ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠬᠡᠤᠬᠡᠳ ᠨᠠᠰᠤᠲᠠᠢ᠌ᠴᠤᠳ》᠎ᠢ ᠬᠠᠯᠠᠮᠵᠢᠯᠠᠨ ᠬᠠᠢ᠌ᠷᠠᠯᠠᠬᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠣᠷᠳᠣᠰ ᠬᠣᠲᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2023-04-21

                         ᠵᠢᠶᠠᠩ ᠸᠠᠨ ᠯᠢ ᠮᠡᠳᠡᠬᠡᠯᠡᠪᠡ
                         ᠰᠡᠴᠡᠨ ᠤᠷᠴᠢᠭᠤᠯᠪᠠ
    3 ᠳ᠋ᠤᠭ᠋ᠠᠷ ᠰᠠᠷ᠎ᠠ ᠵᠢᠨ 21᠎ᠤ ᠡᠳᠦᠷ᠂ ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《  ᠬᠡᠤᠬᠡᠳ  ᠨᠠᠰᠤᠲᠠᠢ᠌ᠴᠤᠳ》᠎ᠢ  ᠬᠠᠯᠠᠮᠵᠢᠯᠠᠨ ᠬᠠᠢ᠌ᠷᠠᠯᠠᠬᠤ  ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠡᠬᠢᠯᠡᠬᠦᠯᠪᠡ᠃ ᠡᠨᠡ ᠬᠦ᠌ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠭᠣᠣᠯᠯᠠᠨ ᠡᠷᠭᠢᠯᠡᠵᠦ᠂ ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ  ᠬᠠᠮᠵᠢᠯᠴᠠᠨ ᠡᠷᠭᠢᠯᠡᠵᠦ᠂ ᠥᠪᠥᠷ ᠮᠣᠩᠭᠣᠯ᠎ᠤᠨ ᠨᠡᠢ᠌ᠭᠡᠮ᠎ᠤᠨ   ᠠᠵᠢᠯ᠎ᠤᠨ  ᠨᠡᠢ᠌ᠭᠡᠮᠯᠢᠭ᠂ ᠣᠷᠳᠣᠰ ᠬᠣᠲᠠ ᠵᠢᠨ ᠨᠡᠢ᠌ᠭᠡᠮ᠎ᠤᠨ  ᠠᠵᠢᠯᠲᠠᠨ᠎ᠤ ᠬᠤᠯᠪᠤᠭ᠋ᠠᠳᠤ ᠬᠤᠷᠠᠯ᠂ ᠣᠷᠳᠣᠰ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠲᠥᠪ ᠎ᠠᠴᠠ ᠲᠠᠭ᠋ᠠᠭ᠋ᠠᠴᠢᠯᠠᠨ ᠡᠷᠬᠢᠯᠡᠭᠰᠡᠨ ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ   ᠲᠢᠡᠭᠭᠢᠮ᠎ᠤᠨ ᠤᠳᠤᠷᠢᠳᠤᠯᠭ᠎ᠠ᠂ ᠣᠷᠳᠣᠰ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠵᠢᠶᠠᠩ ᠪᠥᠸᠧ ᠬᠤᠷᠠᠯ᠎ᠳᠤ ᠣᠷᠣᠯᠴᠠᠵᠤ  ᠶᠠᠷᠢᠶ᠎ᠠ ᠲᠠᠯᠪᠢᠵᠠᠢ᠃ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ  ᠨᠡᠢ᠌ᠭᠡᠮᠯᠢᠭ᠎ᠤᠨ ᠳᠠᠷᠤᠭ᠎ᠠ ᠦ᠋ ᠵᠢᠨ ᠯᠢᠶᠠᠩ᠂ ᠣᠷᠳᠣᠰ ᠬᠤᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂  ᠳᠡᠳ᠋ ᠵᠠᠬᠢᠷᠤᠯ ᠵᠢᠨ ᠯᠢᠶᠠᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠬᠤᠷᠠᠯ᠎ᠢ ᠡᠷᠭᠢᠯᠡᠪᠡ᠃

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ   ᠲᠢᠡᠭᠭᠢᠮ᠎ᠤᠨ ᠤᠳᠤᠷᠢᠳᠤᠯᠭ᠎ᠠ   ᠶᠠᠷᠢᠶᠠᠨ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠡᠢ᠌ᠭᠡᠮ᠎ᠤᠨ ᠠᠵᠢᠯ᠎ᠤᠨ ᠬᠥᠭᠵᠢᠯᠲᠡ ᠵᠢ ᠶᠡᠬᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ  ᠬᠣᠯᠪᠤᠭ᠋ᠠᠲᠤ ᠬᠤᠷᠠᠯ᠎ᠤᠨ ᠲᠣᠭᠲᠠᠴᠠ ᠵᠢ ᠨᠢᠭᠡᠳᠦᠯᠲᠡᠢ ᠲᠥᠯᠥᠪᠵᠢᠭᠦᠯᠦᠨ ᠪᠠᠢ᠌ᠭᠤᠯᠵᠤ᠂ ᠰᠢᠷᠢᠰ ᠳᠦᠷᠢᠮ᠎ᠤᠨ ᠪᠢᠴᠢᠭ ᠮᠠᠲ᠋ᠧᠷᠢᠶᠠᠯ᠂ ᠲᠦᠷᠦ ᠵᠢᠨ ᠪᠣᠳᠣᠯᠭ᠎ᠠ ᠠᠷᠭ᠎ᠠ  ᠬᠡᠮᠵᠢᠶ᠎ᠡ ᠵᠢ ᠨᠡᠢ᠌ᠲᠡᠯᠡᠵᠦ᠂ ᠨᠡᠢ᠌ᠭᠡᠮ᠎ᠤᠨ ᠠᠵᠢᠯ᠎ᠤᠨ ᠬᠥᠭᠵᠢᠯᠲᠡ᠎ᠳᠤ ᠵᠣᠬᠢᠶᠠᠨ ᠪᠠᠢ᠌ᠭᠤᠯᠤᠯᠲᠠ ᠵᠢᠨ ᠴᠢᠡᠭᠭ᠎ᠠ ᠪᠠᠲᠤᠯᠠᠭ᠎ᠠ ᠬᠠᠩᠭ᠋ᠠᠵᠠᠢ᠃ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠳᠠᠪᠠᠭᠤᠯᠢᠭ ᠵᠶ᠋ᠠᠨ ᠪᠠᠳᠠᠷᠠᠭᠤᠯᠵᠤ᠂ ᠡᠯ᠎ᠡ ᠲᠠᠯ᠎ᠠ ᠵᠢᠨ ᠪᠡᠯᠡ ᠮᠥᠩᠭᠥ ᠵᠢᠨ ᠡᠬᠢ ᠪᠠᠶᠠᠯᠢᠭ᠎ᠢ ᠭᠦᠨᠵᠡᠭᠡᠢ ᠠᠭᠤᠰᠤᠯᠴᠠᠭᠤᠯᠤᠨ᠂ 《ᠬᠡᠤᠬᠡᠳ  ᠨᠠᠰᠤᠲᠠᠢ᠌ᠴᠤᠳ 》᠎ᠢ ᠬᠠᠯᠠᠮᠵᠢᠯᠠᠬᠤ ᠦᠢ᠍ᠯᠡᠴᠢᠯᠡᠭᠡ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠡᠷᠭᠡ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠨᠠᠰᠤᠨ᠎ᠳᠤ ᠥᠯᠥ ᠬᠦᠷᠦᠭᠰᠡᠳ ᠪᠠ ᠨᠠᠰᠤᠲᠠᠢ᠌ᠴᠤᠳ᠎ᠤᠨ ᠣᠯᠠᠨ ᠶᠠᠩᠵᠤ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠬᠠᠩᠭ᠋ᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠵᠡᠷᠭᠡ ᠲᠠᠯ᠎ᠠ᠎ᠪᠠᠷ ᠨᠡᠢ᠌ᠭᠡᠮ᠎ᠤᠨ ᠠᠵᠢᠯ᠎ᠤᠨ ᠢᠳᠡᠪᠬᠢᠲᠡᠢ ᠦᠢ᠍ᠯᠡᠳᠦᠯ᠎ᠢ ᠪᠠᠳᠠᠷᠠᠭᠤᠯᠪᠠ᠃  ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠲᠣᠰ ᠠᠵᠢᠯᠯᠠᠭ᠎ᠠ᠎ᠪᠠᠷ ᠲᠣᠬᠢᠶᠠᠯ ᠪᠣᠯᠭ᠋ᠠᠵᠤ᠂ 《ᠲᠠᠪᠤᠨ  ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠪᠠ 《ᠬᠡᠤᠬᠡᠳ ᠪᠠ  ᠨᠠᠰᠤᠲᠠᠢ᠌ᠴᠤᠳ》 ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠭᠦᠨᠵᠡᠭᠡᠢ  ᠠᠭᠤᠰᠤᠯᠴᠠᠯ ᠎ᠢ ᠠᠬᠢᠭᠤᠯᠵᠤ᠂ ᠨᠠᠩ ᠣᠯᠠᠨ ᠦᠢ᠍ᠯᠡᠴᠢᠯᠡᠭᠡᠨ᠎ᠤ ᠨᠠᠷᠠᠲᠤ  ᠲᠡᠮᠳᠡᠭ᠎ᠢ ᠪᠣᠶ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠩ ᠰᠠᠢ᠌ᠲᠤᠷ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃

    ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠵᠢᠶᠠᠩ ᠪᠥᠸᠧ  ᠶᠠᠷᠢᠶᠠᠨ᠎ᠳᠤ᠎ᠪᠠᠨ ᠣᠷᠳᠣᠰ ᠬᠣᠲᠠ ᠵᠢᠨ᠎ᠬᠢᠨ ᠤᠷᠴᠢᠮ᠎ᠤᠨ ᠵᠢᠯ 《ᠬᠡᠤᠬᠡᠳ ᠨᠠᠰᠤᠲᠠᠢ᠌ᠴᠤᠳ᠂ ᠬᠦᠴᠢᠷᠳᠡᠯᠲᠡᠢ ᠵᠡᠮᠳᠡᠭᠴᠦᠳ》 ᠵᠡᠷᠭᠡ  ᠣᠨᠴᠠ ᠬᠦᠴᠢᠷᠳᠡᠯᠲᠡᠢ ᠬᠥᠮᠥᠰ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠨᠢᠭᠡ ᠮᠥᠴᠡ》 ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠬᠡᠦᠬᠡᠳ᠎ᠤᠨ ᠠᠰᠠᠷᠠᠮᠵᠢ ᠪᠠ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ   ᠰᠢᠰᠲᠸᠮ᠎ᠢ ᠲᠡᠭᠦᠯᠳᠡᠷᠵᠢᠭᠦᠯᠵᠦ᠂ ᠤᠷᠳᠤᠰ ᠬᠣᠲᠠ ᠵᠢᠨ ᠳᠥᠷᠪᠡᠨ ᠱᠠᠲᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ   ᠰᠢᠰᠲᠸᠮ᠎ᠢ ᠪᠠᠢ᠌ᠭᠤᠯᠵᠤ᠂ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢᠨ 《ᠬᠡᠤᠬᠡᠳ  ᠨᠠᠰᠤᠲᠠᠢ᠌ᠴᠤᠳ》᠎ᠲᠤ ᠦᠢ᠍ᠯᠡᠴᠢᠯᠡᠬᠦ ᠪᠦᠲᠦᠮᠵᠢᠲᠡᠶ ᠠᠷᠭ᠎ᠠ ᠵᠢ ᠲᠠᠰᠤᠷᠠᠯᠲᠠ ᠦᠭᠡᠢ ᠰᠦᠪᠡᠭᠴᠢᠯᠡᠵᠦ᠂ ᠡᠯ᠎ᠡ ᠲᠥᠷᠥᠯ᠎ᠤᠨ ᠪᠡᠯᠡ ᠮᠥᠩᠭᠥ ᠵᠢ 8700 ᠭᠠᠷᠤᠢ ᠲᠦᠮᠡᠨ ᠲᠥᠭᠥᠷᠢᠭ ᠨᠢᠭᠡᠳᠦᠯᠲᠡᠢ ᠲᠥᠯᠥᠪᠯᠡᠨ᠂ ᠨᠠᠰᠤᠲᠠᠢ᠌ᠴᠤᠳ᠂ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠵᠡᠷᠭᠡ ᠦᠢ᠍ᠯᠡᠴᠢᠯᠡᠭᠡᠨ᠎ᠤ  ᠲᠥᠷᠦᠯ ᠵᠦᠢ᠍ᠯ᠎ᠢ ᠵᠠᠯᠭ᠋ᠠᠭ᠎ᠠ᠎ᠪᠠᠷ 600 ᠶᠠᠪᠤᠬᠳᠠᠭᠤᠯᠵᠤ᠂ ᠨᠠᠰᠤᠲᠠᠢ᠌ᠴᠤᠳ᠎ᠲᠤ 10 ᠲᠦᠮᠡ ᠭᠠᠷᠤᠢ  ᠬᠦᠮᠦᠨ ᠤᠳᠠᠭ᠎ᠠ᠂ ᠬᠡᠦᠬᠡᠳ᠎ᠲᠤ 2 ᠲᠦᠮᠡ ᠭᠠᠷᠤᠢ ᠬᠦᠮᠦᠨ ᠤᠳᠠᠭ᠎ᠠ  ᠦᠢ᠍ᠯᠡᠴᠢᠯᠡᠨ᠂ ᠨᠠᠰᠤᠲᠠᠢ᠌ᠴᠤᠳ᠎ᠢ ᠬᠠᠪᠰᠤᠷᠤᠨ ᠬᠡᠤᠬᠡᠳ᠎ᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ  ᠨᠢᠭᠡᠨ ᠰᠢᠷᠢᠰ ᠨᠠᠷᠠᠲᠤ  ᠲᠡᠮᠳᠡᠭ᠎ᠢ ᠪᠣᠶ ᠪᠣᠯᠭ᠋ᠠᠪᠠ ᠬᠡᠵᠡᠢ᠃

     ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠵᠣᠷᠢᠭᠵᠢᠭᠤᠯᠤᠨ ᠬᠥᠮᠥᠵᠢᠭᠦᠯᠵᠦ᠂ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠦᠷ᠎ᠡ ᠪᠦᠲᠦᠮᠵᠢ ᠵᠢ ᠥᠷᠭᠡᠳᠬᠡᠬᠦ ᠵᠢᠨ ᠲᠥᠯᠥᠭᠡ᠂ ᠡᠬᠢᠯᠡᠯᠲᠡ ᠵᠢᠨ ᠶᠣᠰᠣᠯᠠᠯ ᠲᠡᠬᠡᠷ᠎ᠡ ᠮᠠᠨ᠎ᠤ ᠣᠷᠣᠨ᠎ᠤ 2022 ᠣᠨ᠎ᠤ  ᠨᠡᠢ᠌ᠭᠡᠮ᠎ᠤᠨ ᠠᠵᠢᠯ᠎ᠤᠨ ᠰᠢᠯᠢᠳᠡᠭ ᠲᠥᠷᠥᠯ ᠵᠦᠢ᠍ᠯ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ ᠪᠠ ᠣᠷᠳᠣᠰ ᠬᠤᠳᠠ ᠵᠢᠨ 《ᠬᠠᠮᠤᠭ᠎ᠤᠨ ᠰᠤᠳᠤᠨ ᠨᠡᠢ᠌ᠭᠡᠮ᠎ᠤᠨ ᠠᠵᠢᠯᠲᠠᠨ》᠎ᠢ ᠬᠥᠬᠢᠭᠦᠯᠦᠨ ᠰᠠᠢ᠌ᠰᠢᠶᠠᠭᠰᠠᠨ ᠪᠥᠭᠡᠳ  ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ ᠨᠡᠢ᠌ᠭᠡᠮ᠎ᠤᠨ ᠠᠵᠢᠯ᠎ᠤᠨ ᠬᠢᠨᠠᠨ ᠵᠢᠯᠤᠭᠣᠳᠬᠤ  ᠴᠢᠳᠠᠪᠤᠷᠢᠲᠠᠨ᠎ᠤ ᠲᠥᠯᠥᠭᠡᠯᠡᠭᠴᠢ᠎ᠳᠤ ᠤᠷᠢᠯᠭ᠎ᠠ ᠵᠢᠨ ᠪᠢᠴᠢᠭ ᠭᠠᠷᠳᠠᠭᠤᠯᠪᠠ᠃ ᠡᠭᠦᠨ᠎ᠤ ᠬᠠᠮᠳᠤ ᠨᠢᠭᠦᠯᠡᠰᠦᠩᠭᠦᠢ ᠵᠢᠨ  ᠬᠠᠨᠳᠢᠪᠯᠠᠬᠤ ᠶᠣᠰᠣᠯᠠᠯ᠂ ᠳᠤᠮᠳᠠᠳᠤ ᠤᠯᠤᠰ᠎ᠤᠨ ᠰᠠᠢ᠌ᠨ ᠨᠡᠶ᠋ᠢᠲᠡ ᠵᠢᠨ ᠠᠰᠠᠷᠠᠮᠵᠢ ᠵᠢᠨ ᠲᠠᠪᠴᠠᠩ᠎ᠤᠨ  ᠲᠥᠷᠦᠯ ᠵᠦᠢ᠍ᠯ ᠪᠣᠯᠣᠨ  ᠵᠠᠰᠠᠭ  ᠰᠤᠷᠭ᠋ᠠᠭᠤᠯᠢ  ᠨᠡᠢ᠌ᠭᠡᠮ᠎ᠤᠨ 《ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂   ᠰᠣᠳᠤᠯᠭ᠋ᠠᠨ᠎ᠤ ᠪᠠᠢ᠌ᠭᠤᠯᠤᠮᠵᠢ》 ᠵᠢᠨ ᠪᠠᠢ᠌ᠯᠳᠤᠬᠤ ᠪᠣᠳᠣᠯᠭ᠎ᠠ ᠵᠢᠨ  ᠬᠣᠷᠰᠢᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ᠎ᠢ  ᠶᠠᠪᠤᠭᠳᠠᠭᠤᠯᠤᠭᠰᠠᠨ ᠪᠠᠢ᠌ᠨ᠎ᠠ᠃ 
     ᠮᠠᠨ᠎ᠤ ᠣᠷᠣᠨ᠎ᠤ 《ᠲᠠᠪᠤᠨ ᠨᠡᠢ᠌ᠬᠡᠮ ᠬᠠᠮᠲᠤᠷᠠᠨ ᠬᠥᠳᠡᠯᠦᠯᠴᠡᠬᠦ》 ᠵᠢ ᠠᠬᠢᠭᠤᠯᠵᠤ᠂ 《  ᠬᠡᠤᠬᠡᠳ  ᠨᠠᠰᠤᠲᠠᠢ᠌ᠴᠤᠳ》᠎ᠢ ᠬᠠᠯᠠᠮᠵᠢᠯᠠᠨ ᠬᠠᠢ᠌ᠷᠠᠯᠠᠬᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ 3 ᠳ᠋ᠤᠭ᠋ᠠᠷ ᠰᠠᠷ᠎ᠠ ᠵᠢᠨ 21᠎ᠤ ᠡᠳᠦᠷ᠎ᠠᠴᠠ ᠡᠬᠢᠯᠡᠵᠦ᠂ 3 ᠳ᠋ᠤᠭ᠋ᠠᠷ ᠰᠠᠷ᠎ᠠ ᠵᠢᠨ 31᠎ᠤ ᠡᠳᠦᠷ  ᠳᠠᠭᠤᠰᠣᠨ᠎ᠠ᠂ ᠠᠵᠢᠯᠯᠠᠭ᠎ᠠ ᠵᠢᠨ ᠬᠤᠭᠤᠴᠠᠭ᠋ᠠᠨ᠎ᠳᠤ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠥᠷᠥᠯ ᠵᠦᠢ᠍ᠯ᠎ᠢ ᠳᠡᠯᠭᠡᠨ ᠦᠵᠡᠭᠦᠯᠬᠦ᠂ ᠦᠯᠢᠬᠡᠷ ᠵᠢᠱ᠌ᠢᠶ᠎ᠡ ᠵᠢ ᠲᠠᠨᠢᠯᠴᠠᠭᠤᠯᠬᠤ᠂ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠦ ᠵᠡᠷᠭᠡ ᠠᠷᠭ᠎ᠠ᠎ᠪᠠᠷ ᠪᠠᠶᠠᠯᠢᠭ ᠠᠭᠤᠯᠭ᠎ᠠ᠎ᠲᠠᠢ᠂ ᠤᠯᠠᠨ ᠶᠠᠡᠭᠵᠤ ᠵᠢᠨ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠤᠨ ᠲᠤᠬᠠᠢ ᠬᠦᠮᠦᠰ᠎ᠤᠨ ᠲᠠᠨᠢᠯᠳᠠ ᠪᠠ ᠲᠤᠰᠬᠠᠢ ᠮᠡᠷᠬᠡᠵᠢᠯ᠎ᠤᠨ ᠨᠡᠢ᠌ᠬᠡᠮ᠎ᠤᠨ ᠠᠵᠢᠯ᠎ᠤᠨ ᠨᠦᠯᠦᠬᠡ ᠵᠢ ᠥᠷᠭᠡᠳᠬᠡᠨ᠂ ᠡᠯ᠎ᠡ ᠲᠠᠯ᠎ᠠ ᠵᠢᠨ ᠬᠦᠴᠦᠨ᠎ᠢ ᠨᠠᠩ ᠰᠠᠢ᠌ᠲᠤᠷ ᠨᠢᠭᠲᠠᠷᠠᠭᠤᠯᠵᠤ᠂ ᠮᠠᠨ᠎ᠤ ᠣᠷᠣᠨ᠎ᠤ ᠨᠡᠢ᠌ᠭᠡᠮ᠎ᠤᠨ ᠠᠵᠢᠯ᠎ᠤᠨ  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠤᠯᠤᠨ᠎ᠠ᠃
     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠣᠷᠳᠣᠰ ᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ  ᠬᠡᠰᠡᠭ ᠬᠣᠰᠢᠭᠤ ᠰᠢᠶᠠᠨ (ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠪᠥᠬᠥ ᠣᠷᠣᠨ᠎ᠤ ᠠᠩᠬᠠᠳᠤᠭ᠋ᠠᠷ ᠪᠦᠯᠦᠭ᠎ᠤᠨ ᠨᠡᠢ᠌ᠭᠡᠮ᠎ᠤᠨ ᠠᠵᠢᠯ᠎ᠤᠨ ᠬᠢᠨᠠᠨ ᠵᠢᠯᠤᠭᠣᠳᠬᠤ ᠬᠥᠮᠥᠷᠭᠡ ᠵᠢᠨ ᠪᠦᠷᠢᠯᠳᠦᠭᠦᠨ᠎ᠤ ᠲᠥᠯᠥᠭᠡᠯᠡᠭᠴᠢ᠂ ᠬᠡᠰᠡᠭ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ) ᠵᠢᠨ  ᠲᠦᠯᠦᠭᠡᠯᠡᠭᠴᠢᠳ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ 》 ᠰᠡᠳᠬᠦᠯ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠢᠨᠵᠢᠯᠡᠭᠡ ᠮᠡᠷᠭᠡᠵᠢᠯ᠎ᠤᠨ ᠬᠦᠴᠦᠨ᠎ᠢ ᠨᠢᠭᠲᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠤᠨ ᠨᠡᠮᠡᠷᠢᠯᠡᠵᠤ ᠪᠠᠢ᠌ᠨ᠎ᠠ
ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠪᠠᠶ᠋ᠢᠭᠤᠯᠬᠤ᠎ᠪᠠᠷ ᠭᠤᠶᠤᠴᠢᠯᠠᠬᠤ᠎ᠳᠤ ᠶᠠᠮᠠᠷ ᠰᠠᠯᠠᠭ᠎ᠠ ᠮᠥᠴᠢᠷ᠎ᠲᠤ ᠪᠦᠷᠢᠳᠬᠡᠭᠦᠯᠵᠦ ᠳᠠᠩᠰᠠᠯᠠᠭᠤᠯᠬᠤ ᠪᠣᠶ?
ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠬᠢᠬᠦ᠎ᠳᠤ ᠰᠤᠷᠤᠯᠭ᠎ᠠ ᠵᠢᠨ ᠨᠠᠮᠲᠠᠷ᠎ᠤᠨ ᠲᠠᠯ᠎ᠠ᠎ᠪᠠᠷ ᠱᠠᠭ᠋ᠠᠷᠳᠠᠯᠭ᠎ᠠ᠎ᠲᠠᠢ ᠤᠤ?
《ᠳᠥᠷᠪᠡ ᠵᠢ ᠳᠡᠭᠡᠭᠰᠢᠯᠡᠭᠦᠯᠬᠦ》 ᠵᠢ ᠦᠢ᠍ᠯᠡᠳᠦᠯᠭᠡᠵᠢᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠪᠡ
ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠎ᠬᠢᠨ ᠤᠯᠠᠭ᠋ᠠᠨᠴᠠᠪ ᠬᠣᠲᠠ ᠎ᠳᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ
 
            