᠠᠯᠠᠬᠤ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ᠂ ᠵᠠᠷᠯᠠᠨ ᠨᠡᠢ᠌ᠲᠡᠯᠡᠬᠦ ᠵᠡᠷᠭᠡ ᠳᠦᠷᠢᠮ᠎ᠢ ᠪᠠᠢ᠌ᠭᠤᠯᠤᠨ ᠪᠦᠷᠢᠨᠰᠢᠭᠦᠯᠪᠡ᠃ 《ᠭᠠᠵᠠᠷ᠎ᠤᠨ ᠨᠡᠷᠡᠰ᠎ᠢ ᠳᠠᠩᠰᠠᠯᠠᠬᠤ ᠠᠯᠪᠠᠨ ᠵᠠᠷ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠳᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠳᠠᠩᠰᠠᠯᠠᠬᠤ ᠠᠯᠪᠠᠨ ᠵᠠᠷ ᠨᠡᠢ᠌ᠲᠡᠯᠡᠵᠦ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮᠵᠢᠭᠰᠡᠨ᠂ ᠰᠢᠨᠵᠢᠯᠡᠬᠦ ᠤᠬᠠᠭ᠋ᠠᠨᠴᠢᠯᠠᠭᠰᠠᠨ᠂ ᠨᠠᠷᠢᠯᠢᠭᠵᠢᠭᠤᠯᠤᠭᠰᠠᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2023 ᠣᠨ᠎ᠤ 9 ᠳ᠋ᠤᠭᠡᠷ ᠰᠠᠷ᠎ᠠ ᠵᠢᠨ 30᠎ᠤ ᠡᠳᠦᠷ ᠪᠣᠯᠲᠠᠯ᠎ᠠ᠂ ᠪᠥᠬᠥ ᠣᠷᠣᠨ᠎ᠤ 12 ᠠᠢ᠌ᠮᠠᠭ ᠬᠣᠲᠠ ᠵᠢᠨ ᠰᠢᠨ᠎ᠡ᠎ᠪᠠᠷ ᠨᠡᠷᠡᠢ᠌ᠳᠦᠭᠰᠡᠨ ᠭᠠᠵᠠᠷ᠎ᠤᠨ ᠨᠡᠷ᠎ᠡ 253᠂ ᠳᠠᠩᠰᠠᠯᠠᠭᠤᠯᠤᠭᠰᠠᠨ ᠠᠯᠪᠠᠨ ᠵᠠᠷ 253 ᠪᠠᠢ᠌ᠵᠤ᠂ ᠳᠠᠩᠰᠠᠯᠠᠭᠤᠯᠤᠭᠰᠠᠨ ᠠᠯᠪᠠᠨ ᠵᠠᠷ᠎ᠤᠨ ᠨᠣᠷᠮ᠎ᠠ 100%᠎ᠳᠤ ᠬᠦᠷᠴᠦ᠂ ᠭᠠᠵᠠᠷ᠎ᠤᠨ ᠨᠡᠷᠡᠰ᠎ᠤᠨ ᠰᠣᠶᠣᠯ᠎ᠤᠨ ᠪᠠᠢ᠌ᠭᠤᠯᠤᠯᠲᠠ ᠵᠢ ᠰᠠᠢ᠌ᠵᠢᠷᠠᠭᠤᠯᠬᠤ᠎ᠳᠤ ᠰᠠᠢ᠌ᠨ ᠰᠠᠭᠤᠷᠢ ᠵᠢ ᠲᠠᠯᠪᠢᠭᠰᠠᠨ ᠪᠠᠢ᠌ᠨ᠎ᠠ᠃
   (ᠬᠣᠶᠠᠷ) ᠭᠠᠵᠠᠷ᠎ᠤᠨ ᠨᠡᠷᠡᠰ᠎ᠢ ᠨᠡᠷᠡᠢ᠌ᠳᠴᠦ ᠬᠠᠯᠠᠬᠤ ᠵᠢ ᠳᠦᠷᠢᠮᠵᠢᠭᠦᠯᠪᠡ᠃ ᠦᠢ᠍ᠯᠡᠳᠦᠯᠭᠡ ᠵᠢᠨ ᠳᠤᠮᠳᠠ᠎ᠪᠠᠨ ᠲᠡᠦᠬᠡ ᠪᠠ ᠣᠳᠣᠬᠢ ᠪᠠᠢ᠌ᠳᠠᠯ᠎ᠢ ᠭᠦᠢ᠍ᠴᠡᠳ ᠬᠦᠨᠳᠦᠳᠬᠡᠵᠦ᠂ ᠭᠠᠵᠠᠷ᠎ᠤᠨ ᠨᠡᠷᠡᠰ᠎ᠤᠨ ᠲᠡᠦᠬᠡ ᠰᠣᠶᠣᠯ᠎ᠢ ᠬᠠᠮᠠᠭ᠋ᠠᠯᠠᠨ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠠᠷᠴᠢᠮ᠎ᠢ ᠪᠠᠷᠢᠮᠲᠠᠯᠠᠵᠤ᠂ 《ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠢᠨᠠᠨ ᠬᠠᠷᠭᠤᠭᠤᠯᠵᠤ ᠵᠥᠪᠰᠢᠶᠡᠷᠡᠬᠦ ᠭᠣᠭᠴᠣᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠢᠨ᠎ᠡ᠎ᠪᠠᠷ ᠨᠡᠷᠡᠢ᠌ᠳᠬᠦ ᠭᠠᠵᠠᠷ᠎ᠤᠨ ᠨᠡᠷᠡᠰ᠎ᠤᠨ ᠲᠤᠲᠤᠷ᠎ᠠ 《ᠶᠡᠬᠡᠳᠬᠡᠭᠰᠡᠨ ᠨᠡᠷ᠎ᠡ ᠬᠠᠷᠢ ᠵᠢᠨ ᠨᠡᠷ᠎ᠡ ᠰᠤᠨᠢᠨ ᠨᠡᠷ᠎ᠡ ᠪᠠ ᠳᠠᠪᠬᠤᠷᠳᠠᠬᠤ ᠨᠡᠷ᠎ᠡ》 ᠢᠯᠡᠷᠡᠬᠦ ᠵᠢ ᠡᠷᠡᠰ ᠲᠡᠪᠴᠢᠵᠦ ᠳᠦᠷᠢᠮᠵᠢᠭᠦᠯᠵᠦ ᠴᠢᠳᠠᠭᠰᠠᠨ ᠪᠠᠢ᠌ᠨ᠎ᠠ᠃ 2023 ᠣᠨ᠎ᠤ 9 ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ᠂ 111 ᠨᠡᠷᠡᠰ᠎ᠢ ᠬᠠᠯᠠᠭᠰᠠᠨ᠎ᠨᠢ ᠴᠥᠮ 《ᠳᠦᠷᠢᠮ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠵᠦ᠂ ᠭᠠᠵᠠᠷ᠎ᠤᠨ ᠨᠡᠷᠡᠰ᠎ᠤᠨ ᠰᠤᠶᠤᠯ᠎ᠢ ᠬᠠᠮᠠᠭ᠋ᠠᠯᠠᠬᠤ᠎ᠳᠤ ᠢᠳᠡᠪᠬᠢ ᠦᠢ᠍ᠯᠡᠳᠦᠯ ᠦᠵᠡᠭᠦᠯᠦᠭᠰᠡᠨ ᠪᠠᠢ᠌ᠨ᠎ᠠ᠃
   ᠬᠣᠶᠠᠷ᠂ ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠢ ᠪᠠᠢ᠌ᠷᠢᠯᠠᠭᠤᠯᠵᠣ ᠰᠦᠯᠵᠢᠶᠡᠨ᠎ᠳᠤ ᠭᠠᠷᠭ᠋ᠠᠪᠠ
   (ᠨᠢᠭᠡ) ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠢ ᠪᠠᠢ᠌ᠷᠢᠯᠠᠭᠤᠯᠵᠤ ᠬᠠᠮᠠᠭ᠋ᠠᠯᠠᠬᠤ ᠵᠢ ᠴᠢᠩᠭ᠋ᠠᠳᠬᠠᠪᠠ᠃ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠤᠨ ᠪᠠᠢ᠌ᠷᠢᠯᠠᠭᠤᠯᠤᠯᠲᠠ ᠵᠢᠨ ᠣᠳᠣᠬᠢ ᠪᠠᠢ᠌ᠳᠠᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠬᠠᠷᠢᠶ᠎ᠠ ᠣᠷᠣᠨ ᠎ᠳᠤ᠎ᠬᠢ ᠫᠠᠢ᠌ᠰᠠ ᠳᠡᠮᠲᠡᠭ ᠪᠠᠢ᠌ᠬᠤ ᠦᠭᠡᠢ ᠭᠠᠵᠠᠷ᠂ ᠫᠠᠢ᠌ᠰᠠ ᠲᠡᠮᠳᠡᠭ᠎ᠨᠢ ᠡᠪᠳᠡᠷᠡᠵᠦ ᠰᠦᠢ᠍ᠳᠦᠭᠰᠡᠨ ᠪᠠ ᠳᠦᠷᠢᠮᠵᠢᠯ ᠦᠭᠡᠢ ᠪᠢᠴᠢᠭᠰᠡᠨ ᠫᠠᠢ᠌ᠰᠠ ᠲᠡᠮᠳᠡᠭ ᠵᠡᠷᠭᠡ ᠵᠢ ᠵᠢᠭᠰᠠᠭ᠋ᠠᠨ ᠪᠠᠢ᠌ᠴᠠᠭ᠋ᠠᠪᠠ᠃ 《ᠭᠠᠵᠠᠷ᠎ᠤᠨ ᠨᠡᠷᠡᠰ᠎ᠤᠨ ᠲᠡᠮᠳᠡᠭ》 (GB17733 — 2008)᠎ᠤᠨ ᠤᠯᠤᠰ᠎ᠤᠨ ᠪᠠᠷᠢᠮᠵᠢᠶ᠎ᠠ ᠵᠢ ᠦᠨᠳᠦᠰᠦᠯᠡᠨ᠂ ᠲᠣᠰᠬᠣᠨ᠎ᠤ ᠨᠡᠷᠡᠰ᠎ᠤᠨ ᠫᠠᠢ᠌ᠰᠠ ᠲᠡᠮᠳᠡᠭ᠂ ᠵᠡᠭᠡᠯᠢ ᠭᠤᠳᠤᠮᠵᠢ ᠵᠢᠨ ᠫᠠᠢ᠌ᠰᠠ ᠲᠡᠮᠳᠡᠭ᠂ ᠡᠭᠦᠳᠡ (ᠡᠷᠦᠬᠡ) ᠵᠢᠨ ᠫᠠᠢ᠌ᠰᠠ ᠲᠡᠮᠳᠡᠭ ᠵᠡᠷᠭᠡ ᠵᠢ ᠳᠦᠷᠢᠮᠵᠢᠭᠦᠯᠦᠨ ᠪᠠᠢ᠌ᠷᠢᠯᠠᠭᠤᠯᠵᠤ᠂ ᠴᠠᠭ ᠲᠤᠬᠠᠢ᠎ᠳᠤ᠎ᠨᠢ ᠰᠢᠨᠡᠳᠬᠡᠨ ᠬᠠᠮᠠᠭ᠋ᠠᠯᠠᠪᠠ᠃ 1580 ᠬᠥᠳᠡᠭᠡ ᠲᠣᠰᠬᠣᠨ᠂ 521 ᠬᠥᠳᠡᠭᠡ ᠲᠣᠰᠬᠣᠨ᠎ᠤ ᠵᠠᠮ ᠵᠡᠭᠡᠯᠢ ᠭᠤᠳᠤᠮᠵᠢ᠂ 76 ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ᠂ 6 ᠬᠤᠪᠢᠰᠬᠠᠯ᠎ᠤᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠂ 6 ᠵᠤᠭ᠋ᠠᠴᠠᠯ᠎ᠤᠨ ᠦᠵᠡᠮᠵᠢ ᠵᠢᠨ ᠣᠷᠣᠨ ᠪᠠ 14 ᠬᠥᠳᠡᠭᠡ ᠲᠣᠰᠬᠣᠨ᠎ᠤ ᠵᠤᠭ᠋ᠠᠴᠠᠯ᠎ᠤᠨ ᠭᠠᠵᠠᠷ᠎ᠤᠨ ᠫᠠᠢ᠌ᠰᠠ ᠲᠡᠮᠳᠡᠭ᠎ᠢ ᠪᠠᠢ᠌ᠷᠢᠯᠠᠭᠤᠯᠤᠨ ᠤᠭᠰᠠᠷᠠᠬᠤ ᠵᠢ ᠪᠡᠶᠡᠯᠡᠭᠦᠯᠪᠡ᠃ ᠭᠠᠵᠠᠷ᠎ᠤᠨ ᠨᠡᠷᠡᠰ᠎ᠤᠨ ᠤᠳᠤᠷᠢᠳᠤᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
   (ᠬᠣᠶᠠᠷ) ᠭᠠᠵᠠᠷ᠎ᠤᠨ ᠨᠡᠷᠡᠰ᠎ᠢ ᠰᠢᠨᠵᠢᠯᠡᠬᠦ ᠤᠬᠠᠭ᠋ᠠᠨᠴᠢ᠎ᠪᠠᠷ ᠥᠨᠳᠥᠷ ᠦᠷ᠎ᠡ ᠪᠦᠲᠦᠮᠵᠢᠲᠡᠶ᠎ᠪᠠᠷ ᠰᠦᠯᠵᠢᠶᠡᠨ ᠵᠢᠷᠤᠭ᠎ᠲᠤ ᠣᠷᠤᠭᠤᠯᠪᠠ᠃ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠪᠠ ᠢᠨᠲ᠋ᠧᠷ ᠰᠦᠯᠵᠢᠶᠡᠨ᠎ᠤ ᠭᠠᠵᠠᠷ᠎ᠤᠨ ᠵᠢᠷᠤᠭ᠎ᠲᠤ ᠲᠦᠰᠢᠭᠯᠡᠨ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠪᠠᠢ᠌ᠩᠭᠤᠵᠢᠭᠤᠯᠤᠨ ᠴᠤᠭᠯᠠᠭᠤᠯᠵᠤ᠂ ᠰᠢᠨᠡᠳᠬᠡᠨ ᠬᠠᠮᠠᠭ᠋ᠠᠯᠠᠬᠤ ᠲᠣᠭᠲᠠᠴᠠ ᠵᠢ ᠪᠠᠢ᠌ᠭᠤᠯᠪᠠ᠃ ᠬᠥᠳᠡᠭᠡ ᠲᠣᠰᠬᠣᠨ᠂ ᠵᠠᠮ ᠵᠡᠭᠡᠯᠢ ᠭᠤᠳᠤᠮᠵᠢ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ ᠵᠡᠷᠭᠡ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠤᠷᠢᠶᠠᠪᠠᠰᠤ ᠵᠣᠬᠢᠬᠤ ᠵᠢ᠎ᠨᠢ ᠴᠥᠮ ᠬᠤᠷᠢᠶᠠᠵᠤ᠂ ᠬᠡᠪ᠎ᠤᠨ ᠪᠠᠢ᠌ᠳᠠᠯ ᠵᠶ᠋ᠠᠷ ᠰᠢᠨᠡᠳᠬᠡᠵᠦ᠂ ᠳᠦᠷᠢᠮᠵᠢᠯ᠎ᠲᠠᠢ᠎ᠪᠠᠷ ᠰᠦᠯᠵᠢᠶᠡᠨ ᠵᠢᠷᠤᠭ᠎ᠲᠤ ᠭᠠᠷᠭ᠋ᠠᠪᠠ᠃ ᠣᠲᠣ ᠪᠣᠯᠲᠠᠯ᠎ᠠ 3466 ᠭᠠᠵᠠᠷ᠎ᠤᠨ ᠨᠡᠷᠡᠰ᠎ᠢ ᠰᠦᠯᠵᠢᠶᠡᠨ᠎ᠳᠤ ᠭᠠᠷᠭ᠋ᠠᠵᠤ᠂ ᠴᠢᠬᠤᠯᠠ ᠲᠡᠦᠬᠡᠲᠦ ᠠᠴᠢ ᠬᠣᠯᠪᠣᠭᠳᠠᠯ᠎ᠲᠠᠢ᠂ ᠡᠯᠪᠡᠭ ᠪᠠᠶᠠᠯᠢᠭ ᠰᠣᠶᠣᠯ᠎ᠤᠨ ᠠᠭᠤᠯᠤᠭᠳᠠᠬᠤᠨ᠎ᠲᠠᠢ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠪᠠᠢ᠎ᠳᠤ ᠪᠦᠭᠦᠳᠡ ᠬᠣᠷᠢᠶᠠᠩᠭᠤᠢ ᠦᠭᠡᠰ᠎ᠤᠨ ᠲᠠᠢ᠌ᠯᠪᠤᠷᠢ᠎ᠳᠤ ᠴᠠᠭ ᠲᠤᠬᠠᠢ᠎ᠳᠤ᠎ᠨᠢ ᠨᠥᠬᠥᠪᠦᠷᠢᠯᠡᠨ ᠤᠷᠤᠭᠤᠯᠵᠤ᠂ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠪᠠ᠃
  ᠭᠤᠷᠪᠠ᠂ ᠭᠠᠵᠠᠷ᠎ᠤᠨ ᠨᠡᠷᠡᠰ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠪᠠ
  (ᠨᠢᠭᠡ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠡᠦᠬᠡ ᠰᠣᠶᠣᠯ᠎ᠢ ᠬᠠᠮᠠᠭ᠋ᠠᠯᠠᠵᠤ  ᠵᠠᠯᠭ᠋ᠠᠮᠵᠢᠯᠠᠬᠤ ᠵᠢ ᠴᠢᠩᠭ᠋ᠠᠷᠠᠭᠤᠯᠪᠠ᠃ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠠᠭᠤᠰᠬᠠᠨ ᠤᠷᠤᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠲᠡᠦᠬᠡ ᠰᠣᠶᠣᠯ᠎ᠤᠨ ᠥᠪ ᠬᠦᠷᠦᠩᠭᠡ ᠵᠢ ᠴᠢᠬᠤᠯᠠᠴᠢᠯᠠᠨ ᠬᠠᠮᠠᠭ᠋ᠠᠯᠠᠵᠣ᠂ ᠬᠡᠷᠡᠭᠯᠡᠵᠦ ᠦᠩᠭᠡᠷᠡᠭᠰᠡᠨ ᠭᠠᠵᠠᠷ᠎ᠤᠨ ᠨᠡᠷᠡᠰ᠎ᠤᠨ ᠰᠣᠶᠣᠯ᠎ᠤᠨ ᠤᠯᠠᠮᠵᠢᠯᠠᠯ᠎ᠤᠨ ᠨᠥᠯᠥᠭᠡ ᠵᠢ ᠲᠤᠰᠬᠠᠢ᠌ᠯᠠᠨ ᠨᠤᠲᠠᠯᠠᠵᠤ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠲᠡᠦᠬᠡ ᠰᠣᠶᠣᠯ᠎ᠤᠨ ᠤᠯᠠᠮᠵᠢᠯᠠᠯ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠪᠦᠷᠢᠨᠰᠢᠭᠦᠯᠦᠨ ᠨᠠᠢ᠌ᠳᠠᠪᠤᠷᠢᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ  ᠲᠡᠮᠳᠡᠭᠯᠡᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠬᠡᠷᠡᠭᠵᠢᠭᠦᠯᠬᠦ ᠲᠥᠰᠥᠯ》 (ᠥᠪᠥᠷ ᠠᠷᠠᠳ᠎ᠤᠨ ᠶᠠᠪᠤᠳᠠᠯ ᠲᠠᠷᠬᠠᠭ᠋ᠠᠭᠰᠠᠨ [2022] 1 ᠳ᠋ᠤᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠣᠳᠣᠬᠠᠨ᠎ᠳᠤ ᠡᠯ᠎ᠡ ᠠᠢ᠌ᠮᠠᠭ ᠬᠣᠲᠠ᠎ᠠᠴᠠ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ ᠲᠡᠮᠲᠡᠭᠯᠡᠯ᠎ᠳᠤ ᠮᠡᠳᠡᠭᠦᠯᠦᠨ ᠬᠦᠷᠭᠡᠭᠰᠡᠨ ᠭᠤᠶᠤᠴᠢᠯᠠᠯ᠎ᠤᠨ ᠮᠠᠲ᠋ᠧᠷᠢᠶᠠᠯ᠎ᠢ ᠨᠢᠭᠡᠨᠲᠡ 100 ᠭᠠᠷᠤᠢ ᠬᠤᠪᠢ ᠬᠣᠷᠢᠶᠠᠨ ᠣᠯᠪᠠ᠃ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠲᠡᠦᠬᠡ ᠰᠣᠶᠣᠯ᠎ᠤᠨ ᠠᠭᠤᠯᠭ᠎ᠠ ᠵᠢ ᠤᠬᠠᠭᠤᠯᠪᠠ᠃ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ  ᠸᠢᠴᠠᠲ ᠳᠠᠪᠴᠠᠩ᠎ᠳᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠡᠦᠬᠡ ᠰᠣᠶᠣᠯ᠎ᠤᠨ ᠮᠡᠳᠡᠭᠡ ᠵᠠᠩᠭᠢ ᠵᠢ ᠨᠢᠭᠡᠨᠲᠡ ᠵᠠᠯᠭ᠋ᠠᠭ᠎ᠠ᠎ᠪᠠᠷ 10 ᠭᠠᠷᠤᠢ ᠬᠤᠭᠤᠴᠠᠭ᠎ᠠ ᠨᠡᠢ᠌ᠲᠡᠯᠡᠪᠡ᠃
  (ᠬᠣᠶᠠᠷ) ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢᠨ ᠤᠬᠠᠭᠤᠯᠭ᠎ᠠ ᠵᠢ ᠴᠢᠩᠭ᠋ᠠᠷᠠᠭᠤᠯᠪᠠ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠢ ᠦᠨᠡᠯᠡᠨ ᠲᠣᠭᠲᠠᠭ᠋ᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠵᠤ᠂ ᠨᠥᠬᠥᠴᠡᠯ᠎ᠳᠤ ᠨᠡᠢ᠌ᠴᠡᠬᠦ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠢ ᠬᠠᠮᠠᠭ᠋ᠠᠯᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠬᠠᠮᠠᠭ᠋ᠠᠯᠠᠬᠤ ᠨᠡᠷᠡᠰ᠎ᠤᠨ ᠲᠡᠮᠳᠡᠭᠯᠡᠯ᠎ᠢ ᠪᠠᠢ᠌ᠭᠤᠯᠤᠨ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠪᠠ᠃ ᠡᠨᠡ ᠵᠢᠯ ᠣᠷᠳᠣᠰ ᠬᠤᠳᠠ ᠵᠢᠨ ᠬᠠᠩᠭᠢᠨ ᠬᠣᠰᠢᠭᠤ ᠪᠣᠯᠣᠨ ᠬᠥᠯᠥᠨ ᠪᠤᠢ᠍ᠢ᠍ᠷ ᠬᠤᠳᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠬᠥᠳᠡᠭᠡ ᠲᠣᠰᠬᠣᠨ᠎ᠤ ᠨᠡᠷᠡᠰ᠎ᠤᠨ ᠲᠡᠮᠳᠡᠭᠯᠡᠯ᠎ᠢ ᠵᠠᠯᠭ᠋ᠠᠪᠡᠷ ᠳᠠᠷᠤᠮᠠᠯᠯᠠᠨ ᠬᠡᠪᠯᠡᠭᠦᠯᠪᠠ᠃ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠦᠵᠡᠭᠦᠯᠦᠯᠭᠡ ᠵᠢᠨ ᠲᠥᠬᠦᠭᠡᠷᠦᠮᠵᠢ ᠵᠢ ᠪᠠᠢ᠌ᠭᠤᠯᠵᠤ᠂ ᠭᠠᠵᠠᠷ᠎ᠤᠨ ᠨᠡᠷᠡᠰ᠎ᠲᠤ ᠠᠭᠤᠯᠤᠭᠳᠠᠵᠤ ᠪᠠᠢ᠌ᠭ᠎ᠠ ᠡᠯᠪᠡᠭ ᠪᠠᠶᠠᠯᠢᠭ ᠲᠡᠦᠬᠡ ᠰᠣᠶᠣᠯ᠎ᠤᠨ ᠠᠭᠤᠯᠤᠭᠳᠠᠬᠤᠨ᠎ᠢ ᠭᠦᠢ᠍ᠴᠡᠳ ᠳᠡᠯᠭᠡᠨ ᠦᠵᠡᠭᠦᠯᠵᠦ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠬᠤ᠎ᠳᠤ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠪᠠ᠃
  ᠳᠥᠷᠪᠡ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠪᠡ
  (ᠨᠢᠭᠡ) ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ  ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠪᠠ᠃ 《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠬᠦ》 ᠲᠤᠷᠰᠢᠯᠲᠠ ᠵᠢᠨ ᠠᠵᠢᠯᠯᠠᠭ᠎ᠠ᠎ᠳᠤ᠂ ᠣᠷᠳᠣᠰ ᠬᠣᠲᠠ ᠵᠢᠨ ᠬᠠᠩᠭᠢᠨ ᠬᠣᠰᠢᠭᠤᠨ᠎ᠤ᠎ᠬᠢᠨ ᠡᠬᠢ ᠪᠠᠶᠠᠯᠢᠭ᠎ᠢ ᠲᠥᠪᠯᠡᠷᠡᠭᠦᠯᠦᠨ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢᠵᠢᠯᠲᠠ ᠵᠢᠨ ᠰᠢᠨ᠎ᠡ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠣᠣ ᠸᠧᠢ ᠬᠠᠷᠢᠯᠴᠠᠨ ᠦᠢ᠍ᠯᠡᠳᠦᠯᠴᠡᠬᠦ ᠭᠠᠵᠠᠷ᠎ᠤᠨ ᠵᠢᠷᠤᠭ᠎ᠤᠨ ᠵᠥᠭᠡᠯᠡᠨ ᠲᠣᠨᠣᠭ᠎ᠢ ᠠᠰᠢᠭᠯᠠᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠣᠳᠠᠲᠠᠢ ᠭᠠᠵᠠᠷ ᠵᠦᠢ ᠵᠢᠨ ᠪᠠᠢ᠌ᠷᠢᠰᠢᠯ᠂ ᠪᠠᠢ᠌ᠷᠢ ᠴᠡᠭ᠂ ᠰᠢᠨᠵᠢ ᠴᠢᠨᠠᠷ ᠵᠡᠷᠭᠡ ᠦᠨᠳᠦᠰᠦᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠵᠥᠪ ᠣᠨᠤᠪᠴᠢᠲᠠᠢ ᠪᠠᠢ᠌ᠴᠠᠭ᠋ᠠᠨ ᠯᠠᠪᠯᠠᠬᠤ ᠬᠠᠷᠠᠯᠲᠠ ᠵᠢ ᠪᠡᠶᠡᠯᠡᠭᠦᠯᠪᠡ᠃ ᠲᠣᠰ ᠠᠷᠭ᠎ᠠ ᠬᠢᠳᠡᠯ᠎ᠨᠢ ᠠᠷᠠᠳ᠎ᠤᠨ ᠶᠠᠪᠤᠳᠠᠯ᠎ᠤᠨ ᠶᠠᠮᠤᠨ᠎ᠤ 《〈ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ〉 ᠪᠥᠬᠥ ᠤᠯᠤᠰ᠎ᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢᠨ ᠠᠵᠢᠯᠯᠠᠭ᠎ᠠ ᠵᠢᠨ ᠵᠢᠱ᠌ᠢᠶ᠎ᠡ ᠵᠢᠨ ᠰᠣᠩᠭᠣᠮᠠᠯ》᠎ᠳᠤ ᠰᠤᠩᠭᠤᠭᠳᠠᠪᠠ᠃ ᠲᠣᠰ ᠵᠥᠭᠡᠯᠡᠨ ᠲᠣᠨᠣᠭ ᠵᠶ᠋ᠠᠷ ᠳᠠᠮᠵᠢᠭᠤᠯᠤᠨ ᠡᠯ᠎ᠡ ᠲᠥᠷᠥᠯ᠎ᠤᠨ ᠮᠡᠳᠡᠭᠡ ᠵᠠᠩᠭᠢ ᠵᠢᠨ ᠰᠢᠨᠡᠴᠢᠯᠡᠭᠰᠡᠨ ᠲᠣᠭ᠎ᠠ ᠪᠠᠷᠢᠮᠲᠠ ᠵᠢ ᠴᠠᠭ ᠲᠤᠬᠠᠢ᠎ᠳᠤ᠎ᠨᠢ ᠪᠠᠢ᠌ᠴᠠᠭ᠋ᠠᠨ ᠯᠠᠪᠯᠠᠵᠤ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠂ ᠭᠠᠵᠠᠷ᠎ᠤᠨ ᠨᠡᠷᠡᠰ᠎ᠤᠨ ᠰᠣᠶᠣᠯ᠎ᠤᠨ ᠤᠬᠠᠭᠤᠯᠭ᠎ᠠ ᠬᠢᠬᠦ ᠵᠢᠴᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠴᠠᠭᠳᠠᠭ᠎ᠠ ᠭᠥᠯᠢᠶᠡᠨ ᠠᠪᠬᠤ᠂ ᠭᠠᠯ᠎ᠤᠨ ᠭᠠᠮᠰᠢᠭ᠎ᠠᠴᠠ ᠠᠪᠤᠷᠠᠨ ᠲᠤᠰᠠᠯᠠᠬᠤ᠂ ᠴᠠᠬᠢᠯᠭ᠋ᠠᠨ ᠬᠦᠴᠦᠨ ᠴᠠᠬᠢᠯᠭ᠋ᠠᠨ ᠬᠣᠯᠪᠣᠭ᠎ᠠ ᠵᠡᠷᠭᠡ ᠲᠠᠯ᠎ᠠ ᠵᠢᠨ ᠬᠠᠮᠢᠶᠠᠷᠤᠯᠲᠠ ᠪᠠ ᠦᠢ᠍ᠯᠡᠴᠢᠯᠡᠭᠡ ᠵᠢ ᠪᠦᠲᠦᠮᠵᠢᠲᠡᠶ ᠳᠡᠭᠡᠭᠰᠢᠯᠡᠭᠦᠯᠬᠦ ᠢᠳᠡᠪᠬᠢ ᠦᠢ᠍ᠯᠡᠳᠦᠯ ᠦᠵᠡᠭᠦᠯᠵᠦ᠂ ᠲᠣᠮᠣ ᠳ᠋ᠠᠢ᠌ᠲ᠋ᠠ ᠵᠢᠨ ᠬᠡᠷᠡᠭᠯᠡᠯᠲᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠡᠶᠡᠯᠡᠭᠦᠯᠪᠡ᠃
   (ᠬᠣᠶᠠᠷ) ᠭᠠᠵᠠᠷ ᠨᠡᠷᠡᠰ᠎ᠤᠨ ᠤᠯᠠᠨ ᠨᠡᠢ᠍ᠢ᠍ᠳᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠪᠠ᠃ 《ᠳᠦᠷᠢᠮ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠷ ᠬᠥᠲᠥᠯᠥᠮᠵᠢ ᠪᠣᠯᠭ᠋ᠠᠵᠤ᠂ ᠡᠯ᠎ᠡ ᠱᠠᠲᠤᠨ᠎ᠤ ᠭᠠᠵᠠᠷ᠎ᠤᠨ ᠨᠡᠷᠡᠰ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠨᠡᠢ᠌ᠲᠡᠯᠡᠬᠦ ᠵᠢ ᠢᠳᠡᠪᠬᠢᠲᠡᠢ᠎ᠪᠠᠷ ᠠᠬᠢᠭᠤᠯᠵᠤ᠂ ᠬᠣᠰᠢᠭᠤ ᠰᠢᠶᠠᠨ ᠪᠣᠯᠣᠨ ᠰᠢᠶᠠᠩ ᠪᠠᠯᠭ᠋ᠠᠰᠤ ᠰᠤᠮᠤ ᠬᠣᠶᠠᠷ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ᠂ ᠨᠢᠭᠡᠨᠲᠡ ᠬᠠᠢ᠌ᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠲᠣᠭ᠎ᠠ ᠪᠠᠷᠢᠮᠲᠠ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠲᠣᠭ᠎ᠠ ᠪᠠᠷᠢᠮᠲᠠ ᠵᠡᠷᠭᠡ ᠵᠢ ᠤᠯᠠᠮ ᠨᠢᠭᠡ ᠠᠯᠬᠤᠮ ᠡᠮᠬᠢᠯᠡᠨ ᠨᠡᠢ᠌ᠯᠡᠭᠦᠯᠵᠦ᠂ ᠲᠣᠭᠲᠠᠭ᠋ᠠᠯ ᠶᠣᠰᠣᠭ᠋ᠠᠷ ᠲᠣᠰ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ 《ᠨᠢᠭᠡ ᠯᠠ ᠵᠢᠷᠤᠭ》᠎ᠲᠤ ᠣᠷᠤᠭᠤᠯᠬᠤ᠎ᠪᠠᠷ ᠴᠢᠷᠮᠠᠢ᠌ᠪᠠ᠃ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠦᠴᠢᠷ᠂ ᠬᠠᠤᠯᠢ ᠴᠠᠭ᠋ᠠᠵᠠ ᠵᠢᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠤᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠬᠠᠮᠲᠤᠷᠠᠨ ᠥᠷᠨᠢᠭᠦᠯᠪᠠ᠃ ᠣᠳᠣᠬᠠᠨ᠎ᠳᠤ ᠰᠢᠯᠢ ᠵᠢᠨ ᠬᠤᠲᠠ ᠵᠢᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠥᠪᠯᠡᠯ᠎ᠨᠢ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠪᠡᠶᠡᠯᠡᠭᠦᠯᠦᠨ ᠢᠯᠡᠳᠲᠡ ᠦᠷ᠎ᠡ ᠪᠦᠲᠦᠮᠵᠢ ᠣᠯᠪᠠ᠂ ᠡᠨᠡ ᠬᠦ᠌ ᠠᠷᠭ᠎ᠠ  ᠠᠪᠴᠠᠯ᠎ᠨᠢ ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠨᠡᠢ᠌ᠲᠡᠯᠢᠭ  ᠠᠵᠢᠯᠯᠠᠭ᠎ᠠ ᠵᠢᠨ ᠵᠢᠱ᠌ᠢᠶ᠎ᠡ᠎ᠪᠠᠷ ᠰᠣᠩᠭᠣᠭᠲᠠᠭᠰᠠᠨ ᠪᠠᠢ᠌ᠨ᠎ᠠ᠃


ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ ᠎ᠤᠨ᠎ᠬᠢᠨ ᠲᠠᠢ᠌ᠹᠤᠰᠸ ᠬᠤᠰᠢᠭᠤᠨ᠎ᠤ ᠨᠠᠰᠤᠲᠠᠨ᠎ᠢ ᠠᠰᠠᠷᠠᠬᠤ ᠬᠦᠷᠢᠶᠡᠯᠡᠩ ᠎ᠤᠨ ᠣᠨᠴᠠ ᠬᠦᠴᠢᠷᠳᠡᠯᠲᠠᠢ ᠨᠠᠰᠤᠲᠠᠨ᠎ᠳᠤ ᠰᠤᠨᠤᠰᠤᠭᠤᠷ ᠲᠠᠭ᠋ᠠᠷᠠᠭᠤᠯᠵᠤ ᠥᠭᠪᠡ
ᠮᠠᠨ᠎ᠤ ᠣᠷᠣᠨ ᠠᠵᠢᠯ ᠠᠯᠳᠠᠭᠰᠠᠳ᠎ᠤᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠳᠠᠷᠠᠭ᠎ᠠ ᠵᠢᠯ᠎ᠤᠨ ᠡᠴᠦᠰ ᠪᠣᠯᠲᠠᠯ᠎ᠠ ᠤᠷᠳᠤᠳᠬᠠᠨ᠎ᠠ
ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠤᠯ᠎ᠤᠨ ᠦᠯᠢᠭᠡᠷ ᠎ᠤᠨ ᠰᠢᠨ᠎ᠡ ᠣᠷᠴᠢᠭᠤᠯᠭ᠎ᠠ᠄ ᠰᠢᠳᠢᠳᠦ ᠪᠠᠳᠮᠠᠨ ᠳ᠋ᠸᠡᠭ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ ᠎ᠤᠨ᠎ᠬᠢᠨ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠣᠲᠠ ᠪᠣᠯᠣᠨ ᠬᠥᠬᠡᠬᠣᠲᠠ᠎ᠳᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠰᠣᠨᠣᠰᠣᠭᠣᠷ ᠲᠠᠭ᠋ᠠᠷᠠᠭᠤᠯᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ ᠎ᠤᠨ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
 
            