ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠳᠤᠮᠳᠠᠳᠤ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ ᠫᠢᠩ ᠨᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠢᠷᠡᠵᠦ ᠠᠵᠢᠯ ᠪᠠᠢ᠌ᠴᠠᠭ᠋ᠠᠨ ᠰᠣᠳᠤᠯᠵᠤ ᠵᠢᠭ᠋ᠠᠨ ᠵᠢᠯᠣᠭᠤᠳᠪᠠ
ᠨᠡᠶᠢᠲᠡᠯᠡᠭᠰᠡᠨ ᠴᠠᠭ᠄ 2023-03-01

ᠳᠤᠮᠳᠠᠳᠤ ᠤᠯᠤᠰ᠎ᠤᠨ  ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ  ᠫᠢᠩ ᠨᠠᠷ  ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ  ᠢᠷᠡᠵᠦ ᠠᠵᠢᠯ ᠪᠠᠢ᠌ᠴᠠᠭ᠋ᠠᠨ ᠰᠣᠳᠤᠯᠵᠤ  ᠵᠢᠭ᠋ᠠᠨ  ᠵᠢᠯᠣᠭᠤᠳᠪᠠ
               ᠶᠠᠨ ᠬᠠᠢ  ᠪᠦᠸᠸ ᠮᠡᠳᠡᠭᠡᠯᠡᠪᠡ
                ᠴᠣᠭᠲᠤ ᠣᠷᠴᠢᠭᠤᠯᠪᠠ
    2023 ᠣᠨ᠎ᠤ 2  ᠳ᠋ᠤᠭ᠋ᠠᠷ ᠰᠠᠷ᠎ᠠ ᠵᠢᠨ 1᠎ᠤ ᠡᠳᠦᠷ᠂  ᠳᠤᠮᠳᠠᠳᠤ ᠤᠯᠤᠰ᠎ᠤᠨ  ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠨᠡᠢ᠌ᠭᠡᠮᠯᠢᠭ᠎ᠤᠨ ᠳᠠᠷᠤᠭ᠎ᠠ ᠶᠠᠨ ᠾᠸ  ᠫᠢᠩ ᠨᠠᠷ   ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ  ᠨᠢᠭᠦᠯᠡᠰᠦᠩᠭᠦᠢ ᠵᠢᠨ ᠶᠡᠷᠦᠩᠬᠡᠢ  ᠨᠡᠢ᠌ᠭᠡᠮᠯᠢᠭ᠎ᠤᠨ  ᠳᠡᠳ᠋ ᠨᠠᠷᠢᠨ ᠪᠢᠴᠢᠭ᠎ᠤᠨ ᠳᠠᠷᠤᠭ᠎ᠠ ᠵᠣᠣ ᠯᠢ ᠵᠢᠶᠦ᠋ᠨ ᠎ᠤ ᠪᠠᠷ᠎ᠠ  ᠪᠣᠯᠣᠯᠭ᠎ᠠ᠎ᠲᠠᠢ᠎ᠪᠠᠷ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ  ᠢᠷᠡᠵᠦ᠂  ᠲᠤᠰ ᠲᠥᠪ᠎ᠤᠨ  ᠬᠥᠭᠵᠢᠯᠲᠡ  ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠣᠳᠤᠯᠪᠠ᠃  ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠣᠳᠤᠷᠢᠳᠬᠤ ᠪᠠᠭ᠎ᠤᠨ ᠪᠦᠷᠢᠯᠳᠦᠬᠦᠨ ᠨᠠᠷ  ᠪᠠᠷ᠎ᠠ  ᠪᠣᠯᠣᠨ ᠪᠠᠢ᠌ᠴᠠᠭ᠋ᠠᠨ  ᠰᠣᠳᠤᠯᠵᠤ᠂  ᠰᠠᠭᠤᠳᠠᠯ᠎ᠤᠨ ᠬᠤᠷᠠᠯ᠎ᠳᠤ ᠣᠷᠤᠯᠴᠠᠵᠠᠢ᠃
ᠪᠠᠢ᠌ᠴᠠᠭ᠋ᠠᠨ ᠰᠣᠳᠤᠯᠬᠤ ᠳᠤᠭᠤᠢ᠌ᠯᠠᠩ᠎ᠤᠨ᠎ᠬᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠬᠥᠯ  ᠲᠡᠭᠰᠢᠷᠡᠭᠦᠯᠬᠦ ᠱᠠᠬᠠᠢ ᠦᠢ᠍ᠯᠡᠳᠬᠦ ᠲᠠᠰᠤᠭ᠂ ᠬᠢᠮᠡᠯ ᠮᠦᠴᠢ  ᠲᠡᠭᠰᠢᠷᠡᠭᠦᠯᠬᠦ ᠪᠠᠭ᠋ᠠᠵᠢ ᠦᠢ᠍ᠯᠡᠳᠬᠦ ᠲᠠᠰᠤᠭ᠂ ᠬᠢᠮᠡᠯ ᠨᠢᠳᠦ  ᠦᠢ᠍ᠯᠡᠳᠬᠦ ᠲᠠᠰᠤᠭ᠂  ᠰᠣᠨᠤᠷ᠎ᠢ ᠰᠢᠯᠭ᠋ᠠᠨ ᠪᠠᠢ᠌ᠴᠠᠭ᠋ᠠᠬᠤ ᠲᠠᠰᠤᠭ᠂  3D  ᠮᠡᠷᠭᠡᠵᠢᠯ ᠵᠶ᠋ᠡᠷ ᠤᠯᠠᠪᠴᠢ ᠦᠢ᠍ᠯᠡᠳᠬᠦ ᠲᠠᠰᠤᠭ ᠎ᠢ ᠲᠤᠭᠤᠷᠢᠨ ᠦᠵᠡᠵᠦ᠂  ᠲᠤᠰᠠᠯᠠᠬᠤ   ᠪᠠᠭ᠋ᠠᠵᠢ  ᠦᠢ᠍ᠯᠡᠳᠬᠦ  ᠶᠠᠪᠤᠴᠠ ᠵᠢᠴᠢ ᠦᠢ᠍ᠯᠡᠳᠬᠦ ᠭᠠᠷ ᠤᠷᠠᠯᠠᠯ᠎ᠢ ᠎ᠨᠢ ᠣᠢ᠌ᠯᠠᠭ᠋ᠠᠭᠰᠠᠨ ᠪᠠᠢ᠌ᠨ᠎ᠠ᠃  ᠶᠠᠨ ᠾᠸ  ᠫᠢᠩ ᠨᠡᠢ᠌ᠭᠡᠮᠯᠢᠭ᠎ᠤᠨ ᠳᠠᠷᠤᠭ᠎ᠠ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ   ᠲᠡᠦᠬᠡᠨ  ᠶᠠᠪᠤᠴᠠ᠂  ᠡᠭᠦᠷᠭᠡ ᠬᠠᠷᠢᠭᠤᠴᠠᠯᠭ᠎ᠠ᠂  ᠨᠡᠢ᠌ᠲᠡ ᠵᠢᠨ ᠠᠰᠠᠷᠠᠮᠵᠢ ᠵᠢᠨ ᠦᠢ᠍ᠯᠡᠴᠢᠯᠡᠭᠡ᠂  ᠡᠭᠦᠳᠦᠯᠲᠡ ᠬᠦᠭᠵᠢᠯᠲᠡ ᠵᠡᠷᠭᠡ ᠲᠠᠯ᠎ᠠ ᠵᠢᠨ  ᠬᠠᠷᠢᠭᠤ ᠮᠡᠳᠡᠭᠦᠯᠦᠯᠲᠡ ᠵᠢ  ᠰᠣᠨᠣᠰᠤᠭ᠋ᠠᠳ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ  ᠣᠯᠠᠨ ᠵᠢᠯ᠎ᠤᠨ ᠲᠤᠷᠰᠢᠬᠢ ᠠᠵᠢᠯ᠎ᠤᠨ ᠠᠮᠵᠢᠯᠲᠠ ᠵᠢ  ᠭᠦᠢ᠍ᠴᠡᠳ ᠨᠤᠲᠠᠯᠠᠵᠤ᠂  ᠲᠤᠨᠤᠭ ᠲᠦᠬᠦᠭᠡᠷᠦᠮᠵᠢ ᠵᠢᠨ ᠰᠢᠨᠡᠴᠢᠯᠡᠯᠲᠡ᠎ᠪᠠᠨ ᠦᠷᠭᠦᠯᠵᠢᠯᠡᠨ ᠴᠢᠩᠭ᠋ᠠᠳᠬᠠᠬᠤ ᠵᠢᠨ ᠵᠡᠷᠭᠡ᠎ᠪᠠᠷ  ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠬᠦ ᠵᠢ  ᠴᠢᠬᠤᠯᠠᠴᠢᠯᠠᠬᠤ ᠬᠡᠷᠡᠭᠲᠡᠢ ᠭᠡᠵᠦ ᠵᠢᠭ᠋ᠠᠪᠤᠷᠢᠯᠠᠵᠠᠢ᠃
     ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ ᠢᠮᠠᠭᠲᠠ  ᠠᠷᠠᠳ ᠲᠦᠮᠡᠨ ᠵᠶ᠋ᠡᠷ ᠲᠥᠪ ᠪᠣᠯᠭ᠋ᠠᠬᠤ ᠬᠦᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ 《ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ〈ᠠᠷᠪᠠᠨ ᠳᠦᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠭᠦᠯᠦᠯᠲᠡ ᠵᠢᠨ ᠲᠦᠯᠦᠪᠵᠢᠭᠦᠯᠭᠡ》᠎ᠪᠠᠷ  ᠬᠦᠲᠦᠯᠦᠮᠵᠢ ᠪᠣᠯᠭ᠋ᠠᠵᠤ᠂  ᠦᠪᠡᠷᠲᠡᠭᠡᠨ ᠵᠠᠰᠠᠬᠤ ᠣᠷᠤᠨ᠎ᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》 ᠵᠶ᠋ᠡᠷ ᠪᠠᠷᠢᠴᠠ ᠪᠣᠯᠭ᠋ᠠᠨ᠂  ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ᠎ᠤᠨ ᠬᠦᠭᠵᠢᠯᠲᠡ ᠵᠢ ᠠᠬᠢᠭᠤᠯᠵᠤ᠂  ᠵᠡᠮᠳᠡᠭᠴᠦᠳ ᠵᠡᠷᠭᠡ ᠣᠨᠴᠠᠭ᠋ᠠᠢ ᠬᠠᠮᠲᠤ ᠴᠣᠭᠴᠠ ᠵᠢᠨ᠎ᠬᠢᠨ᠎ᠤ  ᠬᠦᠷᠲᠡᠮᠵᠢ ᠵᠢᠨ ᠲᠥᠷᠦᠭᠳᠡᠯ ᠪᠠ ᠵᠣᠯ ᠵᠢᠷᠭ᠋ᠠᠯᠲᠤ ᠲᠥᠷᠦᠭᠳᠡᠯ᠎ᠢ ᠲᠠᠰᠤᠷᠠᠯᠲᠠ ᠦᠬᠡᠢ ᠳᠡᠭᠡᠭᠰᠢᠯᠡᠭᠦᠯᠬᠦ ᠎ᠪᠠᠷ ᠪᠣᠢ᠃

     ᠮᠡᠳᠡᠭᠡᠯᠡᠭᠴᠢ ᠵᠢᠨ ᠬᠠᠶᠢᠭ᠄ ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ
     ᠣᠷᠴᠢᠭᠤᠯᠤᠭᠴᠢ ᠵᠢᠨ ᠬᠠᠶᠢᠭ᠄  ᠬᠦᠬᠡᠬᠤᠲᠠ ᠵᠢᠨ ᠰᠠᠢ᠌ᠬᠠᠨ ᠲᠣᠭᠤᠷᠢᠭ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠦᠪᠡᠷᠳᠡᠬᠡᠨ ᠵᠠᠰᠠᠬᠤ ᠤᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ
ᠵᠡᠭᠦᠨᠭ᠋ᠠᠷ ᠬᠤᠰᠢᠭᠤ 《ᠣᠶᠤᠨᠲᠤ ᠡᠭᠦᠳᠡᠨ ᠫᠠᠢ᠌ᠰᠠ》 ᠵᠢ ᠰᠦᠯᠵᠢᠶᠡᠨ᠎ᠳᠤ ᠣᠷᠣᠭᠤᠯᠤᠨ ᠬᠡᠷᠡᠭᠯᠡᠯᠲᠡ᠎ᠳᠤ ᠣᠷᠣᠭᠤᠯᠪᠠ
ᠯᠧᠢ ᠹᠧᠩ᠎ᠤᠨ ᠵᠣᠷᠢᠭ ᠰᠠᠨᠠᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠳᠤᠮᠳᠠ ᠬᠡᠷᠡᠯ ᠬᠢᠯᠪᠠᠭ᠎ᠠ᠎ᠪᠠᠨ ᠰᠠᠴᠤᠷᠠᠭᠤᠯᠤᠬᠰᠠᠭ᠋ᠠᠷ ᠪᠠᠢ᠌ᠨ᠎ᠠ
ᠣᠯᠠᠨ ᠠᠷᠭ᠎ᠠ ᠠᠪᠴᠠᠯ ᠵᠶ᠋ᠠᠷ ᠠᠮᠤᠷ ᠠᠮᠤᠭᠤᠯᠠᠩ ᠵᠠᠭ᠋ᠠᠭ ᠱᠤᠭᠤᠮ᠎ᠢ ᠡᠭᠦᠳᠦᠨ ᠪᠠᠢ᠌ᠭᠤᠯᠵᠤ᠂ 《ᠠᠮᠤᠷ ᠠᠮᠤᠭᠤᠯᠠᠩ ᠥᠪᠥᠷ ᠮᠣᠩᠭᠣᠯ》᠎ᠢ ᠪᠦᠲᠦᠭᠡᠨ ᠪᠠᠶ᠋ᠢᠭᠤᠯᠬᠤ᠎ᠳᠤ ᠬᠤᠪᠢ ᠨᠡᠮᠡᠷᠢ᠎ᠪᠠᠨ ᠬᠠᠨᠳᠢᠪᠯᠠᠪᠠ
ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ᠎ᠬᠢᠨ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠶᠡᠬᠡ ᠬᠢᠴᠢᠶᠡᠯ᠎ᠤᠨ ᠲᠠᠩᠬᠢᠮ᠎ᠤᠨ ᠠᠵᠢᠯᠯᠠᠭ᠋ᠠᠨ᠎ᠳᠤ ᠢᠳᠡᠪᠬᠢᠲᠡᠢ ᠤᠷᠤᠯᠴᠠᠪᠠ
 
            