— ᠬᠢᠩᠭ᠋ᠠᠨ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠯᠧᠢ ᠹᠧᠩ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠬᠤ ᠠᠵᠢᠯᠯᠠᠬᠠ ᠵᠢᠨ ᠲᠤᠬᠠᠢ ᠠᠵᠢᠭᠯᠠᠯᠲᠠ
ᠵᠤᠤ ᠸᠸᠢ ᠴᠤᠤ ᠮᠡᠳᠡᠬᠡᠯᠡᠪᠡ
ᠰᠡᠴᠡᠨ ᠤᠷᠴᠢᠭᠤᠯᠪᠠ
ᠯᠧᠢ ᠹᠧᠩ᠎ᠤᠨ ᠵᠣᠷᠢᠭ ᠰᠠᠨᠠᠭ᠎ᠠ ᠵᠢᠷᠠᠨ ᠬᠠᠪᠤᠷ ᠨᠠᠮᠤᠷ᠎ᠢ ᠲᠤᠭᠤᠯᠤᠨ ᠦᠶ᠎ᠡ ᠲᠠᠮᠵᠢᠨ ᠤᠯᠠᠮᠵᠢᠯᠠᠬᠳᠠᠰᠠᠭ᠋ᠠᠷ᠃ 《ᠯᠧᠢ ᠹᠧᠩ᠎ᠠᠴᠠ ᠰᠤᠷᠤᠯᠴᠠᠬᠤ ᠳᠤᠷᠠᠰᠬᠠᠯ᠎ᠤᠨ ᠡᠳᠦᠷ》᠎ᠤᠨ ᠵᠢᠷᠠᠳᠡᠬᠢ ᠵᠢᠯ᠎ᠤᠨ ᠤᠢ ᠵᠢᠨ ᠲᠠᠰᠢᠷᠠᠮ ᠵᠶ᠋ᠡᠷ᠂ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠴᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠢᠳᠡᠪᠬᠢᠲᠡᠢ ᠲᠠᠢ᠌ᠴᠢᠯᠠᠨ᠂ ᠰᠢᠨ᠎ᠡ ᠴᠠᠭ ᠦᠶ᠎ᠡ ᠵᠢᠨ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠶᠤᠯ ᠲᠦᠭᠰᠢᠭᠦᠷᠢ᠎ᠠᠴᠠ ᠠᠪᠤᠷᠠᠨ ᠬᠦᠴᠢᠷᠳᠡᠯᠲᠡᠢ ᠬᠦᠮᠦᠰ᠎ᠢ ᠲᠤᠰᠠᠯᠠᠵᠤ᠂ ᠪᠤᠰᠤᠳ᠎ᠢ ᠲᠤᠷᠠᠳᠠᠢ᠌ᠶᠠ ᠬᠠᠪᠰᠤᠷᠬᠤ ᠠᠵᠢᠯᠯᠠᠭ᠎ᠠ ᠦᠷᠨᠢᠬᠦᠯᠵᠤ᠂ ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ ᠵᠢᠨ ᠬᠡᠯᠪᠡᠷᠢ ᠵᠢ ᠲᠠᠰᠤᠷᠠᠯᠲᠠ ᠦᠭᠡᠢ ᠰᠢᠨᠡᠳᠬᠡᠨ᠂ ᠯᠧᠢ ᠹᠧᠩ᠎ᠠᠴᠠ ᠰᠤᠷᠤᠯᠴᠠᠬᠤ ᠰᠢᠯᠢᠳᠡᠭ ᠤᠳᠤᠮᠰᠢᠯ᠎ᠢ ᠵᠠᠯᠭ᠋ᠠᠮᠵᠢᠯᠠᠵᠤ ᠪᠠᠢ᠌ᠨ᠎ᠠ᠃
ᠬᠢᠩᠭ᠋ᠠᠨ ᠠᠢ᠌ᠮᠠᠭ᠎ᠤᠨ ᠣᠨᠢᠰᠤᠨᠤ ᠦᠢ᠍ᠯᠡᠰ᠎ᠤᠨ ᠨᠡᠢ᠌ᠭᠡᠮᠯᠢᠭ᠎ᠤᠨ᠎ᠬᠢᠨ 《ᠬᠡᠤᠬᠡᠳ ᠪᠠ ᠨᠠᠰᠤᠲᠠᠢ᠌ᠴᠤᠳ 》᠎ᠢ ᠬᠠᠯᠠᠮᠵᠢᠯᠠᠪᠠ
ᠬᠢᠩᠭ᠋ᠠᠨ ᠠᠢ᠌ᠮᠠᠭ᠎ᠤᠨ ᠣᠨᠢᠰᠤᠨᠤ ᠦᠢ᠍ᠯᠡᠰ᠎ᠤᠨ ᠨᠡᠢ᠌ᠭᠡᠮᠯᠢᠭ᠎ᠤᠨ᠎ᠬᠢᠨ ᠤᠷᠴᠢᠮ᠎ᠳᠤ ᠤᠯᠠᠭ᠋ᠠᠨᠬᠤᠳᠠ ᠵᠢᠨ ᠡᠪᠯᠡᠯ᠎ᠤᠨ ᠬᠣᠷᠢᠶ᠎ᠠ ᠪᠤᠯᠤᠨ ᠲᠢᠶᠠᠨ ᠵᠢᠶᠣᠣ ᠵᠡᠭᠡᠯᠢ ᠵᠢᠨ ᠹᠦ᠋ ᠠᠨ ᠨᠡᠢ᠌ᠭᠡᠮ ᠲᠣᠭᠣᠷᠢᠭ᠎ᠤᠨ ᠬᠠᠮᠲᠤᠷᠠᠭᠰᠠᠨ ᠨᠠᠮ᠎ᠤᠨ ᠬᠣᠷᠢᠶ᠎ᠠ ᠵᠢᠨ᠎ᠬᠢᠨ᠎ᠤ ᠬᠠᠮᠲᠤᠷᠠᠨ ᠡᠷᠭᠢᠯᠡᠭᠰᠡᠨ 3 ᠰᠠᠷ᠎ᠠ ᠵᠢᠨ 5᠎ᠤ ᠡᠳᠦᠷ᠎ᠤᠨ 《ᠯᠧᠢ ᠹᠧᠩ᠎ᠠᠴᠠ ᠰᠤᠷᠤᠯᠴᠠᠬᠤ ᠡᠳᠤᠷ᠎ᠤᠨ ᠭᠠᠷ ᠭᠠᠷ ᠵᠶ᠋ᠡᠨ ᠬᠤᠯᠪᠤᠬᠰᠠᠨ ᠵᠠᠯᠠᠭᠤ ᠨᠠᠰᠤᠨ᠎ᠤ ᠰᠠᠢ᠌ᠨ ᠳᠤᠷ᠎ᠠ ᠵᠢᠨ ᠠᠶᠠᠯᠠᠯ》 ᠬᠡᠮᠡᠬᠦ ᠦᠳᠡᠬᠦᠰ ᠪᠠ ᠬᠡᠤᠬᠡᠳ᠎ᠢ ᠬᠠᠯᠠᠮᠵᠢᠯᠠᠬᠤ ᠭᠣᠣᠯ ᠰᠡᠳᠦᠪᠲᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠤᠷᠤᠯᠴᠠᠪᠠ᠃ ᠠᠵᠢᠯᠯᠠᠭ᠎ᠠ ᠵᠢᠨ ᠳᠤᠮᠳᠠ ᠤᠨᠢᠰᠤᠨᠤ ᠦᠢ᠍ᠯᠡᠰ᠎ᠤᠨ ᠨᠡᠢ᠌ᠭᠡᠮᠯᠢᠭ᠎ᠤᠨ ᠳᠡᠳ᠋ ᠳᠠᠷᠤᠭ᠎ᠠ ᠸᠠᠩ ᡁᠢ ᠵᠢᠨ ᠳᠠᠭ᠋ᠠᠭᠤᠯᠭ᠎ᠠ᠎ᠪᠠᠷ ᠣᠨᠴᠠᠭ᠋ᠠᠶ ᠬᠦᠴᠢᠷᠳᠡᠯᠲᠡᠢ 5 ᠭᠡᠷ ᠪᠦᠯᠢ᠎ᠳᠤ ᠲᠤᠰ ᠲᠤᠰ 2400 ᠭᠠᠷᠤᠢ ᠲᠥᠭᠥᠷᠢᠭ᠎ᠤᠨ ᠥᠷᠲᠡᠭ ᠪᠦᠬᠦᠢ ᠬᠤᠯᠠᠭ᠋ᠠᠢ᠌ᠴᠢᠠᠴᠠ ᠰᠡᠷᠬᠡᠢ᠌ᠯᠡᠬᠦ ᠤᠨᠢᠰᠤᠨᠤ ᠭᠤᠤᠯ᠎ᠢ ᠬᠤᠳᠠᠯᠳᠤᠨ ᠠᠪᠴᠤ ᠦᠭᠭᠦᠬᠡᠳ ᠡᠬᠦᠳᠡᠨ᠎ᠳᠤᠨᠢ ᠤᠬᠰᠠᠷᠠᠵᠤ ᠦᠭᠭᠦᠭᠰᠡᠨ ᠪᠠᠢ᠌ᠨ᠎ᠠ ᠤᠭᠰᠠᠷᠠᠭᠰᠠᠨ ᠪᠠᠢ᠌ᠨ᠎ᠠ᠃ ᠣᠨᠢᠰᠤ ᠪᠠᠭ᠎ᠠ ᠪᠣᠯᠪᠠᠴᠤ ᠲᠦᠭ ᠲᠦᠮᠡᠨ ᠠᠢ᠌ᠯ ᠡᠷᠦᠬᠡ ᠵᠢᠨ ᠠᠮᠤᠷ ᠲᠦᠪᠰᠢᠨ᠎ᠲᠠᠢ ᠬᠤᠯᠪᠤᠬᠳᠠᠬᠤ ᠪᠢᠯᠨ᠂ ᠡᠨᠡ ᠬᠦ᠌ ᠠᠵᠢᠯᠯᠠᠭ᠎ᠠ᠎ᠨᠢ ᠨᠡᠡᠭ ᠤᠯᠠᠨ ᠬᠣᠲᠠ ᠵᠢᠨ ᠬᠦᠮᠦᠰ᠎ᠲᠤ ᠤᠨᠢᠰᠤᠨᠤ ᠲᠤᠬᠠᠢ ᠮᠡᠳᠡᠯᠬᠡ ᠵᠢ ᠤᠢ᠌ᠯᠠᠭ᠋ᠠᠭᠤᠯᠵᠤ᠂ ᠠᠮᠤᠷ ᠲᠦᠪᠰᠢᠨ᠎ᠢ ᠪᠠᠳᠤᠯᠠᠬᠤ᠎ᠳᠤ ᠵᠤᠬᠢᠬᠤ ᠦᠢ᠍ᠯᠡᠳᠤᠯ ᠦᠵᠡᠬᠦᠯᠬᠦ᠎ᠨᠢ ᠭᠠᠷᠴᠠᠭ᠎ᠠ ᠦᠬᠡᠢ᠃ 3 ᠳ᠋ᠤᠭ᠋ᠠᠷ ᠰᠠᠷ᠎ᠠ ᠵᠢᠨ 2᠎ᠤᠨ ᠦᠳᠡ ᠵᠢᠨ ᠬᠣᠢ᠌ᠨ᠎ᠠ᠂ ᠤᠨᠢᠰᠤᠨᠤ ᠦᠢ᠍ᠯᠡᠰ ᠤᠨ ᠨᠡᠢ᠌ᠭᠡᠮᠯᠢᠭ᠎ᠤᠨ᠎ᠬᠢᠨ ᠪᠠᠰᠠ ᠤᠯᠠᠭ᠋ᠠᠨᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠥᠷᠪᠡᠳᠦᠭᠡᠷ ᠳᠤᠭᠤᠢ᠌ᠯᠠᠩ᠂ ᠭᠤᠸᠠᠩ ᠮᠢᠩ ᠨᠢᠳᠦᠨ᠎ᠤ ᠰᠢᠯ᠎ᠤᠨ ᠳᠡᠯᠭᠡᠭᠦᠷ᠂ ᠲᠢᠶᠧ ᠰᠢ ᠵᠡᠭᠡᠯᠢ ᠵᠢᠨ ᠷᠠᠰᠢᠶᠠᠨ ᠨᠡᠢ᠌ᠭᠡᠮ ᠲᠣᠭᠣᠷᠢᠭ᠎ᠲᠠᠢ ᠬᠠᠮᠲᠤᠷᠠᠨ 《ᠯᠧᠢ ᠹᠧᠩ᠎ᠠᠴᠠ ᠰᠤᠷᠤᠯᠴᠠᠵᠤ᠂ 〈3 . 8〉᠎ᠢ ᠪᠡᠯᠬᠡᠯᠡᠬᠦ》 ᠠᠵᠢᠯᠯᠠᠭ᠎ᠠ ᠦᠷᠨᠢᠬᠦᠯᠵᠤ᠂ ᠨᠠᠰᠤ ᠠᠬᠢᠬᠰᠠᠨ ᠡᠮᠡᠭᠲᠡᠢ᠌ᠴᠦᠳ᠎ᠲᠤ ᠨᠡᠢ᠌ᠳᠡ 7800 ᠲᠥᠭᠥᠷᠢᠭ᠎ᠤᠨ ᠦᠷᠳᠡᠭ ᠪᠦᠬᠦᠢ 26 ᠨᠢᠳᠦᠨ᠎ᠤ ᠰᠢᠯᠢ ᠦᠨ᠎ᠡ ᠲᠦᠯᠤᠪᠤᠷᠢ ᠦᠬᠡᠢ᠎ᠪᠠᠷ ᠦᠭᠭᠦᠭᠰᠡᠨ ᠪᠥᠭᠡᠳ ᠬᠣᠲᠠ ᠵᠢᠨ ᠠᠷᠠᠳ᠎ᠤᠨ ᠬᠠᠷᠠᠭ᠎ᠠ ᠵᠢ ᠪᠠᠢ᠌ᠴᠠᠭ᠋ᠠᠵᠤ᠂ ᠨᠢᠳᠦᠨ᠎ᠤ᠎ᠪᠠᠨ ᠡᠷᠡᠭᠦᠯ ᠮᠡᠨᠳᠦ ᠵᠢᠨ ᠪᠠᠢ᠌ᠳᠠᠯ᠎ᠢ ᠣᠨᠣᠴᠠᠲᠠᠢ ᠤᠢ᠌ᠯᠠᠭ᠋ᠠᠬᠤ ᠪᠠ ᠨᠢᠳᠦ᠎ᠪᠠᠨ ᠬᠠᠢ᠌ᠷᠠᠯᠠᠵᠤ ᠬᠠᠮᠠᠭ᠋ᠠᠯᠠᠬᠤ ᠰᠢᠨᠵᠢᠯᠡᠬᠦ ᠤᠬᠠᠭ᠋ᠠᠨᠴᠢ ᠮᠡᠳᠡᠯᠭᠡ ᠵᠢ ᠡᠵᠡᠮᠰᠢᠬᠦᠯᠪᠡ᠃
ᠬᠢᠩᠭ᠋ᠠᠨ ᠠᠢ᠌ᠮᠠᠭ᠎ᠤᠨ 《ᠰᠢᠷᠭᠤᠯᠵᠢ》 ᠬᠡᠦᠬᠡᠳ᠎ᠤᠨ ᠠᠯᠪᠠᠨ ᠵᠢᠷᠤᠮ᠎ᠤᠨ ᠠᠵᠢᠯ᠎ᠤᠨ ᠪᠦᠯᠬᠦᠮ᠎ᠤᠨ᠎ᠬᠢᠨ ᠬᠠᠵᠠᠭᠤ ᠬᠠᠪᠢ ᠵᠢᠨ ᠵᠶ᠋ᠡᠨ ᠬᠠᠮᠤᠭ᠎ᠤᠨ ᠰᠤᠳᠤᠨ 《ᠯᠸᠢ ᠹᠸᠡᠭ》᠎ᠢ ᠬᠠᠢ᠌ᠬᠤ ᠠᠵᠢᠯᠯᠠᠭ᠎ᠠ ᠦᠷᠨᠢᠬᠦᠯᠪᠡ
ᠳᠤᠮᠳᠠᠳᠤ ᠵᠢᠨ ᠤᠯᠠᠮᠵᠢᠯᠠᠯᠲᠤ ᠰᠤᠷᠲᠠᠯ᠎ᠢ ᠵᠠᠯᠭ᠋ᠠᠮᠵᠢᠯᠠᠵᠤ᠂ ᠰᠢᠨ᠎ᠡ ᠴᠠᠭ ᠦᠶ᠎ᠡ ᠵᠢᠨ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠬᠣᠢ᠌ᠨ᠎ᠠ᠂ ᠬᠢᠩᠭ᠋ᠠᠨ ᠠᠢ᠌ᠮᠠᠭ᠎ᠤᠨ 《ᠰᠢᠷᠭᠤᠯᠵᠢ》 ᠬᠡᠦᠬᠡᠳ᠎ᠤᠨ ᠠᠯᠪᠠᠨ ᠵᠢᠷᠤᠮ᠎ᠤᠨ ᠠᠵᠢᠯ᠎ᠤᠨ ᠪᠦᠯᠬᠦᠮ᠎ᠤᠨ᠎ᠬᠢᠨ ᠤᠯᠠᠭ᠋ᠠᠨᠬᠣᠲᠠ ᠵᠢᠨ ᠱᠧᠩ ᠯᠢ ᠵᠡᠭᠡᠯᠢ ᠵᠢᠨ ᠡᠪᠯᠡᠯ᠎ᠤᠨ ᠬᠤᠷᠢᠶ᠎ᠠ ᠵᠢᠨ ᠠᠵᠢᠯ᠎ᠤᠨ ᠵᠥᠪᠯᠡᠯ᠎ᠤᠨ᠎ᠬᠢᠨ᠎ᠲᠠᠢ ᠬᠠᠮᠲᠤᠷᠠᠨ᠂ 《 ᠬᠠᠵᠠᠭᠤ ᠬᠠᠪᠢ ᠵᠢᠨ ᠵᠶ᠋ᠡᠨ ᠬᠠᠮᠤᠭ᠎ᠤᠨ ᠰᠤᠳᠤᠨ 〈ᠯᠧᠢ ᠹᠧᠩ〉᠎ᠢ ᠬᠠᠢ᠌ᠬᠤ》 ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ᠃ ᠠᠵᠢᠯᠯᠠᠭ᠎ᠠ ᠵᠢᠨ ᠳᠤᠮᠳᠠ ᠬᠡᠦᠬᠡᠳ᠎ᠤᠳ ᠳᠤᠭᠤᠢ᠌ᠯᠠᠩ ᠬᠤᠪᠢᠶᠠᠵᠤ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠨᠡᠢ᠌ᠭᠡᠮ᠎ᠤᠨ ᠪᠦᠯᠬᠦᠮ᠎ᠳᠤ ᠬᠦᠷᠴᠦ 《ᠯᠧᠢ ᠹᠧᠩ》᠎ᠤᠨ ᠦᠯᠢᠭᠡᠷ᠎ᠢ ᠴᠤᠭᠯᠠᠭᠤᠯᠵᠠᠢ᠃ ᠬᠡᠤᠬᠡᠳ᠎ᠤᠳ᠎ᠤᠨ ᠬᠠᠢ᠌ᠵᠤ ᠤᠯᠤᠬᠰᠠᠨ ᠬᠠᠮᠤᠭ᠎ᠤᠨ ᠰᠤᠳᠤᠨ 《ᠯᠧᠢ ᠹᠧᠩ》᠎ᠤᠨ ᠳᠣᠲᠣᠷ᠎ᠠ ᠡᠮᠦᠨ᠎ᠡ ᠹᠷᠣᠨᠲ᠎ᠲᠤ ᠠᠵᠢᠯᠯᠠᠵᠤ ᠪᠠᠢ᠌ᠭ᠎ᠠ ᠨᠡᠢ᠌ᠭᠡᠮ ᠲᠣᠭᠣᠷᠢᠭ᠎ᠤᠨ ᠠᠵᠢᠯᠲᠠᠨ᠂ ᠤᠷᠴᠢᠨ ᠲᠤᠭᠤᠷᠢᠨ᠎ᠢ ᠴᠡᠪᠡᠷᠯᠡᠬᠦ ᠠᠵᠢᠯ᠎ᠢ ᠬᠡᠳᠤᠨ ᠠᠷᠪᠠᠨ ᠵᠢᠯ ᠵᠶ᠋ᠡᠷ ᠦᠨ᠎ᠡ ᠲᠦᠯᠤᠪᠤᠷᠢ ᠦᠬᠡᠢ ᠡᠬᠦᠷᠬᠡᠯᠡᠵᠤ ᠢᠷᠡᠭᠰᠡᠨ ᠡᠪᠦᠭᠡ᠂ ᠬᠢᠵᠢᠭ᠎ᠲᠠᠢ ᠲᠡᠮᠡᠴᠡᠬᠦ ᠬᠤᠭᠤᠴᠠᠭ᠋ᠠᠨ᠎ᠳᠤ ᠬᠠᠷᠠᠮ ᠦᠭᠡᠢ ᠵᠢᠳᠬᠦᠭᠰᠡᠨ ᠡᠮᠴᠢ ᠰᠤᠪᠢᠯᠠᠬ᠍ᠴᠢ᠂ ᠲᠠᠪᠤᠨ ᠪᠠᠲᠤᠯᠠᠭ᠋ᠠᠲᠤ ᠡᠷᠦᠬᠡ ᠵᠢᠨ ᠥᠨᠥᠴᠢᠨ ᠪᠡᠯᠪᠡᠰᠦᠨ ᠨᠠᠰᠤᠲᠠᠨ᠎ᠳᠤ ᠠᠴᠢ ᠬᠠᠷᠢᠭᠤᠯᠠᠯ ᠬᠦᠰᠡᠬᠦ ᠦᠬᠡᠢ᠎ᠪᠠᠷ ᠤᠯᠠᠨ ᠵᠢᠯ ᠬᠣᠭᠣᠯᠠ ᠤᠮᠳᠠ ᠬᠠᠡᠭᠭ᠋ᠠᠬᠰᠠᠭ᠋ᠠᠷ ᠢᠷᠡᠭᠰᠡᠨ ᠨᠡᠢ᠌ᠬᠡᠮ᠎ᠤᠨ ᠪᠦᠯᠬᠦᠮ᠎ᠤᠳ ᠪᠤᠢ ᠪᠢᠯᠨ᠃ ᠬᠠᠵᠠᠭᠤ ᠬᠠᠪᠢ ᠵᠢᠨ ᠡᠳᠡᠬᠡᠷ 《ᠯᠧᠢ ᠹᠧᠩ》᠎ᠤᠨ ᠦᠢ᠍ᠯᠨ ᠠᠵᠢᠯᠯᠠᠭ᠎ᠠ ᠪᠤᠯ ᠰᠢᠨ᠎ᠡ ᠴᠠᠭ ᠦᠶ᠎ᠡ ᠵᠢᠨ ᠰᠠᠢ᠌ᠨ ᠬᠦᠮᠦᠨ᠎ᠤ ᠰᠠᠢ᠌ᠨ ᠦᠢ᠍ᠯᠨ ᠶᠠᠪᠤᠳᠠᠯ ᠶᠤᠮ᠃ ᠲᠡᠳᠡᠨ᠎ᠤ ᠤᠯᠠ ᠮᠥᠷ᠎ᠢ ᠬᠠᠢ᠌ᠬᠰᠠᠨᠨᠢ ᠬᠡᠦᠬᠡᠳ ᠤᠨ ᠦᠰᠤᠨ ᠪᠤᠢ᠌ᠵᠢᠯᠳᠠ ᠵᠢᠨ ᠵᠠᠮ᠎ᠳᠤ᠎ᠬᠢ ᠠᠶᠠᠨᠳᠠᠭ᠋ᠠᠨ᠎ᠤ ᠬᠦᠮᠤᠵᠢᠯ ᠬᠦᠷᠳᠡᠬᠦ ᠶᠠᠪᠤᠴᠨ ᠪᠤᠯᠬᠤ᠎ᠨᠢ ᠭᠠᠷᠴᠠᠭ᠎ᠠ ᠦᠬᠡᠢ ᠪᠦᠬᠡᠳ ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ ᠵᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠬᠤ ᠵᠢᠨ ᠲᠠᠭ᠋ᠠᠤ ᠪᠠᠢ᠌ᠡᠭᠭᠤ ᠵᠢᠨ ᠠᠵᠢᠯᠯᠠᠭ᠎ᠠ ᠪᠣᠯᠭ᠋ᠠᠵᠤ᠂ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭ᠋ᠠᠴᠤᠳ᠎ᠤᠨ ᠪᠤᠰᠤᠳ᠎ᠲᠤ ᠦᠢ᠍ᠯᠡᠴᠢᠯᠡᠬᠦ᠂ ᠨᠡᠢ᠌ᠭᠡᠮ᠎ᠳᠤ ᠬᠤᠪᠢ ᠨᠡᠮᠡᠷᠢ ᠦᠵᠡᠭᠦᠯᠬᠦ ᠰᠢᠯᠢᠳᠡᠭ ᠵᠠᠩ ᠴᠢᠨᠠᠷ᠎ᠢ᠎ᠨᠢ ᠬᠥᠮᠥᠵᠢᠭᠦᠯᠬᠦ ᠪᠣᠯᠣᠨ᠎ᠠ᠃
ᠬᠢᠩᠭ᠋ᠠᠨ ᠠᠢ᠌ᠮᠠᠭ᠎ᠤᠨ ᠮᠠᠷᠠᠽᠤᠨᠤ ᠨᠡᠢ᠌ᠭᠡᠮᠯᠢᠭ᠎ᠤᠨ᠎ᠬᠢᠨ ᠬᠠᠷᠢᠯᠴᠠᠨ ᠬᠠᠪᠰᠤᠷᠤᠯᠴᠠᠵᠤ ᠪᠡᠶ᠎ᠡ᠎ᠪᠠᠨ ᠴᠢᠭᠢᠷᠠᠭᠵᠢᠭᠤᠯᠬᠤ ᠠᠵᠢᠯᠯᠠᠭ᠎ᠠ ᠵᠣᠬᠢᠶᠠᠨ ᠪᠠᠢ᠌ᠭᠤᠯᠪᠠ
ᠮᠠᠤ ᠽᠦ᠍ ᠳ᠋ᠦᠩ ᠨᠥᠬᠥᠷ᠎ᠤᠨ 《ᠯᠧᠢ ᠹᠥ᠋ᠩ ᠨᠥᠬᠥᠷ᠎ᠠᠴᠠ ᠰᠤᠷᠤᠯᠴᠠᠶ᠎ᠠ》 ᠭᠡᠬᠦ ᠪᠢᠴᠢᠭᠡᠰᠦ ᠪᠣᠯᠣᠨ 《ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠬᠦᠭᠵᠢᠬᠦᠯᠵᠤ᠂ ᠠᠷᠠᠳ ᠲᠦᠮᠡᠨ᠎ᠤ ᠪᠡᠶ᠎ᠡ ᠮᠠᠬᠠᠪᠤᠳ᠎ᠢ ᠴᠢᠬᠢᠷᠠᠬ᠍ᠵᠢᠭᠤᠯᠤᠶᠠ》 ᠭᠡᠬᠦ ᠪᠢᠴᠢᠭᠡᠰᠦ ᠪᠢᠴᠢᠵᠦ ᠥᠭᠭᠦᠭᠰᠡᠨ 60 ᠵᠢᠯ᠎ᠤᠨ ᠤᠢ ᠵᠢ ᠳᠤᠷᠠᠰᠬᠠᠬᠤ ᠲᠠᠰᠢᠷᠠᠮ ᠵᠶ᠋ᠠᠷ ᠬᠢᠩᠭ᠋ᠠᠨ ᠠᠢ᠌ᠮᠠᠭ᠎ᠤᠨ ᠮᠠᠷᠠᠽᠤᠨᠤ ᠨᠡᠢ᠌ᠭᠡᠮᠯᠢᠭ᠎ᠤᠨ᠎ᠬᠢᠨ ᠯᠸᠢ ᠹᠸᠡᠭ᠎ᠠᠴᠠ ᠰᠤᠷᠤᠯᠴᠠᠬᠤ ᠵᠤᠷᠢᠭ ᠰᠠᠨᠠᠭ᠎ᠠ ᠵᠢ ᠵᠠᠯᠭ᠋ᠠᠮᠵᠢᠯᠠᠵᠤ᠂ ᠠᠷᠠᠳ ᠤᠯᠠᠨ᠎ᠢ ᠪᠡᠶ᠎ᠡ ᠮᠠᠬᠠᠪᠤᠳ ᠵᠶ᠋ᠡᠨ ᠴᠢᠬᠢᠷᠠᠬ᠍ᠵᠢᠭᠤᠯᠬᠤ ᠬᠦᠳᠡᠯᠬᠡᠬᠡᠨ᠎ᠳᠤ ᠤᠷᠤᠯᠴᠠᠬᠤ ᠵᠢ ᠬᠦᠳᠤᠯᠬᠦ ᠵᠤᠷᠢᠯᠭ᠎ᠠ᠎ᠪᠠᠷ ᠦᠵᠡᠰᠬᠦᠯᠡᠩᠲᠦ ᠰᠠᠢ᠌ᠬᠠᠨ ᠲᠤᠭᠤᠷ᠎ᠤᠨ ᠭᠤᠤᠯ ᠴᠡᠴᠡᠷᠯᠢᠭ᠎ᠲᠤ ᠬᠤᠯᠨ ᠬᠦᠶᠤᠬᠦ ᠬᠦᠳᠡᠯᠬᠡᠬᠡᠨ ᠦᠷᠨᠢᠬᠦᠯᠪᠡ᠃ ᠬᠥᠳᠡᠯᠭᠡᠭᠡᠨ᠎ᠤ ᠳᠤᠮᠳᠠ ᠠᠬᠠᠮᠠᠳ ᠲᠠᠮᠢᠷᠴᠢᠳ ᠰᠢᠨ᠎ᠡ ᠲᠠᠮᠢᠷᠴᠢᠳ᠎ᠢ ᠨᠢᠬᠡ ᠨᠢᠬᠡ᠎ᠪᠠᠷ ᠬᠠᠯᠠᠰᠢᠷᠠᠯ ᠦᠭᠡᠢ ᠵᠢᠭ᠋ᠠᠨ ᠵᠢᠯᠤᠭᠤᠳᠴᠤ᠂ ᠬᠤᠯᠨ ᠬᠦᠶᠦᠬᠦ ᠲᠤᠮᠳᠠᠬᠢ ᠤᠯᠤᠯᠳᠠ ᠲᠦᠷᠦᠭᠳᠡᠯ ᠵᠶ᠋ᠡᠨ ᠬᠤᠪᠢᠶᠠᠯᠴᠠᠬᠰᠠᠨ ᠪᠠᠢ᠌ᠨ᠎ᠠ᠃ ᠳᠠᠷᠠᠭ᠎ᠠ᠎ᠨᠢ ᠠᠪᠤᠷᠭᠤ ᠲᠠᠮᠢᠷᠴᠢᠨ ᠤᠯᠠᠨ ᠢ ᠲᠠᠭ᠋ᠠᠭᠤᠯᠵᠤ᠂ ᠭᠦᠶᠦᠬᠦ᠎ᠠᠴᠠ ᠡᠮᠦᠨᠡᠬᠢ ᠪᠡᠯᠡᠳᠭᠡᠯ ᠬᠦᠳᠡᠯᠭᠡᠭᠡᠨ ᠬᠢᠯᠭᠡᠭᠰᠡᠨ ᠪᠦᠬᠡᠳ ᠬᠦᠶᠦᠬᠦ ᠳᠤᠮᠳᠠᠬᠢ ᠠᠩᠬᠠᠷᠬᠤ ᠵᠦᠢ᠍ᠯ᠎ᠢ ᠰᠠᠨᠠᠭᠤᠯᠪᠠ᠃ ᠴᠡᠴᠡᠷᠯᠢᠭ ᠵᠶ᠋ᠡᠷ ᠬᠦᠶᠤᠵᠤ ᠪᠠᠢ᠌ᠭ᠎ᠠ ᠲᠡᠷᠢ ᠲᠡᠭᠰᠢ ᠡᠩᠨᠡᠭᠡ ᠵᠢ ᠦᠵᠡᠬᠡᠳ ᠵᠠᠮ᠎ᠤᠨ ᠬᠦᠮᠦᠰ ᠦᠪᠡᠷ᠎ᠤᠨ ᠡ᠊ ᠷᠬᠡ ᠦᠬᠡᠢ ᠡᠡᠭᠨᠡᠬᠡᠨ᠎ᠳᠤ ᠤᠷᠤᠵᠤ ᠲᠠᠭ᠋ᠠᠵᠤ ᠬᠦᠶᠦᠬᠦ ᠪᠦᠬᠡᠳ ᠠᠬᠠᠮᠠᠳ ᠲᠠᠮᠢᠷᠴᠢᠳ ᠡᠡᠭᠨᠡᠬᠡᠨ᠎ᠳᠤ ᠤᠷᠤᠬᠰᠠᠨ ᠰᠢᠨ᠎ᠡ ᠬᠥᠮᠥᠰ᠎ᠲᠤ ᠬᠤᠯᠨ ᠬᠦᠶᠦᠬᠦ ᠲᠤᠬᠠᠢ ᠰᠠᠨᠠᠭᠤᠯᠤᠨ᠂ 《ᠡᠷᠡᠭᠦᠯ ᠡᠩᠬᠡ ᠳᠤᠮᠳᠠᠳᠤ ᠤᠯᠤᠰ》 ᠭᠡᠬᠦ ᠤᠷᠢᠶ᠎ᠠ ᠵᠢ ᠪᠤᠳᠠᠳᠤ ᠠᠵᠢᠯᠯᠠᠭ᠎ᠠ᠎ᠪᠠᠷ ᠵᠶ᠋ᠡᠨ ᠦᠢ᠍ᠯᠡᠳᠤᠯᠬᠡᠵᠢᠬᠦᠯᠵᠤ ᠪᠠᠢ᠌ᠯ᠎ᠠ᠃
ᠵᠠᠯᠠᠢ᠌ᠳ ᠬᠣᠰᠢᠭᠤᠨ᠎ᠤ ᠵᠠᠯᠠᠭᠤ ᠰᠠᠢ᠌ᠨ ᠳᠤᠷᠠᠴᠤᠤᠯ᠎ᠤᠨ ᠨᠡᠢ᠌ᠭᠡᠮᠯᠢᠭ᠎ᠤᠨ᠎ᠬᠢᠨ ᠬᠠᠢ᠌ᠷ᠎ᠠ ᠬᠠᠯᠠᠮᠵᠢ᠎ᠪᠠᠨ ᠴᠣᠭᠭ᠋ᠠᠷ ᠡᠷᠬᠦᠵᠡᠬᠡᠪᠡ
ᠦᠨᠳᠦᠰᠦᠲᠡᠨ᠎ᠨᠦᠭᠦᠳ᠎ᠤᠨ ᠪᠦᠯᠬᠦᠮᠳᠡᠯ ᠨᠢᠬᠡ ᠬᠡᠷ ᠪᠦᠯᠢ ᠵᠢᠨ᠎ᠬᠢᠨ ᠮᠡᠳᠤ ᠡᠯᠢᠬᠡᠰᠡᠭ᠂ ᠵᠣᠪᠠᠭᠤᠷᠢ ᠵᠦᠳᠡᠭᠦᠷᠢ ᠵᠢᠨ ᠡᠮᠦᠨ᠎ᠡ ᠬᠠᠢ᠌ᠷ᠎ᠠ ᠰᠡᠳᠬᠢᠯᠬᠡ ᠢᠯᠡᠷᠡᠳᠡᠭ᠃ ᠵᠠᠯᠠᠢ᠌ᠳ ᠬᠣᠰᠢᠭᠤᠨ᠎ᠤ ᠵᠠᠯᠠᠭᠤ ᠰᠠᠢ᠌ᠨ ᠳᠤᠷᠠᠴᠤᠤᠯ᠎ᠤᠨ ᠨᠡᠢ᠌ᠭᠡᠮᠯᠢᠭ᠎ᠤᠨ᠎ᠬᠢᠨ ᠰᠢᠨ᠎ᠡ ᠴᠠᠭ ᠦᠶ᠎ᠡ ᠵᠢᠨ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠡᠢ᠌ᠭᠡᠮ᠎ᠤᠨ ᠬᠠᠷᠢᠭᠤᠴᠠᠯᠭ᠎ᠠ ᠵᠢ ᠡᠬᠦᠷᠬᠡᠯᠡᠵᠤ ᠪᠠᠢ᠌ᠨ᠎ᠠ᠃ 3 ᠳ᠋ᠤᠭ᠋ᠠᠷ ᠰᠠᠷ᠎ᠠ ᠵᠢᠨ 4 ᠤ ᠦᠳᠡ ᠵᠢᠨ ᠬᠣᠢ᠌ᠨ᠎ᠠ᠂ ᠵᠠᠯᠠᠢ᠌ᠳ ᠬᠣᠰᠢᠭᠤᠨ᠎ᠤ ᠵᠠᠯᠠᠭᠤ ᠰᠠᠢ᠌ᠨ ᠳᠤᠷᠠᠴᠤᠤᠯ᠎ᠤᠨ ᠨᠡᠢ᠌ᠬᠡᠮᠯᠢᠭ᠎ᠤᠨ᠎ᠬᠢᠨ ᠭᠠᠯ᠎ᠤᠨ ᠠᠶᠤᠯ᠎ᠳᠤ ᠳᠠᠭ᠋ᠠᠷᠢᠭᠳᠠᠭᠰᠠᠨ努文木仁 ᠰᠢᠶᠠᠩ᠎ᠤᠨ ᠺᠤᠤ ᠱᠠᠨ ᠲᠤᠰᠬᠤ ᠵᠢᠨ ᠶᠠᠳᠠᠭᠤ ᠬᠦᠴᠢᠷᠳᠡᠯᠲᠡᠢ ᠨᠠᠰᠤᠲᠠᠨ᠎ᠳᠤ ᠨᠡᠢ᠌ᠬᠡᠮᠯᠢᠭ᠎ᠤᠨ ᠬᠡᠰᠢᠬᠦᠳ᠎ᠤᠨ ᠬᠠᠨᠳᠢᠪᠯᠠᠬᠰᠠᠨ 4000 ᠭᠠᠷᠤᠢ ᠲᠥᠭᠥᠷᠢᠭ ᠵᠤᠭᠤᠰ ᠪᠠ ᠭᠤᠯᠢᠷ ᠲᠤᠲᠤᠷᠭ᠎ᠠ᠂ ᠬᠤᠪᠴᠠᠰᠤ ᠬᠤᠨᠠᠷ᠂ ᠤᠬᠢᠶᠠᠯᠭ᠎ᠠ ᠵᠢᠨ ᠡᠳ᠋ ᠵᠡᠷᠭᠡ ᠠᠮᠢᠳᠤᠷᠠᠯ᠎ᠤᠨ ᠡᠳ᠋ ᠪᠣᠳᠠᠰ ᠬᠦᠷᠭᠡᠵᠡᠢ᠃ ᠡᠨᠡ ᠬᠦ᠌ ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ᠎ᠨᠢ ᠶᠠᠳᠠᠭᠤ ᠬᠦᠴᠢᠷᠳᠡᠯᠳᠡᠢ ᠨᠠᠰᠤᠲᠠᠢ᠌ᠴᠤᠳ᠎ᠤᠨ ᠬᠡᠷ᠎ᠲᠤ ᠬᠦᠷᠴᠤ ᠪᠣᠳᠠᠰ ᠪᠠ ᠣᠶᠤᠨ᠎ᠤ ᠬᠠᠯᠠᠮᠵᠢ ᠬᠦᠷᠳᠡᠬᠡᠬᠦ ᠵᠢᠨ ᠬᠠᠮᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠠᠢ᠌ᠷ᠎ᠠ ᠬᠠᠯᠠᠮᠵᠢ ᠵᠢ ᠮᠡᠳᠡᠷᠡᠬᠦᠯᠵᠤ᠂ ᠨᠡᠩ ᠣᠯᠠᠨ ᠬᠥᠮᠥᠰ᠎ᠢ ᠭᠠᠮᠰᠢᠭᠳᠠᠭᠰᠠᠨ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠬᠤ ᠲᠡᠢ᠌ᠰᠢ ᠬᠥᠲᠥᠯᠥᠨ᠂ ᠳᠤᠮᠳᠠᠳᠤ ᠵᠢᠨ ᠦᠨᠳᠦᠰᠦᠲᠡᠨ᠎ᠤ 《ᠨᠢᠭᠡ ᠠᠢ᠌ᠯ᠎ᠨᠢ ᠬᠦᠴᠢᠷᠳᠡᠪᠡᠯ ᠤᠯᠠᠭᠤᠯᠨ᠎ᠪᠠᠨ ᠲᠤᠰᠠᠯᠠᠬᠤ》 ᠤᠯᠠᠮᠵᠢᠯᠠᠯᠲᠤ ᠰᠠᠢ᠌ᠬᠠᠨ ᠰᠤᠷᠲᠠᠯ᠎ᠢ ᠤᠯᠠᠮᠵᠢᠯᠠᠨ ᠪᠠᠳᠠᠷᠠᠭᠤᠯᠤᠬᠰᠠᠨ ᠪᠠᠢ᠌ᠨ᠎ᠠ᠃