ᠵᠤᠤ ᠸᠸᠢ ᠴᠤᠤ ᠮᠡᠳᠡᠬᠡᠯᠡᠪᠡ
ᠰᠡᠴᠡᠨ ᠤᠷᠴᠢᠭᠤᠯᠪᠠ
ᠥᠪᠥᠷ ᠮᠣᠩᠭᠣᠯ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠬᠦᠯᠤᠯᠳᠠ ᠵᠢᠨ ᠨᠡᠢ᠌ᠭᠡᠮᠯᠢᠭ᠎ᠤᠨ᠎ᠬᠢᠨ ᠤᠷᠴᠢᠮ᠎ᠳᠤ ᠥᠪᠥᠷ ᠮᠣᠩᠭᠣᠯ᠎ᠤᠨ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠨᠡᠢ᠌ᠭᠡᠮᠯᠢᠭ᠎ᠤᠨ᠎ᠬᠢᠨ᠎ᠲᠠᠢ ᠬᠣᠯᠪᠤᠭ᠋ᠠᠯᠠᠨ᠂ ᠤᠯᠠᠭ᠋ᠠᠨᠴᠠᠪ ᠬᠣᠲᠠ ᠵᠢᠨ ᠬᠤᠸᠠᠳ᠋ᠸ ᠰᠢᠶᠠᠨ᠎ᠳᠤ 《ᠡᠪᠡᠳᠴᠢᠨ ᠡᠮᠭᠡᠭ᠎ᠢ ᠪᠠᠢ᠌ᠴᠠᠭ᠋ᠠᠬᠤ ᠵᠤᠬᠢᠶᠠᠮᠠᠯ ᠤᠶᠤᠨᠴᠢ ᠰᠢᠰᠲ᠋ᠧᠮ᠎ᠢ ᠪᠡᠯᠡᠭᠯᠡᠬᠦ》 ᠶᠣᠰᠣᠯᠠᠯ ᠶᠠᠪᠤᠬᠳᠠᠭᠤᠯᠪᠠ᠂ ᠡᠨᠡ ᠪᠣᠯ ᠥᠪᠥᠷ ᠮᠣᠩᠭᠣᠯ᠎ᠤᠨ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠠᠢ᠌ᠭ᠎ᠠ ᠬᠤᠷᠢᠶᠠᠩᠭᠤᠢ ᠵᠢᠷᠤᠭ ᠪᠣᠯᠬᠤ ᠶᠤᠮ᠃
ᠶᠣᠰᠣᠯᠠᠯ ᠳᠡᠭᠡᠷ᠎ᠡ᠂ ᠪᠡᠯᠡᠭ᠎ᠢ ᠭᠥᠯᠢᠶᠡᠨ ᠠᠪᠤᠭᠰᠠᠨ ᠬᠤᠸᠠᠳ᠋ᠸ ᠰᠢᠶᠠᠨ᠎ᠤ ᠳᠡᠳ᠋ ᠳᠠᠷᠤᠭ᠎ᠠ ᠭᠦᠸᠧ ᠬᠣᠩ ᡁᠢ ᠶᠠᠷᠢᠭᠰᠠᠨ᠎ᠨᠢ᠂ ᠥᠪᠥᠷ ᠮᠣᠩᠭᠣᠯ᠎ᠤᠨ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠬᠦᠯᠤᠯᠳᠡ ᠵᠢᠨ ᠨᠡᠢ᠌ᠭᠡᠮᠯᠢᠭ᠂ ᠥᠪᠥᠷ ᠮᠣᠩᠭᠣᠯ᠎ᠤᠨ ᠸᠸᠢ ᠱᠤ᠌ ᠲᠣᠭ᠎ᠠ ᠪᠠᠷᠢᠮᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ ᠵᠢᠨ 《ᠲᠦᠷᠦᠯ ᠵᠦᠢ᠍ᠯ᠂ ᠰᠢᠨᠵᠢᠯᠡᠭᠡ ᠮᠡᠷᠭᠡᠵᠢᠯ》᠎ᠢ ᠬᠦᠳᠡᠬᠡ ᠪᠠᠭᠤᠯᠭ᠋ᠠᠬᠤ ᠠᠵᠢᠯᠯᠠᠭ᠎ᠠ᠎ᠨᠢ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠠᠷᠠᠳ ᠤᠯᠠᠨ᠎ᠤ ᠡᠷᠡᠭᠦᠯ ᠮᠡᠨᠳᠤ ᠵᠢᠨ ᠲᠦᠯᠤᠬᠡᠬᠢ ᠪᠤᠶᠠᠨᠰᠠᠭ ᠠᠵᠢᠯᠯᠠᠭ᠎ᠠ᠂ 《ᠡᠷᠡᠭᠦᠯ ᠡᠩᠬᠡ ᠳᠤᠮᠳᠠᠳᠤ ᠤᠯᠤᠰ᠎ᠤᠨ 2030 ᠣᠨ᠎ᠤ ᠲᠥᠯᠦᠪᠵᠢᠭᠦᠯᠭᠡ ᠵᠢᠨ ᠬᠥᠲᠥᠯᠪᠦᠷᠢ》 ᠵᠢ ᠨᠠᠢ᠌ᠳᠠᠪᠤᠷᠢᠵᠢᠭᠤᠯᠬᠤ ᠪᠣᠳᠠᠲᠠᠢ ᠦᠢ᠍ᠯᠡᠳᠦᠯᠭᠡ ᠶᠤᠮ᠂ ᠠᠷᠠᠳ ᠤᠯᠠᠨ᠎ᠤ ᠰᠠᠢ᠌ᠨ ᠦᠨᠡᠯᠡᠯᠲᠡ ᠵᠢ ᠤᠯᠵᠤ ᠪᠠᠢ᠌ᠨ᠎ᠠ᠃
ᠮᠡᠷᠭᠡᠵᠢᠯ᠎ᠤᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠲᠣᠰ ᠤᠳᠠᠭ᠋ᠠᠨ᠎ᠤ ᠪᠡᠯᠡᠭᠯᠡᠨ ᠬᠦᠷᠭᠡᠭᠰᠡᠨ 《ᠡᠪᠡᠳᠴᠢᠨ ᠡᠮᠭᠡᠭ᠎ᠢ ᠪᠠᠢ᠌ᠴᠠᠭ᠋ᠠᠬᠤ ᠵᠤᠬᠢᠶᠠᠮᠠᠯ ᠤᠶᠤᠨᠴᠢ ᠰᠢᠰᠲᠸᠮ》᠎ᠨᠢ ᠲᠣᠮᠣ ᠳ᠋ᠠᠢ᠌ᠲ᠋ᠠ ᠵᠢᠨ ᠬᠡᠷᠡᠭᠯᠡᠭᠡᠨ᠎ᠤ ᠴᠢᠬᠤᠯᠠ ᠶᠡᠬᠡ ᠦᠷ᠎ᠡ ᠪᠦᠲᠦᠭᠡᠯ ᠮᠥᠨ᠂ ᠵᠣᠬᠢᠶᠠᠮᠠᠯ ᠤᠶᠤᠨᠴᠢ ᠵᠠᠳᠠᠯᠤᠯᠲᠠ᠎ᠪᠠᠷ ᠳᠡᠮᠵᠢᠨ ᠡᠪᠡᠳᠴᠢᠨ ᠡᠮᠭᠡᠭ᠎ᠢ ᠡᠷᠲᠡ ᠮᠡᠳᠡᠵᠤ ᠰᠡᠷᠡᠮᠵᠢᠯᠡᠬᠦᠯᠬᠦ ᠪᠣᠯᠣᠨ᠎ᠠ᠂ ᠢᠯᠠᠩᠭᠤᠶ᠎ᠠ 《ᠪᠷᠦ᠋ᠼᠧᠯ ᠡᠪᠡᠳᠴᠢᠨ》᠎ᠢ ᠣᠶᠤᠨᠴᠢ᠎ᠪᠠᠷ ᠢᠯᠭ᠋ᠠᠨ ᠲᠠᠨᠢᠬᠤ ᠣᠨᠣᠪᠴᠢ ᠵᠢᠨ ᠬᠡᠮᠵᠢᠶ᠎ᠡ 92.08%᠎ᠳᠤ ᠬᠦᠷᠴᠦ᠂ ᠡᠪᠡᠳᠴᠢᠲᠡᠨ᠎ᠤ ᠴᠢᠰᠤᠨ᠎ᠤ ᠶᠡᠷᠤᠳᠡ ᠵᠢᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ᠎ᠪᠠᠷ ᠳᠠᠮᠵᠢᠭᠤᠯᠤᠨ ᠢᠯᠭ᠋ᠠᠨ ᠲᠠᠨᠢᠵᠤ ᠰᠡᠷᠡᠮᠵᠢᠯᠡᠭᠦᠯᠵᠦ ᠲᠡᠢ᠌ᠯᠤᠨᠡ᠂ ᠡᠨᠡ᠎ᠨᠢ ᠡᠪᠡᠳᠴᠢᠨ ᠡᠮᠭᠡᠭ᠎ᠢ ᠡᠷᠲᠡ ᠮᠡᠳᠡᠵᠤ᠂ ᠡᠷᠲᠡ ᠵᠠᠰᠠᠬᠤ᠎ᠳᠤ ᠲᠤᠰᠠᠲᠠᠢ ᠶᠤᠮ᠃
ᠶᠣᠰᠣᠯᠠᠯ᠎ᠤᠨ ᠲᠠᠷᠠᠭ᠎ᠠ ᠬᠤᠸᠠᠳ᠋ᠸ ᠰᠢᠶᠠᠨ᠎ᠤ ᠵᠠᠰᠠᠭ᠎ᠤᠨ ᠣᠷᠳᠣᠨ᠎ᠤ᠎ᠬᠢᠨ 《ᠰᠢᠨᠵᠢᠯᠡᠭᠡ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠠᠵᠢᠯ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠵᠤ᠂ ᠬᠤᠸᠠᠳ᠋ᠸ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠬᠠᠮᠠᠭ᠋ᠠᠯᠠᠯ᠎ᠤᠨ ᠲᠣᠪᠴᠢᠶ᠎ᠠ᠂ ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠡᠷᠭᠡ 8 ᠨᠢᠬᠡᠴᠢ ᠵᠢᠨ᠎ᠬᠢᠨ ᠬᠤᠷᠠᠯ᠎ᠳᠤ ᠣᠷᠣᠯᠴᠠᠭᠰᠠᠨ ᠪᠥᠭᠡᠳ ᠬᠦᠴᠢᠷᠳᠡᠯᠲᠡᠢ ᠰᠤᠷᠤᠭᠴᠢᠳ᠎ᠢ ᠲᠡᠳᠬᠦᠬᠦ᠂ ᠴᠠᠬᠢᠯᠭ᠋ᠠᠨ᠎ᠢ ᠠᠶᠤᠯ ᠦᠬᠡᠢ ᠬᠡᠷᠡᠭᠯᠡᠬᠦ ᠪᠠ ᠡᠮ ᠡᠮᠨᠡᠯᠭᠡ ᠰᠤᠪᠢᠯᠠᠯᠲᠠ ᠵᠡᠷᠭᠡ ᠲᠦᠷᠦᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠤᠸᠠᠳ᠋ᠸ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠢᠳᠡᠪᠬᠢᠲᠡᠢ ᠦᠢ᠍ᠯᠡᠳᠦᠯ ᠦᠵᠡᠭᠦᠯᠵᠡᠢ᠃