ᠤᠷᠢᠬᠠᠨ ᠮᠡᠳᠡᠭᠡᠯᠡᠪᠡ
ᠡᠭᠦᠳᠡᠨ ᠠᠰᠠᠷ᠎ᠤᠨ ᠣᠶᠤᠨᠲᠤ ᠫᠠᠢ᠌ᠰᠠ ᠪᠣᠯ ᠵᠡᠭᠦᠨᠭ᠋ᠠᠷ ᠬᠣᠰᠢᠭᠤᠨ᠎ᠤ ᠣᠶᠤᠨᠲᠤ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠦᠨᠦ ᠵᠢᠯ ᠵᠡᠭᠦᠨᠭ᠋ᠠᠷ ᠬᠣᠰᠢᠭᠤᠨ᠎ᠤ᠎ᠬᠢᠨ ᠦᠷᠭᠦᠯᠵᠢᠯᠡᠨ ᠬᠠᠷᠢᠶ᠎ᠠ ᠣᠷᠣᠨ᠎ᠤ ᠤᠤᠯ᠎ᠤᠨ ᠪᠠᠢ᠌ᠭ᠎ᠠ ᠡᠭᠦᠳᠡᠨ ᠫᠠᠢ᠌ᠰᠠ᠎ᠪᠠᠨ ᠰᠤᠯᠢᠵᠤ ᠤᠭᠰᠠᠷᠠᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠶᠢᠭ᠎ᠤᠨ ᠮᠡᠳᠡᠭᠡ ᠵᠠᠩᠭᠢ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠭᠡᠵᠦ᠂ ᠨᠢᠭᠡᠳᠦᠯᠲᠡᠢ ᠪᠠᠷᠢᠮᠵᠢᠶᠠᠲᠤ ᠬᠠᠶᠢᠭ᠎ᠤᠨ ᠮᠡᠳᠡᠭᠡ ᠵᠠᠩᠭᠢ ᠵᠢᠨ ᠬᠥᠮᠥᠷᠭᠡ ᠪᠠᠢ᠌ᠭᠤᠯᠵᠤ᠂ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠬᠠᠷᠢᠯᠴᠠᠨ ᠨᠡᠪᠲᠡᠷᠡᠯᠴᠡᠬᠦ᠂ ᠬᠠᠮᠲᠤ᠎ᠪᠠᠷ ᠡᠳ᠋ᠯᠡᠬᠦ᠂ ᠬᠠᠮᠲᠤ᠎ᠪᠠᠷ ᠬᠡᠷᠡᠭᠯᠡᠬᠦ᠎ᠳᠤ ᠪᠠᠲᠤ ᠪᠡᠬᠢ ᠰᠠᠭᠤᠷᠢ ᠲᠠᠯᠪᠢᠵᠤ ᠦᠭᠪᠡ᠃
ᠡᠭᠦᠳᠡᠨ ᠠᠰᠠᠷ᠎ᠤᠨ ᠫᠠᠢ᠌ᠰᠠ ᠪᠣᠯ ᠠᠰᠠᠷ ᠪᠠᠷᠢᠯᠭ᠎ᠠ ᠪᠠ ᠭᠡᠷ ᠪᠠᠢ᠌ᠰᠢᠩ᠎ᠢ ᠢᠯᠭ᠋ᠠᠨ ᠲᠠᠨᠢᠬᠤ ᠲᠡᠮᠳᠡᠭ ᠮᠥᠨ᠃ ᠲᠡᠷᠡ᠎ᠨᠢ ᠮᠦᠨ ᠴᠦ᠍ ᠭᠡᠷ ᠪᠠᠢ᠌ᠰᠢᠩ᠎ᠤᠨ ᠬᠤᠳᠠ ᠵᠢᠨ ᠣᠷᠤᠨ ᠪᠠᠢ᠌ᠷᠢ ᠳᠤ᠎ᠬᠢ ᠪᠠᠢ᠌ᠷᠢᠰᠢᠯ ᠪᠣᠯᠣᠨ᠎ᠠ᠃ 2022 ᠣᠨ᠎ᠤ 6 ᠳ᠋ᠤᠭ᠋ᠠᠷ ᠰᠠᠷ᠎ᠠ᠎ᠠᠴᠠ ᠡᠬᠢᠯᠡᠵᠦ᠂ ᠵᠡᠭᠦᠨᠭ᠋ᠠᠷ ᠬᠣᠰᠢᠭᠤᠨ᠎ᠤ᠎ᠬᠢᠨ ᠣᠶᠤᠨᠲᠤ ᠡᠭᠦᠳᠡᠨ ᠠᠰᠠᠷ᠎ᠤᠨ ᠫᠠᠢ᠌ᠰᠠ ᠤᠭᠰᠠᠷᠠᠬᠤ ᠠᠵᠢᠯ᠎ᠢ ᠭᠠᠷᠳᠠᠨ ᠬᠢᠵᠦ᠂ ᠤᠳᠤ ᠪᠣᠯᠲᠠᠯ᠎ᠠ ᠨᠡᠢ᠍ᠢ᠍ᠳᠡ 985 ᠲᠣᠮᠣ ᠡᠭᠦᠳᠡᠨ᠎ᠤ ᠫᠠᠢ᠌ᠰᠠ᠂ 11000 ᠭᠠᠷᠤᠢ ᠵᠢᠵᠢᠭ ᠡᠭᠦᠳᠡᠨ᠎ᠤ ᠫᠠᠢ᠌ᠰᠠ ᠵᠢ ᠤᠭᠰᠠᠷᠠᠪᠠ᠃
ᠣᠢ᠌ᠯᠠᠭ᠋ᠠᠭᠰᠠᠨ ᠵᠶ᠋ᠠᠷ᠂ 《ᠣᠶᠤᠨᠲᠤ ᠡᠭᠦᠳᠡᠨ ᠫᠠᠢ᠌ᠰᠠ》᠎ᠨᠢ ᠠᠷᠤ ᠲᠠᠪᠴᠠᠩ᠎ᠤᠨ ᠰᠢᠰᠲ᠋ᠧᠮ᠂ ᠪᠤᠲᠠᠲᠠᠢ ᠡᠭᠦᠳᠡᠨ ᠫᠠᠢ᠌ᠰᠠ ᠵᠢᠴᠢ ᠸᠢᠴᠠᠲ᠎ᠤᠨ ᠵᠢᠵᠢᠭ ᠫᠷᠣᠭ᠌ᠷᠠᠮ ᠵᠡᠷᠭᠡ 3 ᠬᠡᠰᠡᠭ᠎ᠠᠴᠠ ᠪᠦᠷᠢᠯᠳᠦᠵᠡᠢ᠃ ᠨᠠᠷᠢᠯᠢᠭ ᠣᠨᠣᠴᠠᠲᠠᠢ᠎ᠪᠠᠷ ᠬᠡᠷᠡᠭᠯᠡᠭᠴᠢ ᠨᠢᠭᠡ ᠪᠦᠷᠢ ᠵᠢᠨ ᠲᠣᠭ᠎ᠠ ᠪᠠᠷᠢᠮᠲᠠ ᠵᠢ ᠣᠷᠤᠭᠤᠯᠵᠤ ᠬᠠᠮᠢᠶᠠᠷᠬᠤ᠎ᠨᠢ ᠬᠣᠲᠠ ᠵᠢᠨ ᠠᠷᠠᠳ᠎ᠲᠤ ᠠᠪᠴᠤ ᠬᠡᠯᠡᠪᠡᠯ᠂ APP ᠵᠢ ᠪᠠᠭᠤᠯᠭ᠋ᠠᠨ ᠤᠭᠰᠠᠷᠠᠬᠤ ᠴᠢᠬᠤᠯᠠ ᠦᠭᠡᠢ ᠪᠠᠢ᠌ᠵᠤ᠂ ᠵᠥᠪᠬᠡᠨ ᠸᠢᠴᠠᠲ ᠵᠶ᠋ᠠᠷ ᠫᠠᠢ᠌ᠰᠠ ᠵᠢᠨ ᠳᠡᠭᠡᠷᠡᠬᠢ ᠬᠣᠶᠠᠷ ᠬᠡᠮᠵᠢᠯᠲᠦ ᠺᠣᠳ᠋᠎ᠢ ᠰᠢᠷᠪᠢᠭᠰᠡᠭᠡᠷ ᠳᠠᠷᠤᠢ ᠸᠢᠴᠠᠲ᠎ᠤᠨ ᠵᠢᠵᠢᠭ ᠫᠷᠣᠭ᠌ᠷᠠᠮ᠎ᠤᠨ ᠲᠤᠰᠬᠠᠢ ᠵᠠᠭ᠋ᠠᠭ ᠭᠠᠳᠠᠷᠭᠤ᠎ᠳᠤ ᠨᠡᠪᠲᠡᠷᠡᠵᠦ 《ᠬᠣᠶᠠᠷ ᠬᠡᠮᠵᠢᠯᠲᠦ ᠺᠣᠳ᠋᠎ᠤᠨ ᠡᠭᠦᠳᠡᠨ ᠠᠰᠠᠷ᠎ᠤᠨ ᠫᠠᠢ᠌ᠰᠠ ᠵᠢᠨ ᠦᠢ᠍ᠯᠡᠴᠢᠯᠡᠭᠡᠨ᠎ᠤ ᠲᠠᠪᠴᠠᠩ》᠎ᠢ ᠰᠤᠷᠪᠤᠯᠵᠢᠯᠠᠵᠤ᠂ ᠳᠣᠲᠣᠷᠠᠬᠢ ᠴᠢᠳᠠᠮᠵᠢ ᠵᠢ᠎ᠨᠢ ᠬᠡᠷᠡᠭᠯᠡᠵᠦ ᠪᠣᠯᠣᠨ᠎ᠠ᠃
ᠡᠨᠡ ᠬᠦ᠌ ᠤᠶᠤᠨᠲᠤ ᠡᠭᠦᠳᠡᠨ ᠫᠠᠢ᠌ᠰᠠ᠎ᠨᠢ ᠲᠤᠰ ᠡᠭᠦᠳᠡᠨ ᠠᠰᠠᠷ᠎ᠤᠨ ᠪᠣᠳᠠᠲᠠᠢ ᠣᠷᠣᠨ ᠪᠠᠢ᠌ᠷᠢ᠂ ᠬᠠᠷᠢᠶ᠎ᠠ ᠵᠡᠭᠡᠯᠢ ᠭᠤᠳᠤᠮᠵᠢ ᠨᠡᠢ᠌ᠭᠡᠮ ᠲᠤᠭᠤᠷᠢᠭ᠎ᠤᠨ ᠴᠢᠮᠡᠭᠡ ᠵᠠᠩᠭᠢ ᠪᠠ ᠲᠤᠰ ᠬᠡᠰᠡᠭ ᠭᠠᠵᠷ᠎ᠤᠨ ᠠᠮᠤᠷ᠎ᠢ ᠬᠠᠮᠠᠭ᠋ᠠᠯᠠᠬᠤ ᠴᠠᠭᠳᠠᠭ᠋ᠠᠨ ᠤ ᠤᠲᠠᠰᠤ ᠵᠡᠷᠭᠡ ᠵᠢ ᠬᠠᠳᠠᠭ᠋ᠠᠯᠠᠵᠤ ᠴᠢᠳᠠᠭᠰᠠᠨ ᠪᠠᠢ᠌ᠵᠤ᠂ ᠲᠤᠬᠠᠢ ᠵᠢᠨ ᠭᠠᠵᠠᠷ᠎ᠤᠨ ᠠᠮᠤᠷ᠎ᠢ ᠬᠠᠮᠠᠭ᠋ᠠᠯᠠᠨ ᠬᠠᠤᠯᠢ ᠬᠡᠷᠡᠭᠵᠢᠭᠦᠯᠬᠦ᠎ᠠᠴᠠ ᠠᠷᠠᠳ᠎ᠤᠨ ᠲᠦᠷᠭᠡᠨ ᠬᠦᠷᠭᠡᠯᠲᠡ ᠬᠦᠷᠲᠡᠯ᠎ᠡ ᠮᠠᠰᠢ ᠳᠦᠭᠦᠮ ᠦᠵᠡᠭᠦᠯᠵᠦ᠂ ᠲᠠᠷᠠᠭ᠋ᠠᠴᠢ ᠵᠢᠨ ᠠᠯᠬᠤᠮ᠎ᠤᠨ ᠣᠶᠤᠨᠲᠤ ᠵᠡᠭᠦᠨᠭ᠋ᠠᠷᠢ ᠪᠦᠲᠦᠭᠡᠨ ᠪᠠᠢ᠌ᠭᠤᠯᠬᠤ᠎ᠳᠤ ᠰᠠᠭᠤᠷᠢ ᠲᠠᠯᠪᠢᠭᠰᠠᠨ ᠪᠠᠢ᠌ᠨ᠎ᠠ᠃
ᠮᠡᠳᠡᠭᠡᠯᠡᠭᠴᠢ ᠵᠢᠨ ᠬᠠᠶᠢᠭ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ