ᠤᠷᠢᠬᠠᠨ ᠮᠡᠳᠡᠭᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠶᠡᠬᠡ ᠬᠢᠴᠢᠶᠡᠯ᠎ᠤᠨ ᠲᠠᠩᠬᠢᠮ᠎ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 2023 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠢ᠌ᠨ᠎ᠠ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ᠎ᠬᠢᠨ ᠱᠠᠭ᠋ᠠᠷᠳᠠᠯᠭ᠎ᠠ ᠶᠣᠰᠣᠭ᠋ᠠᠷ ᠬᠢᠴᠢᠶᠡᠯ ᠶᠠᠷᠢᠬᠤ ᠡᠭᠦᠷᠭᠡ᠎ᠪᠠᠨ ᠪᠡᠶᠡᠯᠡᠭᠦᠯᠪᠡ᠃ 12 ᠠᠢ᠌ᠮᠠᠭ ᠬᠣᠲᠠ ᠪᠣᠯᠣᠨ ᠮᠠᠨᠵᠤᠤᠷ ᠬᠣᠲᠠ᠂ ᠡᠷᠢᠶᠡᠨ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠰᠠᠯᠠᠭ᠎ᠠ ᠲᠠᠰᠤᠭ᠎ᠤᠨ ᠠᠵᠢᠯᠲᠠᠨ ᠪᠣᠯᠣᠨ ᠲᠢᠩᠬᠢᠮ᠎ᠤᠨ ᠪᠠᠢ᠌ᠭᠤᠯᠤᠯᠭ᠎ᠠ ᠵᠢᠨ ᠡᠯ᠎ᠡ ᠭᠠᠵᠠᠷ ᠲᠠᠰᠤᠭ᠎ᠤᠨ ᠠᠵᠢᠯᠲᠠᠨ ᠣᠷᠣᠯᠴᠠᠵᠠᠢ᠃
ᠲᠣᠰ ᠤᠳᠠᠭ᠋ᠠᠨ᠎ᠤ ᠶᠡᠬᠡ ᠬᠢᠴᠢᠶᠡᠯ᠎ᠤᠨ ᠲᠠᠩᠬᠢᠮ ᠳᠡᠭᠡᠷ᠎ᠡ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ ᠭᠠᠵᠠᠷ᠎ᠤᠨ ᠳᠠᠷᠤᠭ᠎ᠠ ᠵᠠᠩ ᠲᠢᠶᠠᠨ ᠱᠦᠨ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠪᠠ᠃ ᠭᠣᠣᠯᠳᠠᠭᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠨᠢ ᠮᠠᠨ᠎ᠤ ᠣᠷᠣᠨ᠎ᠤ ᠣᠳᠤᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠠᠶᠠᠨ᠎ᠳᠤ᠎ᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠲᠠᠨᠢᠬᠤ᠂ ᠰᠢᠨ᠎ᠡ ᠬᠥᠭᠵᠢᠯᠲᠡ ᠵᠢᠨ ᠱᠠᠲᠤ ᠦᠶ᠎ᠡ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ ᠪᠠ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠤᠨ ᠭᠣᠣᠯᠳᠠᠯᠭ᠎ᠠ ᠵᠢ ᠣᠨᠣᠪᠴᠢᠲᠠᠶ ᠡᠵᠡᠮᠳᠡᠬᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠦᠢ᠍ᠯᠡᠰ᠎ᠤᠨ ᠬᠥᠭᠵᠢᠯᠲᠡ ᠵᠢ ᠰᠢᠰᠲ᠋ᠧᠮ᠎ᠲᠠᠢ ᠰᠦᠪᠡᠭᠴᠢᠯᠡᠬᠦ ᠪᠠ ᠲᠦᠯᠬᠢᠨ ᠠᠬᠢᠭᠤᠯᠬᠤ ᠵᠡᠷᠭᠡ ᠲᠠᠯ᠎ᠠ᠎ᠪᠠᠷ ᠬᠢᠴᠢᠶᠡᠯ ᠤᠷᠤᠪᠠ᠃ᠵ᠊ ᠊ᠠᠩ ᠲᠢᠶᠠᠨ ᠱᠦᠨ᠎ᠠᠴᠠ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠤᠯᠤᠰ ᠲᠥᠷᠥ ᠵᠢᠨ ᠴᠢᠳᠠᠮᠵᠢ᠂ ᠠᠵᠤ ᠠᠬᠤᠢ ᠵᠢᠨ ᠴᠢᠳᠠᠮᠵᠢ᠂ ᠨᠡᠢ᠌ᠭᠡᠮ᠎ᠤᠨ ᠴᠢᠳᠠᠮᠵᠢ᠂ ᠰᠣᠶᠣᠯ᠎ᠤᠨ ᠴᠢᠳᠠᠮᠵᠢ ᠵᠢ ᠭᠦᠢ᠍ᠴᠡᠳ ᠲᠣᠳᠣᠷᠬᠠᠢ ᠲᠠᠨᠢᠬᠤ ᠪᠣᠯ ᠪᠥᠬᠥ ᠣᠷᠣᠨ᠎ᠤ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢᠴᠢ ᠤᠯᠠᠮᠵᠢᠯᠠᠯᠲᠤ ᠰᠣᠶᠣᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢᠨ ᠪᠦᠲᠦᠮᠵᠢᠲᠡᠶ ᠠᠷᠭ᠎ᠠ ᠵᠠᠮ᠎ᠤᠨ ᠨᠢᠭᠡ ᠪᠣᠯᠣᠨ᠎ᠠ᠃ ᠰᠢᠨ᠎ᠡ ᠬᠥᠭᠵᠢᠯᠲᠡ ᠵᠢᠨ ᠱᠠᠲᠤ ᠦᠶ᠎ᠡ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠪᠣᠯᠭᠣᠮᠵᠢᠲᠠᠢ ᠪᠥᠭᠡᠳ ᠯᠠᠪᠳᠠᠭᠤᠨ ᠵᠶ᠋ᠠᠷ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠡᠭᠦᠨ᠎ᠤ ᠳᠠᠷᠠᠭ᠎ᠠ᠂ ᠴᠣᠭ ᠲᠢᠩᠬᠢᠮ᠎ᠤᠨ ᠳᠡᠳ᠋ ᠳᠠᠷᠤᠭ᠎ᠠ ᠲᠤᠪᠴᠢ ᠳ᠋ᠦᠩᠨᠡᠯᠲᠡ ᠬᠢᠪᠡ᠃ ᠴᠣᠭ ᠲᠢᠩᠬᠢᠮ᠎ᠤᠨ ᠳᠡᠳ᠋ ᠳᠠᠷᠤᠭ᠎ᠠ᠎ᠠᠴᠠ 2022 ᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠣᠯᠣᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠬᠤ ᠵᠢᠨ ᠬᠠᠮᠲᠤ ᠰᠢᠨ᠎ᠡ ᠣᠨ᠎ᠤ ᠠᠵᠢᠯ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠡᠯ᠎ᠡ ᠭᠠᠵᠠᠷ ᠲᠠᠰᠤᠭ᠎ᠤᠨ᠎ᠬᠢᠨ ᠠᠵᠢᠯ᠎ᠤᠨ ᠣᠳᠣᠬᠢ ᠪᠠᠢ᠌ᠳᠠᠯ ᠵᠶ᠋ᠠᠨ ᠣᠨᠣᠪᠴᠢᠲᠠᠶ ᠡᠵᠡᠮᠳᠡᠵᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠪᠠᠭᠤᠷᠠᠢ ᠲᠠᠯ᠎ᠠ ᠪᠠ ᠬᠦᠷᠦᠯᠴᠡᠬᠦ ᠦᠭᠡᠢ ᠲᠠᠯ᠎ᠠ᠎ᠪᠠᠨ ᠭᠦᠢ᠍ᠴᠡᠳ ᠲᠠᠨᠢᠵᠤ᠂ ᠠᠵᠢᠯ᠎ᠤᠨ ᠠᠷᠭ᠎ᠠ ᠮᠠᠶᠢᠭ᠎ᠤᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ ᠣᠷᠣᠯᠴᠠᠭᠰᠠᠳ᠎ᠠᠴᠠ᠂ ᠲᠣᠰ ᠤᠳᠠᠭ᠋ᠠᠨ᠎ᠤ ᠬᠢᠴᠢᠶᠡᠯ ᠵᠶ᠋ᠡᠷ ᠳᠡᠮᠵᠢᠨ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠲᠤᠬᠠᠢ᠌ᠯᠠᠭᠰᠠᠨ ᠠᠵᠢᠯ᠎ᠤᠨ ᠲᠤᠬᠠᠢ ᠨᠠᠩ ᠪᠥᠬᠥ ᠲᠠᠯ᠎ᠠ ᠵᠢᠨ ᠣᠢ᠌ᠯᠠᠭ᠋ᠠᠯᠲᠠ᠎ᠲᠠᠢ ᠪᠣᠯᠤᠭᠰᠠᠨ ᠪᠠᠢ᠌ᠨ᠎ᠠ ᠭᠡᠪᠡ᠃ ᠳᠡᠲᠡ ᠨᠠᠷ᠎ᠠᠴᠠ ᠬᠣᠢ᠌ᠰᠢᠳᠠ ᠵᠢᠨ ᠠᠵᠢᠯ᠎ᠤᠨ ᠳᠤᠮᠳᠠ᠎ᠪᠠᠨ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠣᠯᠣᠨ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃