ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠦᠪᠡᠷᠳᠡᠬᠡᠨ ᠵᠠᠰᠠᠬᠤ ᠤᠷᠤᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-03-06

                                             ᠸᠠᠩ ᠵᠢᠩ ᠵᠢᠩ ᠮᠡᠳᠡᠭᠡᠯᠡᠪᠡ
                                            ᠰᠡᠴᠡᠨ ᠤᠷᠴᠢᠭᠤᠯᠪᠠ
   ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ  ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2 ᠰᠠᠷ᠎ᠠ ᠵᠢᠨ 28᠎ᠤ ᠡᠳᠦᠷ᠂ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ ᠬᠤᠷᠠᠯᠳᠤᠭᠤᠯᠪᠠ᠃ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ ᠳᠡᠳ᠋ ᠱᠦᠵᠢ ᠬᠠᠢ ᠹᠧᠩ ᠨᠥᠬᠥᠷ ᠬᠤᠷᠠᠯ᠎ᠢ ᠡᠷᠭᠢᠯᠡᠵᠦ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠵᠧᠦ ᠵᠢᠶᠦ᠋ᠨ ᠫᠢᠩ ᠨᠥᠬᠥᠷ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ) ᠵᠢᠨ ᠭᠡᠰᠢᠭᠦᠨ ᠬᠠᠨ ᠮᠢᠩ ᠨᠥᠬᠥᠷ ᠰᠤᠯᠠ ᠤᠷᠤᠯᠴᠠᠨ ᠬᠤᠷᠠᠯ᠎ᠢ ᠵᠢᠭ᠋ᠠᠨ ᠵᠢᠯᠣᠭᠣᠳᠪᠠ᠃
     ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ ᠬᠤᠷᠠᠯ᠎ᠠᠴᠠ ᠡᠮᠦᠨ᠎ᠡ ᠨᠠᠮ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠨᠠᠮ᠎ᠤᠨ ᠳᠦᠷᠢᠮ᠎ᠤᠨ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠭ᠎ᠠ ᠰᠣᠯᠢᠯᠴᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠢᠴᠢᠭ ᠮᠠᠲ᠋ᠧᠷᠢᠶᠠᠯ᠎ᠤᠨ ᠡᠮᠬᠢᠳᠬᠡᠯ》 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠰᠤᠷᠤᠯᠴᠠᠯᠭ᠎ᠠ ᠵᠢ ᠬᠠᠪᠰᠤᠷᠤᠨ ᠵᠢᠯᠤᠭᠣᠳᠬᠤ ᠵᠠᠭᠤᠨ ᠠᠰᠠᠭᠤᠯᠲᠠ》 《ᠬᠣᠷᠢᠳᠤᠭ᠋ᠠᠷ ᠶᠡᠬᠡ ᠬᠤᠷᠠᠯ᠎ᠤᠨ ᠨᠠᠮ᠎ᠤᠨ ᠳᠦᠷᠢᠮ᠎ᠳᠤ ᠵᠠᠰᠠᠪᠤᠷᠢ ᠣᠷᠣᠭᠤᠯᠤᠭᠰᠠᠨ ᠲᠥᠰᠥᠯ᠎ᠤᠨ ᠰᠤᠷᠤᠯᠴᠠᠯᠭ᠎ᠠ ᠵᠢᠨ ᠠᠰᠠᠭᠤᠯᠲᠠ ᠬᠠᠷᠢᠭᠤᠯᠲᠠ》 ᠵᠢ ᠪᠦᠬᠦ ᠨᠠᠮ᠎ᠤᠨ ᠭᠡᠰᠢᠭᠦᠳ ᠵᠶ᠋ᠠᠷ  ᠰᠤᠷᠤᠯᠴᠠᠭᠤᠯᠪᠠ᠃ 《ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ 2022 ᠣᠨ᠎ᠤ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠲᠥᠰᠥᠯ》᠎ᠢ ᠭᠦᠨᠵᠡᠭᠡᠢ ᠨᠠᠷᠢᠯᠢᠭ ᠰᠤᠳᠤᠯᠤᠨ ᠲᠣᠭᠲᠠᠭ᠋ᠠᠵᠤ᠂ 《ᠭᠤᠷᠪᠠᠨ ᠵᠠᠪᠠᠯ ᠶᠠᠷᠢᠯᠴᠠᠬᠤ》 ᠱᠠᠭ᠋ᠠᠷᠳᠠᠯᠭ᠎ᠠ ᠶᠣᠰᠣᠭ᠋ᠠᠷ᠂ ᠲᠥᠪᠯᠡᠷᠡᠭᠦᠯᠦᠨ ᠶᠠᠷᠢᠯᠴᠠᠬᠤ ᠬᠤᠷᠠᠯ ᠬᠢᠬᠦ᠂ ᠤᠲᠠᠰᠤ᠎ᠪᠠᠷ ᠶᠠᠷᠢᠯᠴᠠᠬᠤ ᠪᠠ 《ᠨᠢᠬᠡ ᠨᠢᠬᠡ᠎ᠪᠠᠷ ᠠᠭᠤᠯᠵᠠᠨ ᠶᠠᠷᠢᠯᠴᠠᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠨᠠᠮ᠎ᠤᠨ ᠡᠭᠦᠷ᠎ᠤᠨ᠎ᠬᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ ᠪᠠ ᠬᠤᠷᠢᠶᠠᠵᠤ ᠣᠯᠣᠭᠰᠠᠨ ᠰᠠᠨᠠᠯ ᠰᠠᠨᠠᠭᠤᠯᠭ᠎ᠠ ᠵᠢᠨ ᠲᠣᠭᠣᠷᠢᠨ᠎ᠳᠤ 《ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ  ᠣᠳᠤᠷᠢᠳᠬᠤ ᠪᠠᠭ᠎ᠤᠨ  ᠬᠠᠷᠢᠴᠠᠭᠤᠯᠤᠭᠰᠠᠨ ᠪᠠᠢ᠌ᠴᠠᠭ᠋ᠠᠯᠲᠠ ᠵᠢᠨ ᠮᠠᠲᠸᠷᠢᠶᠠᠯ》 ᠎ᠢ ᠲᠤᠭᠤᠷᠪᠢᠵᠤ᠂ ᠪᠦᠬᠦ ᠨᠠᠮ᠎ᠤᠨ ᠭᠡᠰᠢᠭᠦᠳ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠠᠰᠠᠭᠤᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠨ ᠳᠡᠯᠭᠡᠵᠦ᠂ ᠦᠨᠳᠦᠰᠦ ᠰᠤᠷᠪᠤᠯᠵᠢ ᠵᠢ᠎ᠨᠢ ᠭᠦᠨᠵᠡᠭᠡᠢ ᠵᠠᠳᠠᠯᠤᠨ᠂ ᠬᠤᠪᠢ ᠬᠥᠮᠥᠨ᠎ᠤ ᠬᠠᠷᠢᠴᠠᠭᠤᠯᠤᠭᠰᠠᠨ ᠪᠠᠢ᠌ᠴᠠᠭ᠋ᠠᠯᠲᠠ ᠵᠢᠨ ᠮᠠᠲᠸᠷᠢᠶᠠᠯ ᠵᠶ᠋ᠡᠨ ᠬᠢᠨᠠᠮᠠᠭ᠋ᠠᠢ ᠲᠤᠭᠤᠷᠪᠢᠵᠤ᠂  ᠴᠡᠭᠴᠡᠯᠡᠨ ᠵᠠᠰᠠᠬᠤ  ᠨᠠᠷᠢᠨ ᠳᠠᠩᠰᠠ ᠵᠢ ᠲᠣᠭᠲᠠᠭ᠋ᠠᠪᠠ᠃
     ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ ᠨᠠᠮ᠎ᠤᠨ ᠡᠬᠦᠷ᠎ᠤᠨ ᠲᠡᠳ᠋ ᠱᠦᠵᠢ ᠬᠠᠢ ᠹᠸᠡᠭ ᠨᠦᠬᠦᠷ ᠨᠠᠮ᠎ᠤᠨ ᠡᠭᠦᠷ᠎ᠤᠨ᠎ᠬᠢᠨ ᠵᠶ᠋ᠡᠨ ᠲᠥᠯᠥᠭᠡᠯᠡᠨ ᠪᠦᠬᠦ ᠨᠠᠮ᠎ᠤᠨ ᠭᠡᠰᠢᠭᠦᠳ᠎ᠲᠤ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ  ᠨᠠᠮ᠎ᠤᠨ ᠡᠭᠦᠷ᠎ᠤᠨ 2022 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠂ ᠨᠠᠮ᠎ᠤᠨ ᠰᠤᠷᠲᠠᠯ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠳ᠋ᠦᠩᠨᠡᠯᠲᠡ ᠪᠠ ᠨᠠᠮ᠎ᠤᠨ ᠡᠭᠦᠷ᠎ᠤᠨ᠎ᠬᠢᠨ᠎ᠤ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠪᠡ᠃ ᠡᠯ᠎ᠡ ᠨᠠᠮ᠎ᠤᠨ ᠡᠭᠦᠷ᠎ᠤᠨ ᠭᠡᠰᠢᠭᠦᠳ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠥᠷᠨᠢᠭᠦᠯᠵᠦ᠂ ᠳᠤᠲᠠᠭᠳᠠᠯ ᠪᠠ ᠳᠤᠲᠠᠭᠤᠳᠠᠯ᠎ᠳᠤ᠎ᠪᠠᠨ ᠰᠢᠭᠤᠳ ᠬᠠᠨᠳᠤᠵᠤ᠂ ᠳᠠᠷᠤᠤ ᠬᠢᠴᠢᠶᠡᠩᠭᠦᠢ᠎ᠪᠠᠷ ᠭᠥᠯᠢᠶᠡᠨ ᠠᠪᠤᠭᠰᠠᠨ ᠪᠥᠭᠡᠳ ᠣᠪᠣᠷ ᠵᠶ᠋ᠠᠨ ᠢᠯᠡᠳᠬᠡᠵᠡᠢ᠃
     ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠵᠧᠦ ᠵᠢᠶᠦ᠋ᠨ ᠫᠢᠩ ᠨᠥᠬᠥᠷ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ) ᠵᠢᠨ ᠭᠡᠰᠢᠭᠦᠨ ᠬᠠᠨ ᠮᠢᠩ ᠨᠥᠬᠥᠷ ᠲᠤᠰ ᠤᠳᠠᠭ᠎ᠠ ᠵᠢᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠦᠨᠡᠯᠡᠯᠲᠡ ᠥᠭᠴᠡᠢ᠃
     ᠬᠠᠨ ᠮᠢᠩ ᠨᠥᠬᠥᠷ ᠬᠡᠯᠡᠭᠰᠡᠨ᠎ᠨᠢ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ ᠲᠤᠰ ᠤᠳᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠪᠣᠯᠣᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠤᠷᠠᠯ᠎ᠠᠴᠠ ᠡᠮᠦᠨᠡᠬᠢ ᠤᠨᠤᠯ᠎ᠤᠨ ᠰᠤᠷᠤᠯᠴᠠᠯᠭ᠎ᠠ ᠭᠦᠢ᠍ᠴᠡᠳ᠂ ᠰᠡᠳᠬᠢᠯ᠎ᠤᠨ ᠦᠭᠡ᠎ᠪᠠᠨ ᠶᠠᠷᠢᠯᠴᠠᠬᠰᠠᠨ ᠬᠡᠪᠴᠢᠶ᠎ᠡ ᠎ᠨᠢ ᠥᠷᠭᠡᠨ᠂ ᠬᠤᠷᠠᠯ᠎ᠤᠨ ᠲᠡᠰ ᠳᠠᠷᠠᠭ᠋ᠠᠯᠠᠯ ᠵᠢᠷᠤᠮᠵᠢᠭᠤᠨ᠂ ᠭᠣᠣᠯ ᠰᠡᠳᠦᠪ᠎ᠲᠠᠢ ᠨᠢᠭᠲᠠ ᠤᠶᠠᠯᠳᠤᠭᠤᠯᠵᠤ᠂ ᠠᠰᠠᠭᠤᠳᠠᠯ᠎ᠢ ᠭᠦᠨᠵᠡᠭᠡᠢ ᠪᠣᠳᠠᠲᠠᠢ ᠪᠠᠢ᠌ᠴᠠᠭ᠋ᠠᠨ ᠳᠡᠯᠭᠡᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠭᠦᠨᠵᠡᠭᠡᠢ ᠦᠨᠡᠨᠴᠢ᠂ ᠵᠢᠱ᠌ᠢᠭᠰᠡᠨ ᠦᠷ᠎ᠡ ᠪᠦᠲᠦᠮᠵᠢ ᠬᠦᠷᠴᠦ ᠴᠢᠳᠠᠵᠠᠢ᠃ ᠲᠠᠷᠠᠭ᠋ᠠᠴᠢ᠎ᠪᠠᠷ ᠠᠰᠠᠭᠤᠳᠠᠯ᠎ᠢ  ᠡᠮᠬᠢᠯᠡᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ  ᠬᠠᠨᠳᠤᠯᠭ᠎ᠠ᠎ᠲᠠᠢ ᠴᠡᠭᠴᠡᠯᠡᠬᠦ ᠡᠬᠡ ᠲᠠᠩᠰᠠ ᠵᠢ ᠲᠣᠭᠲᠠᠭ᠋ᠠᠵᠤ᠂ ᠴᠡᠭᠴᠯᠡᠡᠬᠦ ᠤᠴᠢᠷ᠂ ᠴᠡᠭᠴᠡᠯᠡᠬᠦ ᠠᠷᠭ᠎ᠠ᠂ ᠴᠡᠭᠴᠡᠯᠡᠬᠦ ᠴᠠᠭ᠎ᠢ ᠲᠣᠳᠣᠷᠬᠠᠢ᠌ᠯᠠᠵᠤ᠂ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠴᠡᠭᠴᠡᠯᠡᠬᠦ ᠵᠢ ᠬᠦᠰᠡᠵᠦ ᠪᠠᠢ᠌ᠨ᠎ᠠ᠃ 
     ᠵᠧᠦ ᠵᠢᠶᠦ᠋ᠨ ᠫᠢᠩ ᠨᠥᠬᠥᠷ ᠬᠡᠯᠡᠭᠰᠡᠨ᠎ᠨᠢ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠬᠦᠷ᠎ᠤᠨ ᠲᠤᠰ ᠤᠳᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠪᠦᠬᠦᠯᠢ ᠴᠣᠭᠴᠠ ᠵᠢᠨ ᠤᠬᠠᠮᠰᠠᠷ ᠵᠶ᠋ᠠᠷ ᠨᠡᠯᠢᠶᠡᠳ ᠴᠢᠩᠭ᠎ᠠ᠂ ᠪᠡᠯᠡᠳᠬᠡᠯ ᠭᠦᠢ᠍ᠴᠡᠳ᠂ ᠭᠣᠣᠯ ᠰᠡᠳᠦᠪ ᠢᠯᠡ ᠲᠣᠳᠣ᠂ ᠦᠵᠡᠯ ᠰᠠᠨᠠᠭ᠎ᠠ᠂ ᠠᠵᠢᠯ᠂ ᠭᠣᠣᠯᠳᠠᠯᠭ᠎ᠠ ᠵᠢᠨ ᠪᠣᠳᠠᠲᠠᠢ ᠪᠠᠢ᠌ᠳᠠᠯ᠎ᠲᠠᠢ ᠣᠶ᠋ᠢᠷᠠᠳᠴᠤ᠂ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠨᠡᠯᠢᠶᠡᠳ ᠭᠦᠨᠵᠡᠭᠡᠢ ᠬᠢᠵᠤ᠂  ᠴᠡᠭᠴᠡᠯᠡᠬᠦ ᠠᠷᠭ᠎ᠠ ᠨᠡᠯᠢᠶᠡᠳ ᠪᠦᠷᠢᠨ ᠪᠠᠢ᠌ᠨ᠎ᠠ᠃ ᠲᠠᠷᠠᠭ᠋ᠠᠴᠢ᠎ᠪᠠᠷ ᠨᠢᠭᠡ᠎ᠳᠤ᠂ ᠤᠨᠤᠯ᠎ᠤᠨ ᠰᠤᠷᠤᠯᠴᠠᠯᠭ᠎ᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠡᠭᠦᠷ᠎ᠤᠨ ᠭᠡᠰᠢᠭᠦᠨ ᠲᠦᠷᠦᠭᠦᠯᠡᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠡᠵᠡᠮᠳᠡᠵᠦ᠂ ᠭᠦᠨᠵᠡᠭᠡᠢ ᠨᠠᠢ᠌ᠳᠠᠪᠤᠷᠢᠵᠢᠭᠤᠯᠵᠤ᠂ ᠤᠬᠠᠮᠰᠠᠷ᠎ᠠᠴᠠ᠎ᠪᠠᠨ 《ᠬᠣᠶᠠᠷ᠎ᠢ  ᠳᠣᠭᠳᠠᠭ᠋ᠠᠭᠰᠠᠨ》 ᠎ᠤ ᠡᠷᠡᠰ ᠬᠦᠷᠢᠶᠡᠯᠡᠭᠴᠢ ᠪᠠ 《ᠬᠣᠶᠠᠷ᠎ᠢ ᠬᠠᠮᠠᠭ᠋ᠠᠯᠠᠬᠤ》 ᠵᠢ ᠡᠷᠡᠰ ᠦᠢ᠍ᠯᠡᠳᠦᠯᠭᠡᠵᠢᠭᠦᠯᠦᠭᠴᠢ ᠪᠣᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠪᠦᠬᠦᠯᠢ ᠴᠣᠭᠴᠠ ᠵᠢᠨ ᠠᠵᠢᠯ᠎ᠳᠤ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠦᠨᠳᠦᠰᠦᠨ ᠱᠠᠲᠤᠨ᠎ᠤ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠦᠨᠳᠦᠰᠦᠨ ᠱᠠᠲᠤᠨ᠎ᠳᠤ ᠭᠦᠨᠵᠡᠭᠡᠢ᠌ᠷᠡᠨ ᠦᠢ᠍ᠯᠡᠴᠢᠯᠡᠬᠡ ᠬᠦᠷᠳᠡᠭᠰᠡᠳ᠎ᠤᠨ ᠵᠶ᠋ᠡᠨ ᠪᠣᠳᠠᠲᠠᠢ ᠪᠠᠢ᠌ᠳᠠᠯ ᠪᠠ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠡᠵᠡᠮᠰᠢᠵᠦ᠂ ᠰᠢᠢ᠍ᠳᠪᠦᠷᠢᠯᠡᠬᠦ ᠠᠷᠭ᠎ᠠ ᠪᠣᠳᠣᠯᠭ᠎ᠠ ᠵᠢ ᠳᠤᠷᠠᠳᠤᠨ ᠭᠠᠷᠭ᠋ᠠᠵᠤ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠴᠢᠨᠠᠷᠯᠢᠭ ᠬᠥᠭᠵᠢᠯᠲᠡ ᠵᠢᠨ ᠠᠵᠢᠯ᠎ᠤᠨ ᠰᠡᠳᠬᠢᠮᠵᠢ ᠵᠢ ᠪᠣᠶ ᠪᠣᠯᠭ᠋ᠠᠬᠤ ᠬᠡᠷᠡᠭᠲᠡᠢ᠃ ᠭᠤᠷᠪᠠ᠎ᠳᠤ᠂ ᠤᠢ᠌ᠯᠠᠭ᠋ᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠬᠠᠷᠢᠯᠴᠠᠨ ᠰᠢᠭᠦᠮᠵᠢᠯᠡᠬᠦ ᠠᠵᠢᠯ᠎ᠢ ᠬᠤᠷᠴᠠ ᠰᠢᠷᠦᠭᠦᠨ ᠦᠷᠨᠢᠬᠦᠯᠵᠤ᠂ ᠨᠠᠮ᠎ᠤᠨ ᠪᠠᠢ᠌ᠭᠤᠯᠤᠯᠲᠠ᠎ᠪᠠᠷ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠬᠥᠲᠥᠯᠥᠨ ᠵᠢᠯᠤᠭᠤᠳᠬᠤ ᠬᠡᠷᠡᠭᠳᠡᠢ᠃ ᠳᠥᠷᠪᠡ᠎ᠳᠤ᠂ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠢ᠌ᠳᠠᠪᠤᠷᠢᠵᠢᠭᠤᠯᠵᠤ᠂ ᠪᠠᠭ᠎ᠤᠨ ᠪᠦᠷᠢᠯᠳᠦᠭᠦᠨ ᠨᠠᠷ ᠦᠵᠡᠯ ᠰᠠᠨᠠᠭ᠋ᠠᠨ᠎ᠤ ᠲᠠᠯ᠎ᠠ᠎ᠪᠠᠷ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠴᠢᠬᠤᠯᠠᠴᠢᠯᠠᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠪᠠᠴᠢᠮ ᠎ᠢ ᠠᠷᠭ᠋ᠠᠴᠠᠭ᠋ᠠᠬᠤ ᠲᠥᠰᠥᠯ᠎ᠳᠤ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠠᠶᠤᠯ ᠦᠬᠡᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠥᠪᠡᠷ᠎ᠢ᠎ᠪᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠤᠳᠠᠯ ᠦᠭᠡᠢ ᠬᠤᠷᠠᠯᠳᠤᠬᠤ᠎ᠪᠠᠷ ᠪᠠᠢ᠌ᠭ᠎ᠠ ᠪᠦᠬᠦ ᠤᠯᠤᠰ᠎ᠤᠨ 《ᠬᠣᠶᠠᠷ ᠬᠤᠷᠠᠯ》᠎ᠳᠤ ᠰᠠᠢ᠌ᠨ ᠰᠠᠢ᠌ᠬᠠᠨ ᠠᠮᠤᠷ ᠲᠦᠪᠰᠢᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ᠃
    2 ᠰᠠᠷ᠎ᠠ ᠵᠢᠨ 28᠎ᠤ ᠦᠳᠡ ᠵᠢᠨ ᠬᠣᠢ᠌ᠨ᠎ᠠ᠂ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠡᠩ᠎ᠤᠨ ᠨᠠᠮ᠎ᠤᠨ ᠬᠡᠰᠢᠬᠦᠳ ᠨᠠᠮ᠎ᠤᠨ ᠲᠤᠭᠤᠢ᠌ᠯᠠᠡᠭ ᠵᠶ᠋ᠠᠷ ᠨᠢᠬᠡᠴᠢ ᠪᠣᠯᠭ᠋ᠠᠨ ᠲᠤᠰ ᠲᠤᠰ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠢᠵᠦ᠂ ᠬᠤᠷᠠᠯ ᠳᠡᠭᠡᠷ᠎ᠡ ᠨᠠᠮ᠎ᠤᠨ ᠭᠡᠰᠢᠭᠦᠨ ᠨᠢᠬᠡ ᠪᠦᠷᠢ ᠭᠣᠣᠯ ᠰᠡᠳᠦᠪ᠎ᠤᠨ ᠲᠣᠭᠣᠷᠢᠨ᠎ᠳᠤ ᠲᠤᠰ ᠪᠡᠶ᠎ᠡ ᠵᠢᠨ ᠦᠵᠡᠯ ᠰᠠᠨᠠᠭ᠎ᠠ᠂ ᠠᠵᠢᠯ᠂ ᠰᠤᠷᠲᠠᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠢᠭᠡᠳ ᠨᠢᠭᠡ᠎ᠪᠠᠷ ᠬᠠᠷᠢᠴᠠᠭᠤᠯᠤᠨ ᠪᠠᠢ᠌ᠴᠠᠭ᠋ᠠᠵᠤ᠂ ᠥᠪᠡᠷ᠎ᠤᠨ ᠬᠣᠢ᠌ᠰᠢᠳᠠ ᠵᠢᠨ ᠴᠢᠷᠮᠠᠢ᠌ᠬᠤ ᠴᠢᠭᠯᠡᠯ ᠪᠠ ᠴᠡᠭᠴᠡᠯᠡᠨ ᠰᠠᠢ᠌ᠵᠢᠷᠠᠭᠤᠯᠬᠤ ᠠᠷᠭ᠎ᠠ᠎ᠪᠠᠨ ᠲᠣᠳᠣᠷᠬᠠᠢ᠌ᠯᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠲᠥᠪ ᠴᠢᠩᠭ᠎ᠠ ᠨᠠᠷᠢᠨ ᠬᠢᠨᠠᠮᠠᠭ᠋ᠠᠢ ᠥᠷᠨᠢᠭᠦᠯᠵᠦ᠂ ᠭᠣᠣᠯ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠳᠤ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ᠎ᠤᠨ ᠰᠡᠬᠦᠯ᠎ᠳᠤ ᠪᠦᠬᠦ ᠨᠠᠮ᠎ᠤᠨ ᠭᠡᠰᠢᠭᠦᠳ ᠬᠠᠷᠢᠯᠴᠠᠨ ᠠᠷᠠᠳᠴᠢᠯᠠᠯ ᠵᠶ᠋ᠠᠷ ᠦᠨᠡᠯᠡᠯᠲᠡ ᠬᠢᠪᠡ᠃
     ᠲᠤᠰ ᠤᠳᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠪᠦᠬᠦ ᠨᠠᠮ᠎ᠤᠨ ᠭᠡᠰᠢᠭᠦᠨ᠎ᠢ ᠦᠵᠡᠯ ᠰᠠᠨᠠᠭ᠎ᠠ ᠲᠠᠨᠢᠯᠲᠠ ᠵᠢᠨ ᠲᠠᠯ᠎ᠠ᠎ᠪᠠᠷ᠂ ᠵᠣᠷᠢᠯᠲᠠ ᠵᠢᠨ ᠤᠬᠠᠮᠰᠠᠷ᠎ᠤᠨ ᠲᠠᠯ᠎ᠠ᠎ᠪᠠᠷ ᠰᠢᠨ᠎ᠡ ᠳᠡᠭᠡᠭᠰᠢᠯᠡᠯᠲᠡ᠎ᠲᠠᠢ ᠪᠣᠯᠭ᠋ᠠᠵᠤ᠂ ᠨᠠᠮ᠎ᠤᠨ ᠭᠡᠰᠢᠭᠦᠳ᠎ᠤᠨ ᠬᠣᠭᠣᠷᠣᠨᠳᠣᠬᠢ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠨᠢ ᠦᠨᠡᠨᠴᠢ ᠪᠦᠬᠡᠳ ᠦᠨᠡᠨ ᠦᠭᠡ ᠬᠡᠯᠡᠵᠦ᠂ ᠰᠡᠳᠬᠢᠯ᠎ᠤᠨ ᠦᠭᠡ᠎ᠪᠠᠨ ᠶᠠᠷᠢᠬᠰᠠᠨ ᠵᠶ᠋ᠡᠷ ᠦᠵᠡᠯ ᠰᠠᠨᠠᠭ᠎ᠠ᠎ᠪᠠᠨ ᠨᠢᠭᠡᠳᠬᠡᠬᠦ᠂ ᠰᠤᠷᠲᠠᠯ ᠵᠶ᠋ᠠᠨ ᠰᠠᠢ᠌ᠵᠢᠷᠠᠭᠤᠯᠬᠤ᠂ ᠪᠦᠯᠬᠦᠮᠳᠡᠯ ᠵᠶ᠋ᠡᠨ ᠴᠢᠩᠭ᠋ᠠᠳᠬᠠᠬᠤ᠂ ᠠᠵᠢᠯ ᠵᠶ᠋ᠠᠨ ᠠᠬᠢᠭᠤᠯᠬᠤ ᠵᠣᠷᠢᠯᠭ᠎ᠠ᠎ᠳᠤ᠎ᠪᠠᠨ ᠬᠦᠷᠴᠦ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠪᠠᠲᠤ ᠰᠠᠭᠤᠷᠢ ᠵᠢ ᠲᠠᠯᠪᠢᠭᠰᠠᠨ ᠪᠠᠢ᠌ᠨ᠎ᠠ᠃

 

 

            ᠮᠡᠳᠡᠭᠡᠯᠡᠭᠴᠢ ᠵᠢᠨ ᠬᠠᠶᠢᠭ᠄ ᠦᠪᠡᠷᠳᠡᠬᠡᠨ ᠵᠠᠰᠠᠬᠤ ᠤᠷᠤᠨ᠎ᠤ  ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ

              ᠤᠷᠴᠢᠭᠤᠯᠤᠬ᠍ᠴᠢ ᠵᠢᠨ ᠬᠠᠶᠢᠭ᠄ ᠬᠦᠬᠡᠬᠤᠳᠠ ᠵᠢᠨ ᠮᠤᠡᠭᠭᠤᠯ ᠰᠤᠷᠭ᠋ᠠᠭᠤᠯᠢ

 

 

 

 

 


 


ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠵᠡᠭᠦᠨᠭ᠋ᠠᠷ ᠬᠤᠰᠢᠭᠤ 《ᠣᠶᠤᠨᠲᠤ ᠡᠭᠦᠳᠡᠨ ᠫᠠᠢ᠌ᠰᠠ》 ᠵᠢ ᠰᠦᠯᠵᠢᠶᠡᠨ᠎ᠳᠤ ᠣᠷᠣᠭᠤᠯᠤᠨ ᠬᠡᠷᠡᠭᠯᠡᠯᠲᠡ᠎ᠳᠤ ᠣᠷᠣᠭᠤᠯᠪᠠ
ᠯᠧᠢ ᠹᠧᠩ᠎ᠤᠨ ᠵᠣᠷᠢᠭ ᠰᠠᠨᠠᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠳᠤᠮᠳᠠ ᠬᠡᠷᠡᠯ ᠬᠢᠯᠪᠠᠭ᠎ᠠ᠎ᠪᠠᠨ ᠰᠠᠴᠤᠷᠠᠭᠤᠯᠤᠬᠰᠠᠭ᠋ᠠᠷ ᠪᠠᠢ᠌ᠨ᠎ᠠ
ᠣᠯᠠᠨ ᠠᠷᠭ᠎ᠠ ᠠᠪᠴᠠᠯ ᠵᠶ᠋ᠠᠷ ᠠᠮᠤᠷ ᠠᠮᠤᠭᠤᠯᠠᠩ ᠵᠠᠭ᠋ᠠᠭ ᠱᠤᠭᠤᠮ᠎ᠢ ᠡᠭᠦᠳᠦᠨ ᠪᠠᠢ᠌ᠭᠤᠯᠵᠤ᠂ 《ᠠᠮᠤᠷ ᠠᠮᠤᠭᠤᠯᠠᠩ ᠥᠪᠥᠷ ᠮᠣᠩᠭᠣᠯ》᠎ᠢ ᠪᠦᠲᠦᠭᠡᠨ ᠪᠠᠶ᠋ᠢᠭᠤᠯᠬᠤ᠎ᠳᠤ ᠬᠤᠪᠢ ᠨᠡᠮᠡᠷᠢ᠎ᠪᠠᠨ ᠬᠠᠨᠳᠢᠪᠯᠠᠪᠠ
ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ᠎ᠬᠢᠨ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠶᠡᠬᠡ ᠬᠢᠴᠢᠶᠡᠯ᠎ᠤᠨ ᠲᠠᠩᠬᠢᠮ᠎ᠤᠨ ᠠᠵᠢᠯᠯᠠᠭ᠋ᠠᠨ᠎ᠳᠤ ᠢᠳᠡᠪᠬᠢᠲᠡᠢ ᠤᠷᠤᠯᠴᠠᠪᠠ
ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠬᠡᠤᠬᠡᠳ ᠨᠠᠰᠤᠲᠠᠢ᠌ᠴᠤᠳ》᠎ᠢ ᠬᠠᠯᠠᠮᠵᠢᠯᠠᠨ ᠬᠠᠢ᠌ᠷᠠᠯᠠᠬᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠣᠷᠳᠣᠰ ᠬᠣᠲᠠ᠎ᠳᠤ ᠶᠠᠪᠤᠭᠳᠠᠪᠠ
 
            