11 ᠳ᠋ᠤᠭᠡᠷ ᠰᠠᠷ᠎ᠠ ᠵᠢᠨ 6᠎ᠤ ᠡᠳᠦᠷ᠂ ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠵᠣᠬᠢᠶᠠᠨ ᠪᠠᠢ᠌ᠭᠤᠯᠵᠤ ᠥᠷᠨᠢᠭᠦᠯᠦᠭᠰᠡᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠪᠣᠳᠠᠳᠠᠢ ᠠᠵᠢᠯ᠎ᠢ᠎ᠨᠢ ᠬᠠᠷᠢᠭᠤᠴᠠᠨ ᠭᠦᠢ᠍ᠴᠡᠳᠭᠡᠳᠡᠭ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ ᠲᠠᠭ᠋ᠠᠷᠠᠭᠤᠯᠬᠤ ᠦᠢ᠍ᠯᠡᠴᠢᠡᠯᠡᠭᠡᠨᠤ ᠠᠵᠢᠯᠯᠠᠬᠤ ᠳᠤᠭᠤᠢ᠌ᠯᠠᠩ᠎ᠤᠨ᠎ᠬᠢᠨ ᠬᠦᠯᠦᠨ ᠪᠣᠢ᠌ᠷ ᠬᠣᠲᠠ ᠵᠢᠨ ᠬᠠᠢ᠌ᠯᠠᠷ ᠲᠣᠭᠣᠷᠢᠭ᠎ᠲᠤ ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠲᠠᠭ᠋ᠠᠷᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠦᠢ᠍ᠯᠡᠴᠢᠯᠡᠭᠡ ᠵᠢ ᠬᠦᠷᠲᠡᠭᠰᠡᠳ᠎ᠨᠢ ᠲᠥᠷᠥᠭᠦᠦ ᠬᠤᠭᠤᠴᠠᠭ᠎ᠠ ᠳᠡᠭᠡᠭᠰᠢ ᠮᠡᠳᠡᠭᠦᠯᠦᠭᠰᠡᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》 ᠤᠨ ᠨᠦᠬᠦᠴᠡᠯ᠎ᠳᠤ ᠨᠡᠢ᠌ᠴᠡᠬᠦ ᠵᠡᠮᠳᠡᠭᠴᠦᠳ ᠪᠣᠯᠣᠨ᠎ᠠ᠃ ᠡᠨᠡ ᠤᠳᠠᠭ᠎ᠠ ᠨᠡᠢ᠌ᠲᠡ 20 ᠭᠠᠷᠤᠢ ᠵᠡᠮᠳᠡᠭᠴᠦᠳ᠎ᠲᠤ 21 ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠵᠢ ᠦᠨ᠎ᠡ ᠲᠥᠯᠥᠪᠦᠷᠢ ᠦᠭᠡᠢ᠎ᠪᠠᠷ ᠲᠠᠭ᠋ᠠᠷᠠᠭᠤᠯᠵᠤ ᠥᠭᠪᠡ᠃
《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠢ ᠬᠡᠷᠡᠭᠵᠢᠭᠦᠯᠬᠦ᠎ᠪᠠᠷ ᠳᠠᠮᠵᠢᠨ᠂ ᠬᠦᠴᠢᠷᠳᠡᠯ᠎ᠲᠠᠢ ᠵᠡᠮᠳᠡᠭᠴᠦᠳ᠎ᠤᠨ ᠡᠷᠡᠭᠦᠯᠵᠢᠯ᠎ᠤᠨ ᠦᠢ᠍ᠯᠡᠴᠢᠡᠯᠡᠭᠡ ᠲᠤᠳᠠᠭᠳᠠᠭᠰᠠᠨ᠂ ᠵᠠᠪᠠᠯ ᠬᠡᠷᠡᠭᠰᠡᠬᠦ ᠡᠷᠡᠭᠦᠯᠵᠢᠯ᠎ᠤᠨ ᠪᠠᠭ᠋ᠠᠵᠢ ᠲᠤᠳᠠᠭᠳᠠᠭᠰᠠᠨ᠎ᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠵᠡᠷᠭᠡ ᠠᠰᠠᠭᠤᠳᠠᠯ᠎ᠢ ᠪᠦᠲᠦᠮᠵᠢ᠎ᠲᠠᠢ ᠰᠠᠢ᠌ᠬᠠᠨ ᠰᠢᠢ᠍ᠳᠪᠦᠷᠢᠯᠡᠵᠦ᠂ ᠲᠡᠳᠡ ᠨᠠᠷ᠎ᠤᠨ ᠦᠨᠳᠦᠰᠦᠨ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠨ ᠂ ᠨᠡᠢ᠌ᠭᠡᠮ ᠲᠠᠢ ᠨᠡᠩ ᠰᠠᠢ᠌ᠲᠤᠷ ᠠᠭᠤᠰᠤᠯᠴᠠᠬᠤ ᠵᠢ ᠪᠡᠶᠡᠯᠡᠭᠦᠯᠵᠦ ᠥᠭᠪᠡ᠃
ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ