ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠬᠢᠬᠦ᠎ᠳᠤ ᠰᠤᠷᠤᠯᠭ᠎ᠠ ᠵᠢᠨ ᠨᠠᠮᠲᠠᠷ᠎ᠤᠨ ᠲᠠᠯ᠎ᠠ᠎ᠪᠠᠷ ᠱᠠᠭ᠋ᠠᠷᠳᠠᠯᠭ᠎ᠠ᠎ᠲᠠᠢ ᠤᠤ?
ᠨᠡᠶᠢᠲᠡᠯᠡᠭᠰᠡᠨ ᠴᠠᠭ᠄ 2023-04-21

                     ᠵᠢᠨ ᠮᠢᠶᠤᠤ   ᠴᠧᠨ ᠮᠧᠢ ᠷᠦᠩ ᠤᠷᠴᠢᠭᠤᠯᠪᠠ
     2019 ᠣᠨ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ 《ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠠᠷᠢᠮᠵᠢᠶ᠎ᠠ (2019 ᠣᠨ᠎ᠤ ᠬᠡᠪᠯᠡᠯ)》 ᠵᠢ ᠨᠡᠶ᠋ᠢᠲᠡᠯᠡᠨ ᠬᠡᠷᠡᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠵᠢᠨ ᠠᠵᠢᠯ᠎ᠳᠤ ᠣᠷᠣᠬᠤ ᠨᠥᠬᠥᠴᠡᠯ᠎ᠢ ᠠᠭᠤᠵᠢᠭᠤ ᠲᠠᠯᠪᠢᠵᠤ᠂ ᠠᠵᠢᠯᠯᠠᠵᠤ ᠪᠠᠶ᠋ᠢᠭ᠎ᠠ ᠬᠥᠮᠦᠰ᠎ᠤᠨ 《ᠡᠩ᠎ᠤᠨ ᠰᠤᠷᠭ᠋ᠠᠨ ᠬᠥᠮᠦᠵᠢᠯ ᠭᠥᠷᠳᠡᠭᠰᠡᠨ ᠬᠡᠮᠵᠢᠶ᠎ᠡ》 ᠵᠢ 《ᠠᠩᠬ᠎ᠠ ᠳᠤᠮᠳᠠᠳᠤ ᠰᠤᠷᠭ᠋ᠠᠭᠤᠯᠢ ᠲᠡᠭᠦᠰᠦᠭᠰᠡᠳ》 ᠪᠠᠶ᠋ᠢᠭᠰᠠᠨ᠎ᠠᠴᠠ 《ᠰᠤᠷᠤᠯᠭ᠎ᠠ ᠵᠢᠨ ᠨᠠᠮᠲᠠᠷ᠎ᠤᠨ ᠲᠠᠯ᠎ᠠ᠎ᠪᠠᠷ ᠱᠠᠭ᠋ᠠᠷᠳᠠᠯᠭ᠎ᠠ ᠦᠭᠡᠢ》 ᠪᠣᠯᠭ᠋ᠠᠨ ᠳᠣᠭᠢᠷᠠᠭᠤᠯᠪᠠ᠃ ᠲᠠᠪᠤᠳᠤᠭ᠋ᠠᠷ ᠳᠡᠰ / ᠠᠩᠬ᠎ᠠ ᠵᠡᠷᠭᠡ ᠵᠢᠨ ᠠᠵᠢᠯᠲᠠᠨ᠎ᠢ ᠭᠤᠶᠤᠴᠢᠯᠠᠨ ᠮᠡᠳᠡᠭᠦᠯᠬᠦ ᠨᠥᠬᠥᠴᠡᠯ᠎ᠢ 《ᠲᠣᠰ ᠠᠵᠢᠯ ᠮᠡᠷᠭᠡᠵᠢᠯ᠎ᠳᠤ ᠵᠠᠯᠭ᠋ᠠᠭ᠎ᠠ᠎ᠪᠠᠷ 2 ᠵᠢᠯ᠎ᠠᠴᠠ ᠳᠡᠭᠡᠭᠰᠢ ᠳᠠᠭ᠋ᠠᠵᠤ ᠰᠤᠷᠤᠭᠰᠠᠳ》 ᠪᠠᠶ᠋ᠢᠭᠰᠠᠨ᠎ᠠᠴᠠ 《ᠲᠣᠰ ᠠᠵᠢᠯ ᠮᠡᠷᠭᠡᠵᠢᠯ ᠪᠤᠶᠤ ᠬᠠᠮᠢᠶ᠎ᠠ ᠪᠥᠬᠥᠶ ᠠᠵᠢᠯ ᠮᠡᠷᠭᠡᠵᠢᠯ᠎ᠤᠨ ᠠᠵᠢᠯ᠎ᠢ ᠨᠡᠶ᠋ᠢᠲᠡ 1 ᠵᠢᠯ (ᠪᠠᠭᠲᠠᠨ᠎ᠠ)᠎ᠠᠴᠠ ᠳᠡᠭᠡᠭᠰᠢ ᠬᠢᠭᠰᠡᠳ》 ᠪᠣᠯᠭ᠋ᠠᠨ ᠲᠤᠬᠢᠷᠠᠭᠤᠯᠪᠠ᠃ ᠪᠠᠭ᠎ᠠ ᠰᠤᠷᠭ᠋ᠠᠭᠤᠯᠢ ᠲᠡᠭᠦᠰᠦᠭᠰᠡᠨ ᠦᠨᠡᠮᠯᠡᠯ ᠦᠭᠡᠢ ᠰᠢᠯᠭ᠋ᠠᠭᠤᠯᠤᠭᠴᠢ᠎ᠳᠤ᠂ ᠣᠨᠣᠯ᠎ᠤᠨ ᠮᠡᠳᠡᠯᠭᠡ ᠵᠢᠨ ᠰᠢᠯᠭ᠋ᠠᠯᠲᠠ᠎ᠳᠤ ᠠᠮᠠᠨ ᠰᠢᠯᠭ᠋ᠠᠯᠲᠠ ᠵᠢᠨ ᠠᠷᠭ᠎ᠠ ᠮᠠᠶᠢᠭ᠎ᠢ ᠬᠡᠷᠡᠭᠯᠡᠵᠦ ᠪᠣᠯᠤᠨ᠎ᠠ᠂ ᠭᠣᠤᠯᠳᠠᠭᠤ ᠠᠵᠢᠯᠯᠠᠵᠤ ᠪᠠᠶ᠋ᠢᠭ᠎ᠠ ᠬᠥᠮᠦᠰ᠎ᠤᠨ ᠲᠣᠰ ᠠᠵᠢᠯ ᠮᠡᠷᠭᠡᠵᠢᠯ ᠵᠶ᠋ᠠᠨ ᠡᠷᠭᠢᠯᠡᠨ ᠬᠢᠬᠦ᠎ᠳᠤ ᠡᠵᠡᠮᠰᠢᠪᠡᠰᠦ ᠵᠣᠬᠢᠬᠤ ᠦᠨᠳᠦᠰᠦᠨ ᠱᠠᠭ᠋ᠠᠷᠳᠠᠯᠭ᠎ᠠ ᠪᠠ ᠬᠠᠮᠢᠶ᠎ᠠ ᠪᠥᠬᠥᠶ ᠮᠡᠳᠡᠯᠭᠡ ᠵᠢ ᠬᠢᠨᠠᠨ ᠰᠢᠯᠭ᠋ᠠᠨ᠎ᠠ ᠭᠡᠵᠦ ᠲᠣᠳᠣᠷᠬᠠᠶ ᠲᠣᠭᠲᠠᠭ᠋ᠠᠪᠠ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
《ᠳᠥᠷᠪᠡ ᠵᠢ ᠳᠡᠭᠡᠭᠰᠢᠯᠡᠭᠦᠯᠬᠦ》 ᠵᠢ ᠦᠢ᠍ᠯᠡᠳᠦᠯᠭᠡᠵᠢᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠪᠡ
ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠎ᠬᠢᠨ ᠤᠯᠠᠭ᠋ᠠᠨᠴᠠᠪ ᠬᠣᠲᠠ ᠎ᠳᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ
ᠱᠠᠨ ᠰᠢ ᠮᠤᠵᠢ ᠪᠤᠯᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠦᠬᠡᠬᠤᠲᠠ᠎ᠳᠤ ᠬᠤᠷᠠᠯᠳᠤᠪᠠ
ᠢᠨᠢᠶᠡᠮᠰᠦᠭᠯᠡᠵᠤ ᠶᠠᠪᠤᠶ᠎ᠠ᠂ ᠶᠢᠷᠳᠢᠨᠴᠦ ᠪᠠᠶᠠᠰᠤᠭ
ᠡᠴᠢᠭᠡ᠄ ᠤᠯᠠᠮᠵᠢᠯᠠᠯ᠂ ᠲᠦᠪᠡᠭᠳᠡᠯ᠂ ᠪᠠᠷᠢᠮᠵᠢᠶ᠎ᠠ
 
            