ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠪᠠᠶ᠋ᠢᠭᠤᠯᠬᠤ᠎ᠪᠠᠷ ᠭᠤᠶᠤᠴᠢᠯᠠᠬᠤ᠎ᠳᠤ ᠶᠠᠮᠠᠷ ᠰᠠᠯᠠᠭ᠎ᠠ ᠮᠥᠴᠢᠷ᠎ᠲᠤ ᠪᠦᠷᠢᠳᠬᠡᠭᠦᠯᠵᠦ ᠳᠠᠩᠰᠠᠯᠠᠭᠤᠯᠬᠤ ᠪᠣᠶ?
ᠨᠡᠶᠢᠲᠡᠯᠡᠭᠰᠡᠨ ᠴᠠᠭ᠄ 2023-04-21

                 ᠵᠢᠨ ᠮᠢᠶᠤᠤ   ᠴᠧᠨ ᠮᠧᠢ ᠷᠦᠩ ᠤᠷᠴᠢᠭᠤᠯᠪᠠ
  《ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠬᠣᠶᠠᠳᠤᠭ᠋ᠠᠷ ᠪᠦᠯᠦᠭ᠎ᠲᠤ ᠳᠠᠩᠰᠠᠯᠠᠭᠤᠯᠤᠨ ᠭᠦᠢ᠍ᠴᠡᠳᠬᠡᠬᠦ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃ ᠡᠭᠦᠨ᠎ᠳᠤ ᠶᠢᠰᠦᠳᠦᠭᠡᠷ ᠵᠦᠢ᠍ᠯ᠎ᠳᠤ᠄ 《ᠠᠰᠢᠭ ᠬᠣᠨᠵᠢᠪᠣᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠪᠠᠶ᠋ᠢᠭᠤᠯᠬᠤ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠠᠨᠭ᠌ᠰᠠᠯᠠᠯᠳᠠ ᠬᠢᠯᠭᠡᠬᠦ ᠬᠡᠷᠡᠭᠲᠡᠶ᠃ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠪᠠᠶ᠋ᠢᠭᠤᠯᠬᠤ᠎ᠳᠤ ᠵᠣᠬᠢᠴᠠᠩᠭᠤᠶ ᠲᠠᠨᠭ᠌ᠰᠠᠯᠠᠯᠳᠠ ᠬᠢᠯᠭᠡᠬᠦ ᠬᠡᠷᠡᠭᠲᠡᠶ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠳᠠᠩᠰᠠᠯᠠᠭᠤᠯᠤᠭᠰᠠᠨ᠎ᠤ ᠲᠠᠷᠠᠭ᠎ᠠ ᠳᠠᠷᠤᠶ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ ᠪᠣᠯᠤᠨ᠎ᠠ》 ᠭᠡᠵᠦ ᠲᠣᠭᠲᠠᠭ᠋ᠠᠵᠠᠶ᠃ ᠠᠷᠪᠠᠳᠤᠭ᠋ᠠᠷ ᠵᠦᠢ᠍ᠯ᠎ᠳᠤ᠄ 《ᠠᠰᠢᠭ ᠬᠣᠨᠵᠢᠪᠣᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠳᠠᠩᠰᠠᠯᠠᠭᠤᠯᠬᠤ᠎ᠳᠤ᠎ᠪᠠᠨ ᠨᠠᠰᠤᠲᠠᠶ᠋ᠢᠴᠤᠳ᠎ᠢ ᠬᠦᠯᠢᠶᠡᠨ ᠠᠪᠤᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠦᠢ᠍ᠯᠡᠴᠢᠯᠡᠭᠡᠨ᠎ᠤ ᠲᠠᠯᠠᠪᠤᠷ ᠭᠠᠵᠠᠷ᠎ᠤᠨ ᠪᠠᠶ᠋ᠢᠭ᠎ᠠ ᠬᠤᠰᠢᠭᠤ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠠᠰᠢᠭ ᠬᠣᠨᠵᠢᠪᠣᠷᠢ ᠵᠢᠨ ᠪᠤᠰᠤ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠳᠠᠩᠰᠠᠯᠠᠭᠤᠯᠬᠤ᠎ᠳᠤ᠎ᠪᠠᠨ ᠨᠠᠰᠤᠲᠠᠶ᠋ᠢᠴᠤᠳ᠎ᠢ ᠬᠦᠯᠢᠶᠡᠨ ᠠᠪᠤᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠲᠠᠨᠭ᠌ᠰᠠᠯᠠᠨ ᠬᠠᠮᠢᠶᠠᠷᠬᠤ ᠪᠠᠶ᠋ᠢᠭᠤᠯᠭ᠎ᠠ ᠵᠢᠨ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠲᠤᠷᠠᠳᠤᠯᠭ᠎ᠠ ᠭᠠᠷᠭ᠋ᠠᠬᠤ ᠬᠡᠷᠡᠭᠲᠡᠶ》 ᠭᠡᠵᠦ ᠲᠣᠭᠲᠠᠭ᠋ᠠᠵᠠᠶ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠬᠢᠬᠦ᠎ᠳᠤ ᠰᠤᠷᠤᠯᠭ᠎ᠠ ᠵᠢᠨ ᠨᠠᠮᠲᠠᠷ᠎ᠤᠨ ᠲᠠᠯ᠎ᠠ᠎ᠪᠠᠷ ᠱᠠᠭ᠋ᠠᠷᠳᠠᠯᠭ᠎ᠠ᠎ᠲᠠᠢ ᠤᠤ?
《ᠳᠥᠷᠪᠡ ᠵᠢ ᠳᠡᠭᠡᠭᠰᠢᠯᠡᠭᠦᠯᠬᠦ》 ᠵᠢ ᠦᠢ᠍ᠯᠡᠳᠦᠯᠭᠡᠵᠢᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠪᠡ
ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠎ᠬᠢᠨ ᠤᠯᠠᠭ᠋ᠠᠨᠴᠠᠪ ᠬᠣᠲᠠ ᠎ᠳᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ
ᠱᠠᠨ ᠰᠢ ᠮᠤᠵᠢ ᠪᠤᠯᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠦᠬᠡᠬᠤᠲᠠ᠎ᠳᠤ ᠬᠤᠷᠠᠯᠳᠤᠪᠠ
ᠢᠨᠢᠶᠡᠮᠰᠦᠭᠯᠡᠵᠤ ᠶᠠᠪᠤᠶ᠎ᠠ᠂ ᠶᠢᠷᠳᠢᠨᠴᠦ ᠪᠠᠶᠠᠰᠤᠭ
 
            