ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠴᠠᠢ ᠵᠢᠨ ᠰᠣᠶᠣᠯ ᠵᠶ᠋ᠠᠷ ᠡᠮᠡᠭᠲᠡᠢ᠌ᠴᠦᠳ᠎ᠤᠨ ᠥᠩᠭᠡ ᠭᠢᠯᠪᠠᠭ᠎ᠠ ᠵᠢ ᠭᠠᠢ᠌ᠬᠠᠭᠤᠯᠪᠠ — ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠴᠢᠨ᠎ᠤ ᠡᠪᠯᠡᠯ᠎ᠤᠨ᠎ᠬᠢᠨ 《3 .8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠢ᠌ᠴᠦᠳ᠎ᠤᠨ ᠪᠠᠶᠠᠷ᠎ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-03-11


                                                  ᠸᠠᠩ ᠵᠸ ᠮᠡᠳᠡᠭᠡᠯᠡᠪᠡ
                                                  ᠮᠦᠴᠢᠷ ᠤᠷᠴᠢᠭᠤᠯᠪᠠ
     ᠡᠪᠡᠰᠦ ᠮᠣᠳᠣ ᠬᠦᠬᠡᠷᠡᠨ ᠨᠤᠭᠤᠭ᠋ᠠᠷᠠᠵᠤ᠂ ᠬᠠᠪᠤᠷ᠎ᠤᠨ ᠠᠮᠢᠵᠢᠷᠠᠯ ᠪᠢᠯᠬᠠᠬᠰᠠᠨ ᠭᠤᠷᠪᠠᠳᠤᠭ᠋ᠠᠷ ᠰᠠᠷ᠎ᠠ᠎ᠳᠤ ᠪᠢᠳᠡ 《3·8》 ᠎ᠤ ᠳᠡᠯᠡᠬᠡᠢ ᠵᠢᠨ ᠬᠥᠳᠡᠯᠮᠦᠷᠢᠴᠢᠨ ᠡᠮᠡᠭᠳᠡᠢ᠌ᠴᠤᠳ᠎ᠤᠨ ᠪᠠᠶᠠᠷ᠎ᠢ ᠤᠭᠲᠤᠨ ᠠᠪᠴᠢᠷᠠᠯ᠎ᠠ᠃ ᠡᠨᠡ ᠬᠦ᠌ ᠪᠠᠶᠠᠷ᠎ᠤᠨ ᠡᠳᠦᠷ᠎ᠲᠤ ᠲᠤᠬᠢᠶᠠᠯᠳᠤᠭᠤᠯᠤᠨ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠡᠮᠡᠭᠲᠡᠢ ᠺᠠᠳ᠋ᠷ ᠠᠵᠢᠯᠲᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠵᠢᠨ ᠲᠥᠯᠥᠭᠡ᠂ 2023 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠴᠢᠨ᠎ᠤ ᠡᠪᠯᠡᠯ᠎ᠤᠨ᠎ᠬᠢᠨ ᠪᠦᠬᠦ ᠡᠮᠡᠭᠲᠡᠢ ᠠᠵᠢᠯᠲᠠᠨ᠎ᠢ ᠵᠣᠬᠢᠶᠠᠨ ᠪᠠᠢ᠌ᠭᠤᠯᠵᠤ 《ᠴᠠᠢ ᠵᠢᠨ ᠰᠣᠶᠣᠯ ᠵᠶ᠋ᠠᠷ ᠡᠮᠡᠭᠲᠡᠢ᠌ᠴᠦᠳ᠎ᠤᠨ ᠥᠩᠭᠡ ᠬᠢᠯᠪᠠᠭ᠎ᠠ ᠵᠢ ᠭᠠᠢ᠌ᠬᠠᠭᠤᠯᠬᠤ》 ᠭᠣᠣᠯ ᠰᠡᠳᠦᠪᠲᠦ ᠴᠠᠢ ᠵᠢᠨ ᠤᠷᠠᠯᠢᠭ᠎ᠤᠨ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠪᠡ᠃
     ᠠᠵᠢᠯᠯᠠᠭ᠋ᠠᠨ᠎ᠤ ᠲᠤᠬᠠᠢ ᠵᠢᠨ ᠲᠠᠯᠠᠪᠤᠷ᠎ᠲᠤ ᠴᠠᠢ᠌ᠴᠢᠨ ᠪᠦᠰᠡᠬᠦᠢ ᠬᠠᠷ᠎ᠠ ᠴᠠᠢ ᠵᠢᠨ ᠲᠡᠦᠬᠡ ᠰᠣᠶᠣᠯ᠎ᠢ ᠨᠠᠷᠢᠨ ᠲᠠᠢ᠌ᠯᠪᠤᠷᠢᠯᠠᠵᠤ᠂ ᠴᠠᠢ ᠵᠢᠨ ᠲᠤᠬᠠᠢ ᠶᠣᠰᠣ ᠵᠢᠷᠤᠮ ᠪᠠ ᠴᠠᠢ ᠪᠦᠷᠢᠬᠦ ᠠᠷᠭ᠎ᠠ ᠵᠢ ᠲᠠᠨᠢᠯᠴᠠᠭᠤᠯᠪᠠ᠃ ᠲᠤᠰ ᠠᠵᠢᠯᠯᠠᠭ᠎ᠠ᠎ᠳᠤ ᠣᠷᠣᠯᠴᠠᠭᠰᠠᠨ ᠡᠮᠡᠭᠲᠡᠢ ᠠᠵᠢᠯᠲᠠᠳ ᠴᠠᠢ ᠵᠢᠨ ᠰᠣᠶᠣᠯ᠎ᠳᠤ ᠰᠤᠬᠳᠤᠭᠤᠷᠠᠬᠤ ᠵᠢᠨ ᠡᠷᠬᠡ᠎ᠪᠠᠷ ᠦᠪᠡᠷᠰᠡᠳ ᠵᠶ᠋ᠡᠨ ᠴᠠᠢ ᠪᠦᠷᠢᠵᠤ᠂ ᠰᠠᠶᠢᠬᠠᠨ ᠰᠣᠷᠣᠭᠰᠠᠨ ᠴᠠᠢ ᠠᠮᠲᠠᠯᠠᠬᠤ ᠠᠷᠭ᠎ᠠ᠎ᠪᠠᠷ ᠵᠶ᠋ᠠᠨ ᠴᠠᠢ ᠵᠢᠨ ᠠᠩᠬᠢᠯᠤᠮ᠎ᠠ ᠰᠠᠢ᠌ᠬᠠᠨ ᠦᠨᠦᠷ ᠠᠮᠲᠠ ᠵᠢ ᠠᠮᠲᠠᠯᠠᠵᠤ᠂ ᠳᠤᠮᠳᠠᠳᠤ ᠤᠯᠤᠰ᠎ᠤᠨ ᠴᠠᠢ ᠵᠢᠨ ᠰᠣᠶᠣᠯ᠎ᠳᠤ ᠤᠯᠠᠮ ᠬᠦᠨ ᠣᠢ᠌ᠯᠠᠭ᠋ᠠᠯᠲᠠ᠎ᠲᠠᠢ ᠪᠣᠯᠤᠭᠰᠠᠨ ᠪᠠᠢ᠌ᠨ᠎ᠠ᠃
     ᠡᠨᠡ ᠬᠦ᠌ ᠪᠣᠯᠪᠠᠰᠤᠷᠠᠯ ᠵᠶ᠋ᠠᠷ ᠳᠠᠮᠵᠢᠨ ᠬᠦᠮᠦᠰ ᠴᠠᠢ ᠵᠢᠨ ᠰᠣᠶᠣᠯ᠎ᠤᠨ ᠦᠨᠢ ᠤᠳᠠᠭ᠋ᠠᠨ ᠲᠡᠤᠬᠡ ᠵᠢ ᠣᠢ᠌ᠯᠠᠭ᠋ᠠᠭᠰᠠᠨ ᠵᠶ᠋ᠠᠷ ᠪᠠᠷᠠᠬᠤ ᠦᠭᠡᠢ᠂ ᠴᠠᠢ ᠵᠢᠨ ᠤᠷᠠᠯᠢᠭ᠎ᠤᠨ ᠲᠤᠬᠠᠢ ᠮᠡᠳᠡᠯᠭᠡ ᠵᠢ ᠬᠦᠷᠳᠡᠪᠡ᠃ ᠲᠡᠷᠡᠴᠢᠯᠡᠨ ᠪᠠᠶᠠᠷ᠎ᠤᠨ ᠡᠳᠤᠷ᠎ᠤᠨ ᠰᠠᠢ᠌ᠨ ᠰᠠᠢ᠌ᠬᠠᠨ ᠵᠦᠡᠭᠨᠡᠯ᠎ᠢ ᠲᠠᠮᠵᠢᠭᠤᠯᠵᠤ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠪᠦᠬᠦ ᠡᠮᠡᠭᠳᠡᠢ ᠠᠵᠢᠯᠳᠠᠳ᠎ᠤᠨ ᠡᠷᠡᠬᠦᠯ ᠴᠤᠬᠯᠢᠭ ᠦᠡᠭᠭᠡ ᠲᠦᠷᠬᠦ ᠵᠢ ᠬᠦᠢ᠍ᠴᠡᠳ ᠢᠯᠡᠷᠡᠬᠦᠯᠬᠦ ᠵᠢᠨ ᠬᠠᠮᠳᠤ ᠠᠵᠢᠯ᠎ᠤᠨ ᠠᠯᠵᠢᠶᠠᠯ᠎ᠢ᠎ᠨᠢ ᠲᠠᠢ᠌ᠯᠬᠤ ᠵᠢᠨ ᠲᠠᠰᠢᠷᠠᠮ᠎ᠳᠤ ᠠᠵᠢᠯ᠎ᠳᠤ᠎ᠪᠠᠨ ᠤᠯᠠᠮ ᠬᠤᠪᠢ ᠨᠡᠮᠡᠷᠢ ᠦᠵᠡᠬᠦᠯᠬᠦ ᠬᠠᠯᠠᠭᠤᠨ ᠰᠡᠳᠬᠢᠯ᠂ ᠡᠷᠴᠢ ᠵᠤᠷᠢᠭ᠎ᠢ᠎ᠨᠢ ᠬᠦᠪᠴᠢᠯᠡᠭᠰᠡᠨ ᠪᠠᠢ᠌ᠨ᠎ᠠ ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ ᠫᠢᠩ ᠨᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠢᠷᠡᠵᠦ ᠠᠵᠢᠯ ᠪᠠᠢ᠌ᠴᠠᠭ᠋ᠠᠨ ᠰᠣᠳᠤᠯᠵᠤ ᠵᠢᠭ᠋ᠠᠨ ᠵᠢᠯᠣᠭᠤᠳᠪᠠ
ᠦᠪᠡᠷᠳᠡᠬᠡᠨ ᠵᠠᠰᠠᠬᠤ ᠤᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ
ᠵᠡᠭᠦᠨᠭ᠋ᠠᠷ ᠬᠤᠰᠢᠭᠤ 《ᠣᠶᠤᠨᠲᠤ ᠡᠭᠦᠳᠡᠨ ᠫᠠᠢ᠌ᠰᠠ》 ᠵᠢ ᠰᠦᠯᠵᠢᠶᠡᠨ᠎ᠳᠤ ᠣᠷᠣᠭᠤᠯᠤᠨ ᠬᠡᠷᠡᠭᠯᠡᠯᠲᠡ᠎ᠳᠤ ᠣᠷᠣᠭᠤᠯᠪᠠ
ᠯᠧᠢ ᠹᠧᠩ᠎ᠤᠨ ᠵᠣᠷᠢᠭ ᠰᠠᠨᠠᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠳᠤᠮᠳᠠ ᠬᠡᠷᠡᠯ ᠬᠢᠯᠪᠠᠭ᠎ᠠ᠎ᠪᠠᠨ ᠰᠠᠴᠤᠷᠠᠭᠤᠯᠤᠬᠰᠠᠭ᠋ᠠᠷ ᠪᠠᠢ᠌ᠨ᠎ᠠ
ᠣᠯᠠᠨ ᠠᠷᠭ᠎ᠠ ᠠᠪᠴᠠᠯ ᠵᠶ᠋ᠠᠷ ᠠᠮᠤᠷ ᠠᠮᠤᠭᠤᠯᠠᠩ ᠵᠠᠭ᠋ᠠᠭ ᠱᠤᠭᠤᠮ᠎ᠢ ᠡᠭᠦᠳᠦᠨ ᠪᠠᠢ᠌ᠭᠤᠯᠵᠤ᠂ 《ᠠᠮᠤᠷ ᠠᠮᠤᠭᠤᠯᠠᠩ ᠥᠪᠥᠷ ᠮᠣᠩᠭᠣᠯ》᠎ᠢ ᠪᠦᠲᠦᠭᠡᠨ ᠪᠠᠶ᠋ᠢᠭᠤᠯᠬᠤ᠎ᠳᠤ ᠬᠤᠪᠢ ᠨᠡᠮᠡᠷᠢ᠎ᠪᠠᠨ ᠬᠠᠨᠳᠢᠪᠯᠠᠪᠠ
 
            