ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠪᠤᠯᠪᠠᠰᠤᠨ ᠬᠦᠬᠡᠬᠤᠲᠠ ᠵᠢᠨ ᠴᠤᠬ᠍ᠴᠠᠯᠠᠯᠳᠠ᠎ᠳᠤ ᠤᠷᠤᠯᠴᠠᠶ᠎ᠠ》 ᠭᠡᠬᠦ ᠯᠸᠢ ᠹᠸᠡᠭ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ
ᠨᠡᠶᠢᠲᠡᠯᠡᠭᠰᠡᠨ ᠴᠠᠭ᠄ 2023-03-06

                                         ᠰᠢᠨ   ᠰᠢᠩ   ᠮᠡᠳᠡᠭᠡᠯᠡᠪᠡ
                                         ᠮᠦᠴᠢᠷ ᠤᠷᠴᠢᠭᠤᠯᠪᠠ
     ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠪᠠᠢ᠌ᠭᠤᠯᠭ᠎ᠠ ᠵᠢᠨ ᠨᠠᠮ᠎ᠤᠨ ᠡᠬᠦᠷ᠂ ᠨᠢᠬᠦᠯᠡᠰᠤᠡᠭᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠬᠡᠮ᠎ᠤᠨ ᠠᠵᠢᠯ᠎ᠤᠨ ᠭᠠᠵᠠᠷ᠎ᠤᠨ᠎ᠬᠢᠨ 2023 ᠤᠨ᠎ᠤ 3 ᠳ᠋ᠤᠭ᠋ᠠᠷ ᠰᠠᠷ᠎ᠠ ᠵᠢᠨ 5᠎ᠤ ᠡᠳᠤᠷ ᠯᠧᠢ ᠹᠧᠩ᠎ᠤᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ ᠵᠢᠨ ᠲᠦᠯᠤᠬᠡ᠂ ᠯᠧᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠬᠤ᠎ᠪᠠᠷ ᠭᠣᠣᠯ ᠰᠡᠳᠦᠪ ᠪᠤᠯᠭ᠋ᠠᠬᠰᠠᠨ᠂ ᠰᠠᠢ᠌ᠨ ᠳᠤᠷ᠎ᠠ ᠵᠢᠨ ᠦᠢ᠍ᠯᠡᠴᠢᠯᠡᠬᠡ᠎ᠪᠠᠷ ᠠᠴᠢᠶᠠᠯᠠᠪᠤᠷᠢ ᠪᠤᠯᠭ᠋ᠠᠬᠰᠠᠨ 《ᠪᠤᠯᠪᠠᠰᠤᠨ ᠬᠦᠬᠡᠬᠤᠲᠠ ᠵᠢᠨ ᠴᠤᠬ᠍ᠴᠠᠯᠠᠯᠳᠠ᠎ᠳᠤ ᠤᠷᠤᠯᠴᠠᠶ᠎ᠠ》 ᠭᠡᠬᠦ ᠯᠸᠢ ᠹᠸᠡᠭ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠠᠵᠢᠯᠯᠠᠭ᠎ᠠ ᠦᠷᠨᠢᠬᠦᠯᠪᠡ᠃ ᠦᠪᠡᠷᠳᠡᠬᠡᠨ ᠵᠠᠰᠠᠬᠤ ᠤᠷᠤᠨ᠎ᠤ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ ᠡᠨᠡ ᠬᠦ᠌ ᠰᠠᠢ᠌ᠨ ᠲᠤᠷ᠎ᠠ ᠵᠢᠨ ᠠᠵᠢᠯᠯᠠᠭ᠎ᠠ᠎ᠳᠤ ᠢᠳᠡᠪᠬᠢᠳᠡᠢ ᠤᠷᠤᠯᠴᠠᠬᠰᠠᠨ᠎ᠤ ᠬᠠᠮᠳᠤ ᠠᠵᠢᠯ᠎ᠤᠨ ᠪᠤᠳᠠᠳᠠᠢ᠎ᠲᠠᠢ᠎ᠪᠠᠨ ᠤᠶᠠᠯᠳᠤᠭᠤᠯᠤᠨ ᠯᠸᠢ ᠹᠸᠡᠭ᠎ᠠᠴᠠ ᠰᠤᠷᠤᠯᠴᠠᠬᠤ ᠠᠵᠢᠯᠯᠠᠭ᠎ᠠ ᠦᠷᠨᠢᠬᠦᠯᠦᠭᠰᠡᠨ ᠪᠠᠢ᠌ᠨ᠎ᠠ᠃
 W020230303753957456697.jpg   


     ᠦᠳᠡ ᠵᠢᠨ ᠡᠮᠦᠨᠡᠬᠢ 10 ᠴᠠᠭ᠎ᠤᠨ ᠦᠶ᠎ᠡ᠎ᠪᠠᠷ ᠠᠵᠢᠯᠯᠠᠭ᠎ᠠ ᠵᠢᠩᠬᠢᠨᠢ᠎ᠪᠠᠷ ᠡᠬᠢᠯᠡᠪᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠶᠠᠩ ᠬᠣᠩ ᠲᠣᠰ ᠠᠵᠢᠯᠯᠠᠭ᠎ᠠ᠎ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ  ᠵᠢᠨ᠎ᠬᠢᠨ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠎ᠪᠠᠷ ᠳᠡᠮᠵᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠬᠡᠷᠡᠭᠰᠡᠯ᠎ᠢ ᠶᠡᠬᠡ᠎ᠪᠠᠷ ᠤᠬᠠᠭᠤᠯᠪᠠ᠃
  W020230303753957465417.jpg  


     ᠡᠷᠡᠭᠦᠯᠵᠢᠯ᠎ᠤᠨ ᠲᠤᠰᠠᠯᠠᠬᠤ ᠪᠠᠭ᠋ᠠᠵᠢ ᠎ᠨᠢ ᠵᠡᠮᠳᠡᠭᠴᠤᠳ᠂ ᠪᠡᠶ᠎ᠡ᠎ᠳᠤ᠎ᠪᠠᠨ ᠵᠦᠪ ᠦᠬᠡᠢ ᠨᠠᠰᠤᠲᠠᠨ᠂ ᠰᠢᠷᠬᠠᠲᠤᠭᠰᠠᠳ᠎ᠲᠤ ᠲᠤᠰᠠᠯᠠᠵᠤ᠂ ᠬᠠᠷᠰᠢ ᠰᠠᠭ᠋ᠠᠳ᠎ᠢ ᠠᠷᠢᠯᠭ᠋ᠠᠬᠤ ᠪᠤᠶᠤ ᠪᠠᠭ᠋ᠠᠰᠬᠠᠨ᠂ ᠠᠮᠢᠳᠤᠷᠠᠯ᠎ᠤᠨ ᠴᠢᠨᠰᠠᠭ᠎ᠠ ᠵᠢ᠎ᠨᠢ ᠲᠡᠭᠡᠭᠰᠢᠯᠡᠬᠦᠯᠵᠤ᠂ ᠲᠡᠳᠡᠨ᠎ᠤ ᠨᠡᠢ᠌ᠬᠡᠮ᠎ᠤᠨ ᠠᠮᠢᠳᠤᠷᠠᠯ᠎ᠳᠤ ᠤᠷᠤᠯᠴᠠᠬᠤ ᠪᠠ ᠪᠡᠶ᠎ᠡ ᠮᠠᠬᠠᠪᠤᠳ᠎ᠤᠨ᠎ᠬᠢ᠎ᠨᠢ ᠴᠢᠳᠠᠪᠬᠢ ᠵᠢ ᠲᠡᠭᠡᠭᠰᠢᠯᠡᠬᠦᠯᠬᠦ ᠬᠠᠮᠤᠭ᠎ᠤᠨ ᠦᠨᠳᠤᠰᠤᠨ ᠪᠦᠬᠡᠳ ᠪᠦᠳᠦᠮᠵᠢᠳᠡᠢ ᠠᠷᠭ᠎ᠠ ᠪᠤᠯᠤᠬᠰᠠᠨ᠎ᠤ ᠬᠤᠪᠢ᠎ᠳᠤ ᠵᠡᠮᠳᠡᠭᠴᠦᠳ᠎ᠤᠨ ᠡᠳᠦᠷ ᠲᠤᠲᠤᠮ᠎ᠤᠨ ᠠᠮᠢᠳᠤᠷᠠᠯ᠂ ᠡᠷᠡᠭᠦᠯᠵᠢᠯ᠂ ᠰᠤᠷᠭ᠋ᠠᠨ ᠬᠥᠮᠦᠵᠢᠯ᠂ ᠠᠵᠢᠯ ᠣᠯᠭᠣᠯᠲᠠ ᠵᠡᠷᠭᠡ ᠲᠠᠯ᠎ᠠ᠎ᠪᠠᠷ ᠣᠷᠣᠯᠠᠭᠤᠯᠵᠤ ᠪᠣᠯᠣᠰᠢ ᠦᠭᠡᠢ ᠴᠢᠬᠤᠯᠠ ᠦᠢ᠍ᠯᠡᠳᠦᠯ᠎ᠲᠠᠢ ᠶᠤᠮ᠃
     ᠲᠣᠰ ᠠᠵᠢᠯᠯᠠᠭ᠋ᠠᠨ᠎ᠨᠢ ᠲᠤᠰᠠᠯᠠᠬᠤ ᠪᠠᠭ᠋ᠠᠵᠢ ᠬᠡᠷᠡᠭᠰᠡᠯ᠎ᠤᠨ ᠡᠷᠡᠭᠦᠯᠵᠢᠯ᠎ᠳᠤ ᠦᠢ᠍ᠯᠡᠴᠢᠯᠡᠬᠦ ᠲᠤᠬᠠᠢ ᠨᠡᠢ᠌ᠬᠡᠮ ᠨᠡᠢ᠌ᠳᠡ ᠵᠢᠨ᠎ᠬᠢᠨ ᠲᠠᠨᠢᠯᠳᠠ ᠵᠢ ᠲᠡᠭᠡᠭᠰᠢᠯᠡᠬᠦᠯᠬᠦ᠎ᠪᠠᠷ ᠬᠠᠷᠠᠯᠲᠠ ᠪᠤᠯᠭ᠋ᠠᠬᠰᠠᠨ ᠶᠤᠮ᠂  ᠠᠵᠢᠯᠯᠠᠭ᠋ᠠᠨ ᠵᠶ᠋ᠡᠷ ᠲᠠᠮᠵᠢᠨ ᠡᠷᠡᠬᠦᠯᠵᠢᠯ᠎ᠤᠨ ᠲᠤᠰᠠᠯᠠᠬᠤ ᠪᠠᠭ᠋ᠠᠵᠢ ᠬᠡᠷᠡᠭᠰᠡᠯ᠎ᠢ ᠪᠦᠲᠦᠮᠵᠢᠲᠡᠶ   ᠤᠬᠠᠭᠤᠯᠵᠤ᠂  ᠵᠡᠮᠳᠡᠭᠴᠤᠳ ᠪᠠ ᠬᠡᠷ ᠪᠦᠯᠢ ᠵᠢᠨ᠎ᠬᠢᠨ᠎ᠳᠤ᠎ᠨᠢ ᠡᠷᠡᠬᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ᠎ᠤᠨ ᠲᠥᠷᠥᠯ ᠵᠦᠢ᠍ᠯ᠂ ᠪᠦᠲᠦᠭᠡᠭᠳᠡᠬᠦᠨ᠎ᠤ ᠴᠢᠳᠠᠮᠵᠢ᠂ ᠡᠷᠡᠭᠦᠯᠵᠢᠭᠦᠯᠬᠦ ᠦᠢ᠍ᠯᠡᠳᠦᠯ᠂ ᠦᠢ᠍ᠯᠡᠴᠢᠯᠡᠭᠡᠨ᠎ᠤ ᠬᠡᠯᠪᠡᠷᠢ᠂ ᠲᠣᠬᠢᠷᠠᠬᠤ ᠨᠥᠬᠥᠴᠡᠯ ᠵᠡᠷᠭᠡ ᠲᠠᠯ᠎ᠠ᠎ᠪᠠᠷ ᠨᠠᠩ ᠭᠦᠨ  ᠣᠢ᠌ᠯᠠᠭ᠋ᠠᠯᠲᠠ᠎ᠲᠠᠢ ᠪᠣᠯᠭ᠋ᠠᠵᠠᠢ᠃
           

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠴᠠᠢ ᠵᠢᠨ ᠰᠣᠶᠣᠯ ᠵᠶ᠋ᠠᠷ ᠡᠮᠡᠭᠲᠡᠢ᠌ᠴᠦᠳ᠎ᠤᠨ ᠥᠩᠭᠡ ᠭᠢᠯᠪᠠᠭ᠎ᠠ ᠵᠢ ᠭᠠᠢ᠌ᠬᠠᠭᠤᠯᠪᠠ — ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠴᠢᠨ᠎ᠤ ᠡᠪᠯᠡᠯ᠎ᠤᠨ᠎ᠬᠢᠨ 《3 .8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠢ᠌ᠴᠦᠳ᠎ᠤᠨ ᠪᠠᠶᠠᠷ᠎ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠳᠤᠮᠳᠠᠳᠤ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ ᠫᠢᠩ ᠨᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠢᠷᠡᠵᠦ ᠠᠵᠢᠯ ᠪᠠᠢ᠌ᠴᠠᠭ᠋ᠠᠨ ᠰᠣᠳᠤᠯᠵᠤ ᠵᠢᠭ᠋ᠠᠨ ᠵᠢᠯᠣᠭᠤᠳᠪᠠ
ᠦᠪᠡᠷᠳᠡᠬᠡᠨ ᠵᠠᠰᠠᠬᠤ ᠤᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ
ᠵᠡᠭᠦᠨᠭ᠋ᠠᠷ ᠬᠤᠰᠢᠭᠤ 《ᠣᠶᠤᠨᠲᠤ ᠡᠭᠦᠳᠡᠨ ᠫᠠᠢ᠌ᠰᠠ》 ᠵᠢ ᠰᠦᠯᠵᠢᠶᠡᠨ᠎ᠳᠤ ᠣᠷᠣᠭᠤᠯᠤᠨ ᠬᠡᠷᠡᠭᠯᠡᠯᠲᠡ᠎ᠳᠤ ᠣᠷᠣᠭᠤᠯᠪᠠ
ᠯᠧᠢ ᠹᠧᠩ᠎ᠤᠨ ᠵᠣᠷᠢᠭ ᠰᠠᠨᠠᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠳᠤᠮᠳᠠ ᠬᠡᠷᠡᠯ ᠬᠢᠯᠪᠠᠭ᠎ᠠ᠎ᠪᠠᠨ ᠰᠠᠴᠤᠷᠠᠭᠤᠯᠤᠬᠰᠠᠭ᠋ᠠᠷ ᠪᠠᠢ᠌ᠨ᠎ᠠ
 
            